ᠬᠢᠩᠭᠠᠨ ᠠᠶᠢᠮᠠᠭ ᠤᠨ ᠦᠨᠳᠦᠰᠦᠲᠡᠨ ᠤ ᠵᠥᠪᠯᠡᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠡᠷᠬᠢᠯᠡᠭᠴᠢ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ 2023 ᠣᠨ ᠤ ᠪᠥᠬᠦ ᠵᠢᠯ ᠤᠨ ᠠᠵᠢᠯ ᠢᠶᠠᠨ ᠭᠦᠨᠵᠡᠭᠡᠶ ᠰᠤᠳᠤᠯᠪᠠ
ᠨᠡᠶᠢᠲᠡᠯᠡᠭᠰᠡᠨ ᠴᠠᠭ᠄
2023/2/17
      2 ᠳ᠋ᠤᠭᠠᠷ ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠦᠨᠳᠦᠰᠦᠲᠡᠨ ᠤ ᠵᠥᠪᠯᠡᠯ ᠬᠤᠷᠠᠯ ᠬᠤᠷᠠᠯᠳᠤᠵᠤ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠡᠷᠬᠢᠯᠡᠭᠴᠢ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ 2023 ᠣᠨ ᠤ ᠠᠵᠢᠯ ᠢᠶᠠᠨ ᠰᠤᠳᠤᠯᠤᠨ ᠶᠠᠷᠢᠯᠴᠠᠪᠠ᠃       ᠬᠤᠷᠠᠯ ᠳᠡᠭᠡᠷ᠎ᠡ᠂ ᠤᠯᠠᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠨᠥᠬᠦᠷ ᠤᠨ ᠶᠠᠷᠢᠶᠠᠨ ᠤ ᠵᠣᠷᠢᠭ ᠰᠠᠨᠠᠭᠠᠨ ᠤ ᠲᠣᠭᠤᠷᠢᠨ ᠳᠤ ᠨᠠᠷᠢᠨ ᠬᠢᠨᠠᠮᠠᠭᠠᠢ ᠰᠤᠷᠤᠯᠴᠠᠨ ᠶᠠᠷᠢᠯᠴᠠᠪᠠ᠃ ᠣᠯᠠᠨ ᠢᠶᠠᠷ ᠢᠶᠠᠨ᠂ ᠭᠤᠤ ᠵᠠᠨ ᠱᠧᠩ ᠨᠥᠬᠦᠷ ᠤᠨ ᠶᠠᠷᠢᠶ᠎ᠠ ᠨᠢ ᠤᠯᠤᠰ ᠲᠥᠷᠥ ᠶᠢᠨ ᠵᠣᠭᠰᠣᠴᠠ ᠪᠠᠷ ᠥᠨᠳᠥᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠲᠤᠮᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠵᠥᠪᠯᠡᠯ ᠤᠨ ᠡᠯ᠎ᠡ ᠲᠦᠷᠦᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠰᠡᠳᠬᠢᠴᠡ ᠨᠢ ᠲᠣᠳᠣᠷᠬᠠᠶ᠂ ᠠᠵᠢᠯ ᠤᠨ ᠠᠷᠭ᠎ᠠ ᠬᠡᠮᠵᠢᠶ᠎ᠡ ᠨᠢ ᠪᠣᠳᠠᠲᠠᠶ ᠶᠢ ᠡᠷᠬᠢᠮᠯᠡᠵᠦ᠂ 2023 ᠣᠨ ᠤ ᠦᠨᠳᠦᠰᠦᠲᠡᠨ ᠤ ᠠᠵᠢᠯ ᠢ ᠰᠠᠶᠢᠲᠤᠷ ᠠᠳᠬᠤᠬᠤ ᠳᠤ ᠮᠠᠰᠢ ᠬᠦᠨᠵᠡᠬᠡᠢ ᠵᠢᠯᠣᠭᠤᠳᠬᠤ ᠦᠶᠯᠡᠳᠦᠯ ᠲᠠᠢ ᠭᠡᠪᠡ᠃       ᠬᠤᠷᠠᠯ ᠠᠴᠠ᠂ ᠬᠢᠩᠭᠠᠨ ᠠᠶᠢᠮᠠᠭ ᠤᠨ ᠦᠨᠳᠦᠰᠦᠲᠡᠨ ᠤ ᠵᠥᠪᠯᠡᠯ ᠤᠨ ᠬᠢᠨ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠡᠷᠬᠢᠯᠡᠭᠴᠢᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠵᠢᠱᠢᠶ᠎ᠡ ᠦᠵᠡᠭᠦᠯᠬᠦ ᠠᠶᠢᠮᠠᠭ ᠤᠨ ᠪᠥᠲᠥᠭᠡᠨ ᠪᠠᠶᠢᠭᠤᠯᠤᠯᠳᠠ ᠪᠠᠷ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠥᠲᠥᠯᠥᠨ ᠳᠠᠶᠢᠴᠢᠯᠠᠬᠤ ᠬᠡᠷᠡᠭᠲᠡᠶ᠃ ︽34568︾ ᠦᠶᠯᠡᠳᠦᠯᠭᠡ ᠶᠢᠨ ᠠᠵᠢᠯ ᠤᠨ ᠠᠷᠭ᠎ᠠ ᠵᠠᠮ ᠢ ᠲᠣᠭᠲᠠᠭᠠᠵᠤ᠂ ᠭᠤᠷᠪᠠᠨ ᠲᠦᠷᠦᠯ ᠤᠨ ᠦᠷ᠎ᠡ ᠪᠦᠲᠦᠭᠡᠯ᠂ ᠲᠤᠬᠠᠶᠢᠯᠠᠪᠠᠯ᠄ ᠦᠶᠯᠡᠳᠦᠯᠭᠡ ᠶᠢᠨ ᠦᠷ᠎ᠡ ᠪᠦᠲᠦᠭᠡᠯ᠂ ᠲᠦᠷᠢᠮ ᠤᠨ ᠦᠷ᠎ᠡ ᠪᠦᠲᠦᠭᠡᠯ᠂ ᠣᠨᠣᠯ ᠤᠨ ᠦᠷ᠎ᠡ ᠪᠦᠲᠦᠭᠡᠯ ᠢ ᠢᠯᠡᠷᠡᠭᠦᠯᠵᠦ᠂ ︽ᠭᠤᠷᠪᠠᠨ ᠲᠦᠷᠦᠯ ᠤᠨ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ︽ᠳᠥᠷᠪᠡᠨ ᠲᠦᠷᠦᠯ ᠤᠨ ᠱᠠᠭᠠᠷᠳᠠᠯᠭ᠎ᠠ︾ ᠶᠢ ᠪᠣᠳᠠᠲᠠᠶ ᠠᠳᠬᠤᠵᠤ᠂ ︽ᠲᠠᠪᠤᠨ ᠲᠦᠷᠦᠯ ᠤᠨ ᠠᠵᠢᠯᠯᠠᠭ᠎ᠠ︾ ᠶᠢ ᠪᠣᠳᠠᠲᠠᠶ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠣᠷᠣᠭᠤᠯᠬᠤ︾ ᠶᠢ ᠪᠣᠳᠠᠲᠠᠶ ᠬᠢᠵᠦ᠂ ︽ᠨᠠᠶᠮᠠ ᠶᠢ ᠠᠬᠢᠭᠤᠯᠬᠤ ᠶᠢ ᠡᠭᠦᠳᠦᠨ ᠪᠠᠶᠢᠭᠤᠯᠬᠤ︾ ᠶᠢ ᠪᠠᠲᠤᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ  ᠤ ᠠᠵᠢᠯ ᠤᠨ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠃ ︽ᠤᠷᠢᠳ ᠢᠶᠠᠷ ᠬᠦᠴᠦᠯᠡᠵᠦ᠂ ᠰᠠᠶᠢᠲᠤᠷ ᠳᠠᠭᠠᠭᠤᠯᠬᠤ︾ ᠡᠭᠦᠷᠭᠡ ᠶᠢ ᠡᠷᠡᠰ ᠴᠢᠩᠭ᠎ᠠ ᠡᠭᠦᠷᠭᠡᠯᠡᠵᠦ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠬᠡ ᠪᠠᠷ ᠨᠠᠶᠢᠳᠠᠪᠤᠷᠢᠳᠠᠢ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠬᠦ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠤᠳᠠᠳᠠᠢ ᠲᠦᠷᠦᠭᠳᠡᠯ ᠲᠠᠢ ᠪᠦᠳᠦᠮᠵᠢᠳᠠᠢ ᠰᠠᠶᠢᠳᠤᠷ ᠬᠢᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠢᠩᠭᠠᠨ ᠠᠶᠢᠮᠠᠭ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ 
ᠢᠷᠡᠯᠲᠡ᠄ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ