ᠬᠥᠬᠡᠬᠤᠲᠠ᠄ ᠦᠨᠳᠦᠰᠦᠲᠡᠨ ᠨᠦᠭᠦᠳ ᠪᠦᠯᠬᠦᠮᠳᠡᠨ ᠨᠢᠬᠡ ᠬᠡᠷ ᠪᠦᠯᠢ ᠶᠢᠨ ᠬᠢᠨ ᠮᠡᠳᠦ ᠲᠤᠳᠤᠨᠤ ᠪᠠᠷ ᠪᠠᠶᠠᠷᠯᠠᠯᠳᠤᠨ ᠨᠠᠶᠢᠷᠯᠠᠯᠳᠤᠵᠤ ᠰᠢᠨ᠎ᠠ ᠵᠢᠯ ᠢᠶᠠᠨ ᠪᠡᠯᠬᠡᠯᠡᠪᠠ
ᠨᠡᠶᠢᠲᠡᠯᠡᠭᠰᠡᠨ ᠴᠠᠭ᠄
2023/2/3
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠪᠠᠶᠠᠷ ᠪᠠᠶᠠᠰᠤᠯ ᠲᠠᠢ᠂ ᠥᠯᠵᠡᠶ ᠪᠡᠯᠭᠡ ᠲᠠᠢ᠂ ᠪᠦᠯᠬᠦᠮᠳᠡᠯ ᠲᠠᠢ᠂ ᠬᠦᠷ ᠨᠠᠷᠬᠢᠶᠡᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠡᠯ᠎ᠡ ᠭᠠᠵᠠᠷ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠵᠤ᠂ ︽ᠦᠨᠳᠦᠰᠦᠳᠡᠨ ᠨᠦᠭᠦᠳ ᠪᠦᠯᠬᠦᠮᠳᠡᠨ ᠨᠢᠬᠡ ᠬᠡᠷ ᠪᠦᠯᠢ ᠶᠢᠨ ᠬᠢᠨ ᠮᠡᠳᠦ ᠲᠤᠳᠤᠨᠤ ᠪᠠᠶᠢᠵᠤ᠂ ᠪᠠᠶᠠᠷᠲᠤ ᠴᠠᠭᠠᠨ ᠰᠠᠷ᠎ᠠ ᠪᠠᠨ ᠬᠠᠮᠲᠤ ᠪᠠᠷ ᠤᠭᠲᠤᠬᠤ︾ ᠪᠠᠷ ᠭᠤᠤᠯ ᠰᠡᠳᠦᠪ ᠪᠣᠯᠭᠠᠵᠤ᠂ ᠬᠠᠶᠢᠷ᠎ᠠ ᠬᠠᠯᠠᠮᠵᠢ ᠬᠦᠷᠭᠡᠬᠦ᠂ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠬᠦ᠂ ᠴᠠᠭᠠᠨ ᠰᠠᠷ᠎ᠠ ᠶᠢᠨ ᠵᠢᠷᠤᠭ ᠵᠢᠷᠤᠬᠤ᠂ ᠴᠣᠩᠬᠤᠨ ᠤ ᠬᠠᠶᠢᠴᠢᠯᠠᠮᠡᠯ ᠬᠠᠶᠢᠴᠢᠯᠠᠬᠤ ᠵᠡᠷᠭᠡ ᠤᠯᠠᠮᠵᠢᠯᠠᠯᠲᠤ ᠰᠣᠶᠣᠯ ᠤᠨ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ ᠭᠦᠨ ᠵᠤᠵᠠᠭᠠᠨ ᠴᠠᠭᠠᠨ ᠰᠠᠷ᠎ᠠ ᠶᠢᠨ ᠠᠭᠤᠷ ᠠᠮᠢᠰᠬᠤᠯ ᠲᠠᠢ ᠴᠣᠭᠴᠠᠯᠠᠨ ᠪᠠᠶᠢᠭᠤᠯᠪᠠ᠃
呼和浩特市:民族团结一家亲 其乐融融庆新春1.png
      ᠬᠠᠳᠤᠨ ᠭᠤᠣᠯ ᠤᠨ ᠬᠥᠪᠡᠭᠡᠨ ᠳᠤ ᠪᠠᠶᠢᠷᠢᠯᠠᠵᠤ ᠪᠠᠶᠢᠭ᠎ᠠ ᠴᠢᠩ ᠱᠦᠢ ᠾᠧ ᠰᠢᠶᠠᠨ᠂ ᠲᠣᠭᠲᠠᠬᠤ ᠰᠢᠶᠠᠨ ᠨᠢ ᠴᠠᠭᠠᠨ ᠰᠠᠷ᠎ᠠ ᠶᠢᠨ ᠬᠤᠭᠤᠴᠠᠭᠠᠨ ᠳᠤ ᠲᠤᠰ ᠲᠤᠰ ︽ᠵᠢᠤ ᠴᠢᠦᠢ ᠳ᠋ᠧᠩ ᠤᠨ ᠵᠢᠭᠰᠠᠭᠠᠯ︾ ᠤᠨ ᠵᠠᠩ ᠦᠢᠯᠡ ᠶᠢᠨ ᠨᠠᠭᠠᠳᠤᠮ ᠤᠨ ᠠᠵᠢᠯᠯᠠᠭ᠎ᠠ ᠪᠣᠯᠤᠨ ︽ᠪᠢᠳᠡᠨ ᠤ ᠪᠠᠶᠠᠷ ᠤᠨ ᠡᠳᠦᠷ — ᠵᠢᠦᠢ ᠴᠢᠦᠢ ᠳ᠋ᠧᠩ ᠢᠶᠠᠷ ᠵᠤᠭᠠᠴᠠᠬᠤ᠂ ᠳ᠋ᠧᠩᠯᠦ ᠰᠤᠨᠢᠷᠬᠠᠬᠤ᠂ ᠣᠨᠢᠰᠤᠭ᠎ᠠ ᠲᠠᠭᠠᠬᠤ᠂ ᠭᠤᠯᠢᠷ ᠪᠠᠷᠢᠮᠠᠯ ᠱᠤᠭᠤᠬᠤ᠂ ᠲᠤᠰᠬᠤᠨ ᠤ ᠨᠠᠶᠢᠷ ᠨᠠᠭᠠᠳᠤᠮ ᠤᠨ ᠦᠵᠡᠭᠦᠯᠭᠡ︾ ᠵᠡᠷᠭᠡ ᠤᠨᠴᠠᠯᠢᠬᠳᠤ ᠠᠵᠢᠯᠯᠠᠭ᠎ᠠ ᠥᠷᠨᠢᠭᠦᠯᠪᠡ︔ ᠢᠤᠢ ᠴᠢᠤᠸᠠᠨ ᠲᠣᠭᠤᠷᠢᠭ ᠤᠨ ᠰᠠᠢ ᠱᠠᠩ ᠬᠠᠭᠤᠴᠢᠨ ᠵᠡᠭᠡᠯᠢ ᠳᠤ ︽ᠪᠢᠳᠡᠨ ᠤ ᠪᠠᠶᠠᠷ ᠤᠨ ᠡᠳᠦᠷ · ᠴᠠᠭᠠᠨᠰᠠᠷ᠎ᠠ — ᠰᠢᠨ᠎ᠠ ᠵᠢᠯ ᠤᠨ ᠵᠦᠩᠨᠡᠯ ᠳᠡᠪᠰᠢᠬᠦᠯᠵᠦ ᠪᠣᠯᠪᠠᠰᠤᠨ ᠢᠶᠠᠷ ᠰᠢᠨᠡᠯᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠰᠤᠶᠤᠯ ᠤᠷᠠᠯᠢᠭ ᠤᠨ ᠲᠣᠭᠯᠠᠯᠲᠠ ᠭᠠᠷᠭᠠᠬᠤ᠂ ᠬᠤᠣᠰ ᠤᠶᠠᠩᠭ᠎ᠠ ᠬᠦᠷᠭᠡᠬᠦ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠳᠤ ᠬᠠᠶᠢᠷ᠎ᠠ ᠬᠠᠯᠠᠮᠵᠢ ᠬᠦᠷᠭᠡᠪᠡ︔ ᠬᠤᠲᠣᠩ ᠠᠷᠠᠳ ᠤᠨ ᠲᠣᠭᠤᠷᠢᠭ ᠤᠨ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠪᠢᠴᠢᠬᠠᠨ ᠪᠠᠯᠭᠠᠰᠤ ᠲᠠᠪᠤᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠳᠤᠮᠳᠠᠳᠤ ᠤᠯᠤᠰ ᠤᠨ ᠰᠢᠨ᠎ᠡ ᠵᠢᠯ ᠵᠢᠴᠢ ︽ᠪᠠᠶᠠᠷ ᠪᠠᠶᠠᠰᠤᠯᠳᠤ ᠳᠤᠮᠳᠠᠳᠤ ᠶᠢᠨ ᠰᠢᠨ᠎ᠡ ᠵᠢᠯ · ᠵᠤᠯ ᠵᠢᠷᠭᠠᠯᠳᠤ ᠬᠦᠬᠡᠬᠤᠳᠠ︾ — ᠠᠯᠲᠠᠨ ᠲᠠᠤᠯᠠᠢ ᠨᠠᠷᠭᠢᠶᠠᠨᠲᠤ ᠰᠢᠨ᠎ᠡ ᠵᠢᠯ᠂ ᠥᠯᠵᠡᠢ ᠪᠡᠯᠭᠡᠳᠡᠯ ᠲᠠᠢ ᠰᠠᠷ᠎ᠠ ᠰᠢᠨ᠎ᠡ ᠭᠡᠬᠦ ᠴᠠᠭᠠᠨ ᠰᠠᠷ᠎ᠠ ᠶᠢᠨ ᠤᠯᠠᠨ ᠲᠦᠮᠡᠨ ᠤ ᠰᠣᠶᠣᠯ ᠤᠨ ᠰᠢᠷᠢᠰ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠵᠦ᠂ ᠥᠷᠭᠡᠨ ᠤᠯᠠᠨ ᠵᠤᠭᠠᠴᠠᠭᠰᠠᠳ ᠲᠤ ᠤᠯᠠᠮᠵᠢᠯᠠᠯᠲᠤ ᠰᠣᠶᠣᠯ ᠢᠶᠠᠷ ᠤᠮᠳᠠᠯᠠᠭᠳᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠵᠠᠩ ᠦᠢᠯᠠ ᠶᠢᠨ ᠷᠢᠳᠢ ᠰᠢᠳᠢ ᠶᠢ ᠮᠡᠳᠡᠷᠡᠭᠦᠯᠪᠡ︔ ᠲᠦᠮᠡᠳ ᠵᠡᠭᠦᠨ ᠬᠤᠰᠢᠭᠤ ︽ᠪᠤᠶᠠᠨᠲᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠡᠯᠡᠭᠯᠡᠬᠦ︾᠂ ︽ᠭᠤᠯᠢᠷ ᠪᠠᠷᠢᠮᠠᠯ ᠤᠨ ᠤᠷᠤᠯᠳᠤᠭᠠᠨ︾ ᠵᠡᠷᠭᠡ ᠵᠠᠩ ᠦᠢᠯᠡ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠷ ᠤᠨ ᠡᠳᠦᠷ ᠤᠨ ᠲᠤᠬᠠᠢ ᠣᠶᠢᠯᠠᠭᠠᠯᠲᠠ ᠶᠢ ᠪᠠᠶᠠᠯᠢᠭᠵᠢᠭᠤᠯᠵᠤ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠬᠤ︾ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃       ᠴᠠᠭᠠᠨ ᠰᠠᠷ᠎ᠠ ᠶᠢᠨ ᠮᠡᠨᠳᠦᠴᠢᠯᠡᠯ ᠪᠠ ᠵᠥᠩᠨᠡᠯ ᠢ ᠴᠠᠭ ᠲᠤᠬᠠᠶ ᠳᠤ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠦᠷᠭᠡᠬᠦ ᠶᠢᠨ ᠲᠥᠯᠥᠭᠡ᠂ ᠬᠥᠬᠡᠬᠤᠲᠠ ᠶᠢᠨ ᠡᠯ᠎ᠡ ᠭᠠᠵᠠᠷ ᠣᠷᠣᠨ ᠲᠣᠰ ᠲᠣᠰ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠢᠨ ᠮᠡᠳᠦ ᠲᠤᠳᠤᠨᠤ ᠪᠠᠶᠢᠵᠤ᠂ ᠴᠠᠭᠠᠨ ᠰᠠᠷ᠎ᠠ ᠪᠠᠨ ᠤᠭᠲᠤᠨ ᠣᠯᠠᠨ ᠲᠦᠮᠡᠨ ᠢ ᠲᠣᠬᠤᠨᠢᠭᠤᠯᠬᠤ︾᠂ ︽ᠬᠠᠶᠢᠷ᠎ᠠ ᠬᠠᠯᠠᠮᠵᠢ ᠡᠷᠡᠭᠦᠯ ᠮᠡᠨᠳᠦ ᠶᠢᠨ ᠪᠤᠭᠤᠳᠠᠯ · ᠦᠨᠳᠦᠰᠦᠲᠡᠨ ᠤ ᠪᠦᠯᠬᠦᠮᠳᠡᠯ ᠤᠨ ᠰᠤᠷᠪᠤᠯᠵᠢᠯᠠᠭ᠎ᠠ︾ ᠵᠡᠷᠭᠡ ᠠᠵᠢᠯᠯᠠᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠶ ᠣᠯᠠᠨ ᠨᠡᠶᠢᠲᠡ ᠳᠤ ᠡᠷᠡᠭᠦᠯ ᠮᠡᠨᠳᠦ ᠬᠠᠶᠢᠷ᠎ᠠ ᠬᠠᠯᠠᠮᠵᠢ ᠶᠢᠨ ᠪᠣᠭᠤᠳᠠᠯ ᠬᠦᠷᠭᠡᠵᠦ᠂ ᠦᠨᠳᠦᠰᠦᠨᠱᠠᠲᠤᠨ ᠤ ᠡᠮᠦᠨ᠎ᠡ ᠹᠷᠣᠨᠲ ᠤᠨ ᠠᠵᠢᠯᠲᠠᠨ᠂ ᠶᠠᠳᠠᠭᠤ ᠬᠦᠴᠢᠷᠳᠡᠯᠲᠡᠶ ᠨᠠᠮ ᠤᠨ ᠭᠡᠰᠢᠭᠦᠨ ᠳᠤ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠦᠴᠦᠬᠡᠨ ᠬᠠᠶᠢᠷ᠎ᠠ ᠬᠠᠯᠠᠮᠵᠢ ᠨᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠤᠭᠰᠠᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠪᠣᠳᠠᠲᠠᠶ ᠮᠡᠳᠡᠷᠡᠭᠦᠯᠪᠡ᠃
呼和浩特市:民族团结一家亲 其乐融融庆新春2.jpg
      ᠡᠭᠦᠨ ᠤ ᠬᠠᠮᠲᠤ ᠡᠯ᠎ᠡ ᠭᠠᠵᠠᠷ ᠣᠷᠣᠨ ᠳ᠋ᠢᠭᠢᠲᠴᠢᠯᠡᠭᠰᠡᠨ ᠡᠬᠢ ᠪᠠᠶᠠᠯᠢᠭ ᠪᠣᠯᠣᠨ ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠵᠤ᠂ ᠰᠢᠨ᠎ᠠ ᠵᠢᠯ  ᠢᠶᠠᠨ ᠤᠭᠲᠤᠬᠤ ᠰᠦᠯᠵᠢᠶᠡᠨ ᠳᠡᠭᠡᠷᠡᠬᠢ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠤᠯᠠᠨ ᠲᠦᠮᠡᠨ ᠰᠦᠯᠵᠢᠶᠡᠨ ᠳᠡᠭᠡᠷ᠎ᠡ ᠴᠠᠭᠠᠨ ᠰᠠᠷ᠎ᠠ ᠪᠠᠷ ᠪᠠᠶᠠᠰᠤᠯᠴᠠᠪᠠ᠃ ᠬᠤᠷᠢᠨᠭᠡᠷ ᠰᠢᠶᠠᠨ ᠪᠣᠯᠤᠨ ᠬᠠᠶᠢᠨᠠᠨ ᠮᠤᠵᠢ ᠶᠢᠨ ᠸᠠᠨ ᠨᠢᠩ ᠬᠤᠲᠠ ᠰᠦᠯᠵᠢᠶᠡᠨ ᠳᠡᠭᠡᠷ᠎ᠡ ᠰᠢᠭᠤᠳ ᠨᠡᠪᠳᠡᠷᠡᠬᠦᠯᠬᠡ ᠪᠠᠷ ᠬᠠᠷᠢᠯᠴᠠᠨ ᠬᠤᠯᠪᠣᠯᠳᠣᠬᠤ ᠬᠡᠯᠪᠡᠷᠢ ᠪᠠᠷ ︽ᠴᠠᠭᠠᠨ ᠰᠠᠷ᠎ᠠ ᠳᠤ ᠦᠨᠳᠦᠰᠦᠨ ᠱᠠᠲᠤᠨ ᠳᠤ ᠭᠦᠨᠵᠡᠭᠡᠶᠢᠷᠡᠬᠦ︾ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠤ ᠣᠯᠠᠨ ᠲᠦᠮᠡᠨ ᠢ ᠳᠠᠶᠢᠴᠢᠯᠡᠨ ᠰᠢᠭᠤᠳ ᠨᠡᠪᠳᠡᠷᠡᠬᠦᠯᠬᠡ ᠪᠠᠷ ᠡᠮᠦᠨ᠎ᠡ ᠤᠮᠠᠷ᠎ᠠ ᠬᠤᠶᠠᠷ ᠤᠷᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠨᠡᠯᠡᠬᠦ ᠵᠠᠩ ᠳᠠᠳᠬᠠᠯ ᠢ ᠰᠣᠨᠢᠷᠬᠠᠭᠤᠯᠵᠤ᠂ ᠬᠤᠶᠠᠷ ᠤᠷᠤᠨ ᠤ ᠤᠨᠴᠠᠯᠢᠭᠳᠤ ᠠᠮᠳᠠᠳᠤ ᠢᠳᠡᠬᠡᠨ ᠢ ᠲᠠᠨᠢᠯᠴᠠᠭᠤᠯᠵᠤ᠂ ᠲᠤᠮᠳᠠᠳᠤ ᠶᠢᠨ ᠤᠯᠠᠮᠵᠢᠯᠠᠯᠳᠤ ᠪᠠᠶᠠᠷ ᠤᠨ ᠡᠳᠦᠷ ᠢᠶᠠᠨ ᠬᠠᠮᠳᠤ ᠪᠠᠷ ᠪᠡᠯᠬᠡᠯᠡᠨ ᠠᠷᠠᠳ ᠤᠯᠠᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠪᠠ︔ ᠦᠴᠤᠸᠠᠨ ᠰᠢᠶᠠᠨ ᠤ ᠤᠯᠠᠭᠠᠨᠮᠥ᠋ᠴᠢᠷ ︽ᠪᠢᠳᠡᠨ ᠤ ᠪᠠᠶᠠᠷ ᠤᠨᠡᠳᠦᠷ · ᠴᠠᠭᠠᠨ ᠰᠠᠷ᠎ᠠ — ᠰᠢᠨ᠎ᠠ ᠵᠢᠯ ᠢᠶᠠᠨ ᠤᠭᠳᠤᠵᠤ ᠬᠠᠶᠢᠷ᠎ᠠ ᠬᠠᠯᠠᠮᠵᠢ ᠬᠦᠷᠭᠡᠬᠦ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠰᠣᠶᠣᠯ ᠤᠷᠠᠯᠢᠭ ᠤᠨ ᠲᠣᠭᠯᠠᠯᠲᠠ ᠭᠠᠷᠭᠠᠵᠤ᠂ ᠤᠯᠠᠮᠵᠢᠯᠠᠯᠲᠤ ᠪᠠᠶᠠᠷ ᠤᠨ ᠡᠳᠦᠷ ᠪᠣᠯᠤᠨ ᠰᠢᠨ᠎ᠡ ᠬᠡᠪ ᠵᠠᠩᠰᠢᠯ ᠢ ᠬᠠᠷᠢᠯᠴᠠᠨ ᠤᠶᠠᠯᠳᠤᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠪᠠ︔ ᠢᠤᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠴᠠᠭᠠᠨ ᠰᠠᠷ᠎ᠠ ᠵᠢᠴᠢ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠳᠤ ᠡᠳᠦᠷ ᠤᠨ ᠪᠠᠶᠠᠷ ᠤᠨ ᠬᠤᠭᠤᠴᠠᠭᠠᠨ ᠳᠤ ᠰᠦᠯᠵᠢᠶᠡᠨ ᠳᠡᠭᠡᠷᠡᠬᠢ ᠱᠠᠩᠨᠠᠯᠳᠤ ᠠᠰᠠᠭᠤᠯᠲᠠ ᠬᠠᠷᠢᠭᠤᠯᠲᠠ ᠵᠡᠷᠭᠡ ᠠᠵᠢᠯᠯᠠᠭ᠎ᠠ ᠥᠷᠨᠢᠭᠦᠯᠵᠦ᠂ ︽ᠡᠬᠦᠯᠡᠨ ᠰᠢᠨᠡᠯᠡᠯᠳᠡ︾ ᠨᠢ ᠵᠥᠩᠨᠡᠯ ᠢᠶᠠᠨ ᠢᠯᠡᠳᠬᠡᠬᠦ᠂ ᠴᠠᠭᠠᠨ ᠰᠠᠷ᠎ᠠ ᠪᠠᠨ ᠥᠩᠭᠡᠷᠡᠭᠦᠯᠬᠦ᠂ ᠰᠣᠶᠣᠯ ᠢᠶᠠᠨ ᠤᠯᠠᠮᠵᠢᠯᠠᠬᠤ ᠰᠢᠨ᠎ᠡ ᠤᠷᠤᠰᠬᠠᠯ᠂ ᠰᠢᠨ᠎ᠡ ᠠᠷᠭ᠎ᠠ ᠬᠡᠯᠪᠡᠷᠢ ᠪᠤᠯᠪᠠ᠃       ᠰᠢᠨ᠎ᠡ ᠬᠤᠳᠠ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︽ᠤᠷᠠᠨ ᠪᠢᠴᠢᠯᠭᠡ ᠶᠢᠨ ︿ᠪᠤᠶᠠᠨ﹀ ᠦᠰᠦᠭ ᠬᠦᠷᠭᠡᠵᠦ᠂ ᠰᠢᠨ᠎ᠠ ᠵᠢᠯ ᠢᠶᠠᠨ ᠤᠭᠲᠤᠬᠤ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠲᠤ ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ︔ ᠰᠠᠶᠢᠬᠠᠨᠲᠣᠭᠤᠷᠢᠭ ᠤᠨ ᠠᠨᠠᠷ ᠤᠨ ᠦᠷ᠎ᠡ ᠰᠠᠶᠢᠨ ᠳᠤᠷ᠎ᠠ ᠶᠢᠨ ᠦᠶᠯᠡᠴᠢᠯᠡᠭᠡᠨ ᠤ ᠳᠤᠭᠤᠶᠢᠯᠠᠩ ︽ᠪᠠᠭᠠᠴᠤᠳ ᠬᠦᠴᠦᠷᠬᠡᠭᠵᠢᠪᠡᠯ ᠤᠯᠤᠰᠬᠦᠴᠦᠷᠬᠡᠭᠵᠢᠨ᠎ᠠ · ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠶ᠎ᠠ︾ ᠭᠡᠬᠦ ᠭᠤᠤᠯ ᠰᠡᠳᠦᠪᠲᠦ ᠰᠣᠶᠣᠯ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠳᠠᠭᠤᠤ ᠪᠥᠵᠢᠭ ᠢᠶᠠᠷ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠶ ᠮᠡᠳᠡᠷᠡᠮᠵᠢ ᠶᠢ ᠨᠡᠮᠡᠭᠳᠡᠭᠦᠯᠪᠡ︔ ᠬᠤᠲᠠ ᠶᠢᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠪᠣᠯᠬᠤ ᠶᠦᠩ ᠲᠠᠢ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠴᠠᠭᠠᠨ ᠰᠠᠷ᠎ᠠ ᠶᠢᠨ ᠰᠣᠶᠣᠯ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠰᠠᠭᠤᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠡᠷᠭᠡᠳᠡᠬᠢ ᠦᠯᠢᠭᠡᠷ ᠢᠶᠠᠨ ᠶᠠᠷᠢᠯᠴᠠᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠰᠣᠨᠣᠰᠬᠠᠯ ᠢ ᠬᠠᠮᠲᠤ ᠪᠠᠷ ᠬᠦᠦᠷᠨᠢᠪᠡ︔ ᠲᠤᠭᠳᠠᠬᠤ ᠰᠢᠶᠡᠨ ᠤ ᠨᠠᠨ ᠫᠢᠡᠭ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠥᠲᠥᠭᠡᠨ ᠪᠠᠶᠢᠭᠤᠯᠬᠤ ︽ᠪᠢᠳᠡᠨ ᠤ ᠪᠠᠶᠠᠷ ᠤᠨᠡᠳᠦᠷ · ᠴᠠᠭᠠᠨ ᠰᠠᠷ᠎ᠠ︾ ᠬᠡᠷ ᠤᠨ ᠰᠤᠷᠲᠠᠯ ᠭᠡᠷ ᠤᠨ ᠰᠤᠷᠭᠠᠯ ᠤᠨ ᠲᠤᠬᠠᠢ ᠥᠯᠢᠭᠡᠷ ᠢᠶᠠᠨ ᠬᠤᠪᠢᠶᠠᠯᠴᠠᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠬᠡᠷ ᠪᠦᠯᠢ︾ ᠶᠢᠨ ᠲᠥᠯᠥᠭᠡᠯᠡᠭᠴᠢ ᠶᠢ ᠤᠷᠢᠵᠤ ᠨᠡᠶᠢᠭᠡᠮ ᠲᠣᠭᠤᠷᠢᠭ ᠤᠨ ᠬᠡᠦᠬᠡᠳ ᠤᠳ ᠲᠤ ᠬᠡᠷ ᠤᠨ ᠰᠤᠷᠲᠠᠯ ᠤᠨ ᠲᠤᠬᠠᠢ ᠥᠯᠢᠭᠡᠷ ᠢ ᠶᠠᠷᠢᠭᠤᠯᠵᠤ᠂ ᠲᠡᠳᠡᠨ ᠤ ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠤᠷᠲᠠᠯ ᠢᠶᠠᠨ ᠪᠠᠳᠠᠷᠠᠭᠤᠯᠬᠤ ᠶᠢ ᠬᠥᠲᠥᠯᠥᠨ ᠵᠢᠯᠣᠭᠤᠳᠪᠠ᠃ 
呼和浩特市:民族团结一家亲 其乐融融庆新春3.jpg
      ᠦᠨᠳᠦᠰᠦᠳᠡᠨ ᠨᠦᠭᠦᠳ ᠪᠦᠯᠬᠦᠮᠳᠡᠨ ᠨᠢᠬᠡ ᠬᠡᠷ ᠪᠦᠯᠢ ᠶᠢᠨ ᠬᠢᠨ ᠮᠡᠳᠦ ᠲᠤᠳᠤᠨᠤ ᠪᠠᠶᠢᠵᠤ᠂ ᠪᠠᠶᠠᠷᠲᠤ ᠴᠠᠭᠠᠨ ᠰᠠᠷ᠎ᠠ ᠪᠠᠨ ᠤᠭᠳᠤᠪᠠ᠃ ᠴᠠᠭᠠᠨᠰᠠᠷ᠎ᠠ ᠶᠢᠨ ᠦᠨᠦᠷ ᠠᠮᠲᠠ ᠳᠡᠬᠦᠰ ᠲᠡᠭᠦᠯᠳᠡᠷ ᠤᠯᠠᠮᠵᠢᠯᠠᠯᠲᠤ ᠰᠣᠶᠣᠯ ᠤᠨ ᠰᠢᠷᠢᠰ ᠠᠵᠢᠯᠯᠠᠭ᠎ᠠ ᠨᠢ ᠡᠪ ᠪᠦᠯᠬᠦᠮᠳᠡᠯ ᠲᠠᠢ᠂ ᠡᠰᠡᠨ ᠠᠮᠤᠭᠤᠯᠠᠩ ᠪᠠᠶᠠᠷ ᠤᠨᠡᠳᠦᠷ ᠤᠨ ᠠᠭᠤᠷ ᠠᠮᠢᠰᠬᠤᠯ ᠢᠶᠠᠷ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠰᠤᠶᠤᠯ ᠤᠨ ᠮᠡᠳᠡᠷᠡᠮᠵᠢ ᠶᠢ ᠨᠢ ᠨᠡᠮᠡᠭᠳᠡᠭᠦᠯᠵᠦ᠂ ᠴᠠᠭᠠᠨ ᠰᠠᠷ᠎ᠠ ᠶᠢᠨ ᠵᠠᠩ ᠦᠶᠯᠡ ᠪᠠᠷ ᠳᠡᠳᠡᠨ ᠤ ᠰᠣᠶᠣᠯ ᠤᠨ ᠢᠲᠡᠭᠡᠯ ᠢ ᠨᠢ ᠤᠮᠳᠠᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠬᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠲᠥᠪ ᠬᠤᠲᠠ ᠳᠤ ᠨᠠᠩ ᠭᠤᠶᠢᠳᠠ ᠰᠠᠶᠢᠬᠠᠨ ᠳᠡᠯᠭᠡᠷᠡᠭᠦᠯᠪᠡ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ