ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ ᠬᠤᠲᠠ  ᠶᠢᠨ ᠦᠨᠳᠤᠰᠤᠳᠠᠨ ᠤ ᠵᠥᠪᠯᠡᠯ ᠳᠤ ᠬᠦᠷᠴᠦ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/20
      ᠣᠶᠢᠷ᠎ᠠ ᠳᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ ᠬᠤᠲᠠ ᠶᠢᠨ ᠦᠨᠳᠤᠰᠤᠳᠠᠨ ᠤ ᠵᠥᠪᠯᠡᠯ ᠳᠤ ᠬᠦᠷᠴᠦ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠵᠤ᠂ ᠺᠠᠳ᠋ᠷ ᠠᠵᠢᠯᠲᠠᠨ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠰᠠᠯᠠᠭ᠎ᠠ ᠲᠠᠰᠤᠭ᠂ ᠵᠥᠪᠯᠡᠯ ᠤᠨ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ 2023 ᠣᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠢᠮᠠᠭᠲᠠ ᠳᠤᠭᠤᠰᠢᠯᠠᠭᠤᠯᠵᠦ᠂ ᠦᠨᠳᠦᠰᠦᠲᠡᠨ ᠤ ᠠᠵᠢᠯ ᠤᠨ ᠡᠯ᠎ᠡ ᠲᠠᠯ᠎ᠠ ᠳᠤ ᠰᠢᠩᠭᠡᠭᠡᠵᠦ᠂ ᠡᠯ᠎ᠡ ᠵᠦᠢᠯ ᠤᠨ ᠠᠵᠢᠯ ᠳᠤ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠬᠦᠭ ᠠᠶᠠᠰ  ᠢ ᠢᠯᠡᠷᠡᠭᠦᠯᠦᠨ ᠳᠤᠳᠤᠷᠠᠭᠤᠯᠵᠦ᠂ ᠬᠠᠷᠠᠯᠲᠠ ᠳᠤ ᠪᠠᠨ ᠴᠢᠭᠯᠡᠬᠦᠯᠵᠦ᠂ ᠪᠣᠳᠠᠲᠠᠶ ᠳᠤ ᠪᠠᠨ ᠰᠠᠭᠤᠷᠢᠯᠠᠵᠦ᠂ ᠳᠤᠳᠠᠭᠤᠳᠠᠯ ᠢᠶᠠᠨ ᠡᠷᠢᠵᠦ᠂ ᠰᠡᠳᠬᠢᠯ ᠳᠠᠯᠪᠢᠨ ᠬᠦᠴᠦᠯᠡᠵᠦ᠂ ᠬᠠᠶᠢᠷ᠎ᠠ ᠰᠡᠳᠬᠢᠯ ᠲᠠᠢ ᠪᠠᠷ ᠲᠦᠷᠢᠮᠵᠢᠬᠦᠯᠬᠦ ᠰᠢᠰᠲ᠋ᠧᠮᠵᠢᠬᠦᠯᠬᠦ ᠠᠵᠢᠯ ᠢ ᠭᠦᠨᠵᠡᠭᠡᠶ ᠪᠣᠳᠠᠲᠠᠶ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ  ᠢ ᠵᠢᠷᠤᠮᠯᠠᠬᠤ ᠳᠦᠷᠢᠮ ᠲᠠᠢ᠂ ᠳᠠᠭᠠᠬᠤ ᠬᠠᠤᠯᠢ ᠳᠤᠭᠳᠠᠭᠠᠯ ᠲᠠᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠦᠨᠡᠨ ᠬᠦ ᠰᠡᠳᠬᠢᠯ ᠵᠢᠷᠦᠬᠡᠨ ᠳᠤ ᠨᠢ ᠬᠠᠳᠠᠩᠰᠢᠭᠤᠯᠵᠤ᠂ ᠴᠢᠰᠦ ᠮᠢᠬᠠᠨ ᠳᠤ ᠨᠢ ᠠᠭᠤᠰᠬᠠᠵᠦ᠂ ᠰᠦᠭ ᠰᠦᠨᠡᠰᠦᠨ ᠳᠤ ᠨᠢ ᠰᠢᠩᠭᠡᠭᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠪᠦᠬᠦ ᠤᠯᠤᠰ  ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠬᠤ ᠬᠡᠷᠡᠭᠲᠡᠶ᠃ ︽ᠳᠤᠮᠳᠠᠳᠤ ᠶᠢᠨ ᠦᠨᠳᠦᠰᠦᠲᠡᠨ ᠨᠢᠭᠡᠨ ᠭᠡᠷ ᠪᠦᠯᠢ ᠶᠢᠨ ᠬᠢᠨ ᠮᠡᠳᠤ ᠳᠣᠲᠣᠨᠣ ᠪᠠᠶᠢᠵᠦ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ  ᠳᠡᠷᠭᠡᠯᠰᠢᠬᠦᠯᠦᠶ᠎ᠠ︾ ᠭᠡᠬᠦ ᠶᠡᠷᠦᠩᠬᠡᠢ ᠬᠠᠷᠠᠯᠲᠠ  ᠶᠢᠨ ᠲᠣᠭᠤᠷᠢᠨ ᠳᠤ᠂ ᠤᠬᠠᠭᠤᠯᠭ᠎ᠠ ᠬᠥᠮᠦᠵᠢᠯ ᠤᠨ ᠲᠠᠯ᠎ᠠ ᠪᠠᠷ ᠴᠢᠭᠯᠡᠯᠲᠦ ᠴᠢᠨᠠᠷ ᠢ ᠳᠤᠪᠤᠶᠢᠯᠭᠠᠵᠦ᠂ ᠬᠠᠮᠤᠷᠬᠤ ᠭᠡᠪᠴᠢᠶ᠎ᠠ ᠶᠢ ᠥᠷᠭᠡᠳᠬᠡᠵᠦ᠂ ᠦᠷ᠎ᠡ ᠪᠦᠳᠦᠮᠵᠢᠳᠦ ᠴᠢᠨᠠᠷ ᠢ ᠴᠢᠩᠭᠠᠳᠬᠠᠵᠤ᠂ ᠨᠢᠳᠤᠨ ᠳᠤ ᠦᠵᠡᠭᠳᠡᠵᠦ ᠭᠠᠷ ᠲᠤ ᠪᠠᠷᠢᠭᠳᠠᠬᠤ ᠠᠵᠢᠯ ᠢ ᠬᠢᠬᠦ ᠮᠥᠷᠲᠡᠭᠡᠨ ᠪᠠᠰᠠ ᠶᠡᠭᠡ ᠬᠡᠪᠴᠢᠶᠡᠨ ᠤ ︽ᠨᠠᠮᠢᠷᠠᠭ᠎ᠠ ᠬᠤᠷ᠎ᠠ ᠪᠠᠷ ᠤᠮᠳᠠᠯᠠᠬᠤ︾ ᠠᠵᠢᠯ ᠢ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ ᠬᠡᠷᠡᠭᠲᠡᠢ᠃ ᠤᠯᠤᠰ ᠤᠨ ᠦᠨᠳᠦᠰᠦᠲᠡᠨ ᠤ ᠠᠵᠢᠯ ᠤᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠭᠡᠷᠡᠭᠳᠡᠢ᠃ ᠠᠷᠪᠠᠳᠤᠭᠠᠷ ᠬᠤᠭᠤᠴᠠᠭᠠᠨ  ᠤ ᠪᠥᠬᠦ ᠣᠷᠣᠨ ᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠴᠢᠷᠮᠠᠶᠢᠨ ᠰᠠᠶᠢᠲᠤᠷ ᠡᠷᠭᠢᠯᠡᠵᠦ᠂ ᠤᠯᠠᠭᠠᠨᠴᠠᠪ ᠢᠶᠠᠨ ᠤᠬᠠᠭᠤᠯᠵᠤ᠂ ᠪᠦᠯᠬᠦᠮᠳᠡᠨ ᠲᠡᠮᠡᠴᠡᠭᠰᠡᠨ ᠤᠯᠠᠭᠠᠨᠴᠠᠪ ᠬᠤᠲᠠ ᠶᠢᠨ ᠳᠦᠷᠢ ᠲᠥᠷᠬᠦ ᠪᠠ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃          
ᠢᠷᠡᠯᠲᠡ᠄ ᠤᠯᠠᠭᠠᠨᠴᠠᠪ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ