ᠭᠤᠸ ᠷᠦᠨ ᠰᠢ ᠪᠦᠯᠬᠦᠮ ᠳᠠᠭᠠᠭᠤᠯᠤᠨ ᠤᠯᠤᠰ ᠤᠨ ᠦᠨᠳᠦᠰᠦᠲᠡᠨ ᠤ ᠵᠥᠪᠯᠡᠯ ᠳᠤ ᠬᠦᠷᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠵᠦᠪᠳᠡᠨ ᠲᠤᠬᠢᠷᠠᠯᠴᠠᠪᠠ
ᠨᠡᠶᠢᠲᠡᠯᠡᠭᠰᠡᠨ ᠴᠠᠭ᠄
2023/2/24
      2 ᠳ᠋ᠤᠭᠠᠷ ᠰᠠᠷ᠎ᠠ ᠶᠢᠨ 14 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠪᠦᠯᠬᠦᠮ ᠳᠠᠭᠠᠭᠤᠯᠤᠨ ᠤᠯᠤᠰ ᠤᠨ ᠦᠨᠳᠦᠰᠦᠲᠡᠨ ᠤ ᠵᠥᠪᠯᠡᠯ ᠳᠤ ᠬᠦᠷᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ︽ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠬᠦ ᠵᠡᠷᠭᠡ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠤᠯᠤᠰ ᠤᠨ ᠦᠨᠳᠦᠰᠦᠲᠡᠨ ᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠤ ᠬᠠᠷᠢᠭᠤ ᠮᠡᠳᠡᠭᠦᠯᠦᠯᠲᠡ ᠬᠢᠵᠦ ᠰᠠᠨᠠᠯ ᠢᠶᠠᠨ ᠰᠣᠯᠢᠯᠴᠠᠵᠤ᠂ ᠲᠡᠳᠡᠨ ᠤ ᠵᠢᠯᠣᠭᠤᠳᠤᠯᠭ᠎ᠠ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠪᠠ᠃      ᠭᠤᠤ ᠷᠦᠨ ᠰᠢ᠂ ᠬᠦᠯᠦᠨ ᠪᠥᠢᠷ ᠬᠤᠲᠠ 2018 ᠣᠨ ᠳᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠪᠠᠷ ᠨᠡᠷᠡᠶᠢᠳᠦᠭᠳᠡᠭᠰᠡᠨ ᠠᠴᠠ ᠨᠠᠭᠠᠰᠢ᠂ ᠬᠥᠯᠥᠨ ᠪᠤᠶᠢᠷ ᠬᠤᠳᠠ ᠶᠢᠨ ᠬᠢᠨ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠦᠷᠭᠦᠯᠵᠢᠯᠡᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠬᠡᠪᠴᠢᠶ᠎ᠡ ᠪᠠᠨ ᠥᠷᠭᠡᠳᠬᠡᠵᠦ᠂ ᠡᠯ᠎ᠡ ᠲᠦᠷᠦᠯ ᠤᠨ ᠦᠨᠳᠦᠰᠦᠨ ᠱᠠᠲᠤᠨ ᠤ ᠨᠢᠭᠡᠴᠢ ᠪᠠᠷ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠡᠯ᠎ᠡ ᠲᠦᠷᠦᠯ ᠤᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠢᠳᠡᠪᠬᠢᠲᠡᠢ ᠰᠣᠩᠭᠤᠨ ᠬᠦᠮᠦᠵᠢᠭᠦᠯᠵᠦ᠂ ᠡᠭᠦᠳᠦᠨ ᠪᠠᠶᠢᠭᠤᠯᠬᠤ ᠠᠵᠢᠯ ᠢ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠪᠠ᠃ ᠡᠨᠡ ᠵᠢᠯ ᠪᠣᠯ ᠰᠢᠨ᠎ᠡ ᠨᠢᠭᠡ ᠡᠭᠡᠯᠵᠢ ᠶᠢᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠵᠠᠩᠭᠢᠯᠠᠭ᠎ᠠ ᠶᠢᠨ ᠱᠠᠲᠤ ᠦᠶ᠎ᠡ ᠮᠥᠨ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠬᠥᠯᠥᠨ ᠪᠤᠶᠢᠷ ᠬᠤᠲᠠ ᠲᠥᠷᠥ ᠶᠢᠨ ᠪᠣᠳᠣᠯᠭ᠎ᠠ ᠶᠢ ᠣᠶᠢᠯᠠᠭᠠᠨ ᠡᠵᠡᠮᠳᠡᠬᠦ᠂ ᠲᠤᠷᠰᠢᠯᠭ᠎ᠠ ᠪᠠᠨ ᠳ᠋ᠦᠩᠨᠡᠵᠦ ᠠᠷᠭ᠎ᠠ ᠪᠠᠷᠢᠯ ᠢ ᠰᠦᠪᠡᠭᠴᠢᠯᠡᠬᠦ᠂ ᠣᠨᠴᠠᠯᠢᠭᠲᠤ ᠨᠠᠷᠠᠲᠤ ᠲᠡᠮᠳᠡᠭ ᠢ ᠪᠣᠶ ᠪᠣᠯᠭᠠᠬᠤ ᠵᠡᠷᠭᠡ ᠲᠠᠯ᠎ᠠ ᠪᠠᠷ ᠪᠠᠰᠠ ᠮᠠᠰᠢ ᠶᠡᠭᠡ ᠳᠡᠭᠡᠭᠰᠢᠯᠡᠭᠦᠯᠬᠦ ᠣᠷᠣᠨ ᠵᠠᠢ ᠲᠠᠢ ᠶᠤᠮ᠃ ᠳᠠᠷᠠᠭᠠᠴᠢ ᠶᠢᠨ ᠠᠯᠬᠤᠮ ᠳᠤ᠂ ᠬᠥᠯᠥᠨ ᠪᠤᠶᠢᠷ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠤᠨ ᠲᠤᠭᠤᠷᠢᠨ ᠳᠤ ᠨᠢᠭᠲᠠᠷᠠᠵᠤ᠂ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠨᠡᠶᠢᠭᠡᠮ ᠡᠶ᠎ᠡ ᠵᠣᠬᠢᠴᠠᠩᠭᠤᠢ ᠲᠣᠭᠲᠠᠭᠤᠨ᠂ ᠠᠮᠢ ᠠᠬᠤᠢ ᠶᠡᠷᠦᠩᠬᠡᠢ ᠳᠤ ᠪᠠᠨ ᠰᠠᠶᠢᠵᠢᠷᠠᠭᠰᠠᠨ᠂ ᠬᠢᠯᠢ ᠶᠢᠨ ᠬᠠᠮᠠᠭᠠᠯᠠᠯᠲᠠ ᠠᠮᠤᠷ ᠲᠣᠭᠲᠠᠭᠤᠨ ᠪᠠᠲᠤ ᠪᠠᠬᠢ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠎ᠡ ᠭᠡᠪᠡ᠃      ᠤᠯᠤᠰ ᠤᠨ ᠦᠨᠳᠦᠰᠦᠲᠡᠨ ᠤ ᠵᠥᠪᠯᠡᠯ ᠬᠥᠯᠥᠨ ᠪᠤᠶᠢᠷ ᠬᠤᠳᠠ ᠶᠢᠨ ᠣᠶᠢᠷ᠎ᠠ ᠶᠢᠨ ᠵᠢᠯ ᠤᠨ ᠦᠷᠨᠢᠭᠦᠯᠦᠭᠰᠡᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ  ᠤᠨ ᠠᠮᠵᠢᠯᠲᠠ ᠶᠢ ᠨᠤᠲᠠᠯᠠᠬᠤ ᠶᠢᠨ ᠬᠠᠮᠲᠤ᠂ ᠬᠤᠯᠪᠣᠭᠳᠠᠯ ᠪᠦᠬᠦᠢ ᠠᠵᠢᠯ ᠳᠤ ᠰᠠᠨᠠᠯ ᠰᠠᠨᠠᠭᠤᠯᠭ᠎ᠠ ᠳᠤᠷᠠᠳᠴᠤ᠂ ᠬᠥᠯᠥᠨ ᠪᠤᠶᠢᠷ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠡᠷᠡᠭᠦᠯ ᠢᠶᠠᠷ ᠭᠦᠨᠵᠡᠭᠡᠶᠢᠷᠡᠨ ᠬᠥᠭᠵᠢᠬᠦ ᠶᠢ ᠴᠠᠭᠠᠰᠢᠲᠠ ᠠᠬᠢᠭᠤᠯᠵᠤ᠂ ᠲᠤᠰ ᠤᠳᠠᠭᠠᠨ ᠤ ᠵᠦᠪᠳᠡᠨ ᠲᠤᠬᠢᠷᠠᠯᠴᠠᠭᠰᠠᠨ‌ᠠᠵᠢᠯ ᠢᠳᠡᠪᠬᠢᠲᠡᠢ ᠦᠷ᠎ᠡ ᠪᠦᠲᠦᠭᠡᠯ ᠣᠯᠪᠠ᠃      ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦᠢ ᠬᠦᠢ ᠾᠧ᠂ ᠬᠤᠳᠠ ᠶᠢᠨ ᠦᠨᠳᠦᠰᠦᠲᠡᠨ ᠤ ᠵᠥᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠵᠦᠪᠳᠡᠨ ᠲᠤᠬᠢᠷᠠᠯᠴᠠᠬᠤ ᠠᠵᠢᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ