ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2022︺ 37 ᠳ᠋ᠤᠭᠠᠷ ᠲᠣᠭᠠᠲᠤ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ | ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ ︹ 2021 ︺ 32 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ᠬᠡᠷᠡᠭᠯᠡᠯᠲᠡ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠤᠭᠴᠢᠳ ᠤᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠳᠣᠣᠷᠠᠬᠢ ᠰᠠᠨᠠᠯ ᠤᠳ ᠢ ᠳᠤᠷᠠᠳᠪᠠ᠃ | ᠨᠢᠭᠡ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ | ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠠ ᠲᠥᠷᠥᠯ ᠵᠦᠢᠯ ᠤᠨ ᠬᠠᠷᠢᠭᠤᠴᠠᠯᠭᠠᠲᠠᠳ | ︽ᠬᠡᠷᠡᠭᠯᠡᠬᠦ ᠬᠥᠮᠥᠨ ᠬᠠᠷᠢᠭᠤᠴᠠᠬᠤ︾ ᠵᠠᠷᠴᠢᠮ ᠶᠣᠰᠣᠭᠠᠷ ᠥᠪᠡᠷᠲᠡᠭᠡᠨ ᠡᠵᠡᠨ ᠮᠡᠳᠡᠨ ᠬᠠᠮᠢᠶᠠᠷᠴᠤ ᠬᠡᠷᠡᠭᠯᠡᠨ᠎ᠡ︔ ᠲᠥᠷᠦᠯ ᠵᠦᠢᠯ ᠢ ᠬᠠᠮᠢᠶᠠᠷᠬᠤ ᠰᠠᠯᠠᠭ᠎ᠠ ᠮᠥᠴᠢᠷ | ᠨᠢ ᠬᠡᠨ ᠲᠥᠷᠦᠯ ᠵᠦᠢᠯ ᠲᠣᠭᠲᠠᠭᠰᠠᠨ ᠪᠣᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ ᠵᠢᠭᠠᠨ ᠵᠢᠯᠤᠭᠤᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠡᠭᠦᠷᠭᠡᠯᠡᠨ᠎ᠡ᠃ | ︵ᠨᠢᠭᠡ︶ ᠲᠥᠷᠥᠯ ᠵᠦᠢᠯ ᠢ ᠬᠠᠷᠢᠭᠤᠴᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠣᠯ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠢ ᠬᠠᠮᠢᠶᠠᠷᠬᠤ ᠬᠠᠷᠢᠭᠤᠴᠠᠯᠭ᠎ᠠ ᠲᠠᠢ ᠭᠤᠣᠯ ᠴᠣᠭᠴᠠ ᠮᠥᠨ᠂ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠢᠶᠠᠨ ︽ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠵᠢᠷᠤᠮᠵᠢᠭᠤᠯᠬᠤ᠂ ᠲᠥᠷᠦᠯ ᠵᠦᠢᠯ ᠢ ᠭᠥᠯᠢᠶᠡᠨ | ᠠᠪᠴᠤ ᠰᠠᠶᠢᠲᠤᠷ ᠬᠠᠮᠢᠶᠠᠷᠬᠤ︾ ᠵᠠᠷᠴᠢᠮ ᠶᠣᠰᠣᠭᠠᠷ ᠥᠪᠡᠰᠦᠪᠡᠨ ᠬᠠᠮᠢᠶᠠᠷᠤᠨ ᠬᠡᠷᠡᠭᠯᠡᠨ᠎ᠡ᠃ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | 1.ᠬᠠᠮᠢᠶ᠎ᠠ ᠪᠦᠬᠦᠢ ᠠᠵᠢᠯ ᠤᠨ ᠲᠣᠭᠲᠠᠯᠴᠠᠭ᠎ᠠ ᠪᠠ ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠳᠤᠰ ᠨᠢᠭᠡᠴᠢ ᠶᠢᠨ ᠡᠳ᠋ ᠤᠨ ᠶᠠᠪᠤᠳᠠᠯ᠂ | ᠬᠥᠷᠥᠩᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠡᠳᠡᠭᠡᠷ ᠲᠠᠢ | ᠬᠤᠯᠪᠣᠭᠳᠠᠬᠤ ᠰᠢᠨᠵᠢᠯᠡᠬᠦ ᠤᠬᠠᠭᠠᠨ ᠤ ᠰᠤᠳᠤᠯᠤᠯ ᠤᠨ᠂ ᠠᠵᠢᠯᠲᠠᠨ ᠤ ᠶᠠᠪᠤᠳᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠶᠣᠰᠣ ᠰᠤᠷᠲᠠᠬᠤᠨ ᠵᠡᠷᠭᠡ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠪᠠ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠮᠥᠷᠲᠡᠭᠡᠨ | ᠲᠡᠭᠦᠯᠳᠡᠷᠵᠢᠭᠦᠯᠦᠨ᠎ᠡ᠃ | 2.ᠲᠤᠰ ᠨᠢᠭᠡᠴᠢ ᠶᠢᠨ ᠢᠶᠠᠨ ᠪᠣᠳᠠᠲᠤ ᠪᠠᠶᠢᠳᠠᠯ ᠳᠤ ᠲᠣᠬᠢᠷᠠᠭᠰᠠᠨ ᠳᠣᠲᠣᠭᠠᠳᠤ ᠡᠵᠡᠮᠰᠢᠯ ᠤᠨ ᠲᠣᠭᠲᠠᠯᠴᠠᠭ᠎ᠠ ᠶᠢ ᠪᠠᠶᠢᠭᠤᠯᠬᠤ ᠮᠥᠷᠲᠡᠭᠡᠨ | ᠲᠡᠭᠦᠯᠳᠡᠷᠵᠢᠭᠦᠯᠦᠨ᠂ ᠳᠣᠲᠣᠭᠠᠳᠤ ᠶᠢᠨ ᠴᠤᠪᠤᠷᠠᠯ ᠤᠨ ᠡᠵᠡᠮᠰᠢᠯ ᠢ ᠴᠢᠩᠭᠠᠳᠬᠠᠨ᠎ᠠ᠃ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ | ᠲᠥᠰᠥᠪ ᠢ ᠲᠣᠬᠢᠷᠠᠭᠤᠯᠬᠤ᠂ ᠳᠠᠮ ᠵᠠᠷᠤᠳᠠᠯ ᠢ ᠨᠢᠭᠡᠳᠦᠯᠲᠡᠢ ᠲᠥᠯᠥᠪᠯᠡᠬᠦ᠂ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠪᠠ ᠠᠵᠢᠯᠲᠠᠨ ᠤ ᠵᠠᠷᠤᠳᠠᠯ ᠤᠨ ᠵᠠᠷᠤᠯᠭ᠎ᠠ ᠶᠢᠨ | ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢᠨ ᠬᠤᠪᠢᠶᠠᠷᠢᠯᠠᠯᠲᠠ᠂ ᠰᠤᠳᠤᠯᠭᠠᠨ ᠤ ᠰᠡᠳᠦᠪ ᠢᠶᠠᠨ ᠲᠡᠭᠦᠰᠬᠡᠬᠦ ᠡᠳ᠋ ᠤᠨ ᠶᠠᠪᠤᠳᠠᠯ ᠤᠨ ᠬᠢᠨᠠᠨ | ᠪᠣᠳᠣᠯᠲᠠ᠂ ᠦᠯᠡᠳᠡᠪᠦᠷᠢ ᠪᠡᠯᠡ ᠮᠥᠩᠭᠦᠨ ᠤ ᠬᠡᠷᠡᠭᠯᠡᠯᠲᠡ᠂ ᠪᠠᠴᠢᠮ ᠬᠡᠷᠡᠭᠰᠡᠬᠦ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡᠳᠬᠡᠮᠵᠢ ᠬᠤᠷᠣᠭᠳᠠᠯ ᠮᠠᠲ᠋ᠧᠷᠢᠶᠠᠯ | ᠬᠤᠳᠠᠯᠳᠤᠨ ᠠᠪᠬᠤ ᠵᠡᠷᠭᠡ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠ ᠬᠢᠨᠠᠨ ᠬᠠᠷᠭᠤᠭᠤᠯᠬᠤ ᠴᠤᠪᠤᠷᠠᠯ ᠢ ᠲᠣᠳᠣᠷᠬᠠᠶᠢᠯᠠᠨ᠎ᠠ᠃ | 3.ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠤᠰ ᠨᠢᠭᠡᠴᠢ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠪᠠᠨ ᠲᠡᠭᠦᠯᠳᠡᠷᠵᠢᠭᠦᠯᠵᠦ᠂ ᠲᠤᠰᠬᠠᠢ ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠥᠪᠡᠷᠲᠡᠭᠡᠨ | ᠵᠠᠰᠠᠬᠤ ᠣᠷᠣᠨ ᠤ ᠲᠥᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠦᠯ ᠵᠦᠢᠯ ᠤᠨ ᠬᠡᠷᠡᠭᠵᠢᠭᠦᠯᠦᠯᠲᠡ᠂ ᠪᠡᠯᠡ ᠮᠥᠩᠭᠦᠨ ᠤ ᠬᠡᠷᠡᠭᠯᠡᠯᠲᠡ᠂ | ᠠᠵᠢᠯ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠵᠡᠷᠭᠡ ᠪᠠᠶᠢᠳᠠᠯ ᠤᠳ ᠢᠶᠠᠨ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠶᠠᠮᠠᠷ ᠨᠢᠭᠡᠨ ᠰᠢᠯᠲᠠᠭᠠᠨ | ᠠᠴᠠ ᠪᠣᠯᠵᠤ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠲᠥᠷᠥᠯ ᠵᠦᠢᠯ ᠢ ᠡᠷᠬᠡᠪᠰᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠲᠥᠷᠥᠯ | ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠡᠳ᠋ ᠤᠨ ᠵᠠᠰᠠᠭ ᠤᠨ ᠪᠡᠯᠡ | ᠮᠥᠩᠭᠦ ᠶᠢ ᠨᠢ ᠪᠤᠴᠠᠭᠠᠬᠤ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ | ᠠᠵᠢᠯ ᠤᠨ ᠪᠠᠶᠢᠷᠢ ᠲᠣᠬᠢᠷᠠᠭᠤᠯᠤᠨ᠂ ᠬᠠᠮᠢᠶ᠎ᠠ ᠪᠦᠬᠦᠢ ᠲᠥᠬᠦᠷ ᠳᠦᠷᠢᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠲᠤ | ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ | 4.ᠳᠣᠲᠣᠭᠠᠳᠤ ᠳᠤ ᠪᠠᠨ ᠢᠯᠡ ᠪᠣᠯᠭᠠᠬᠤ ᠳᠦᠷᠢᠮ ᠢ ᠬᠡᠷᠡᠭᠵᠢᠭᠦᠯᠦᠨ᠎ᠡ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠶᠡᠭᠡ ᠠᠵᠢᠯ ᠶᠠᠪᠤᠳᠠᠯ᠂ | ᠴᠢᠬᠤᠯᠠ ᠳᠦᠷᠢᠮ ᠵᠡᠷᠭᠡ ᠶᠢ ᠢᠯᠡ ᠪᠣᠯᠭᠠᠬᠤ ᠶᠢ ᠢᠳᠡᠪᠬᠢᠲᠡᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢᠨ ᠬᠡᠷᠡᠭᠯᠡᠯᠲᠡ᠂ ᠦᠯᠡᠳᠡᠪᠦᠷᠢ | ᠪᠡᠯᠡ ᠮᠥᠩᠭᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠵᠡᠷᠭᠡ ᠮᠡᠳᠡᠭᠡ ᠵᠠᠩᠭᠢ ᠨᠤᠭᠤᠳ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠨ᠂ | ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | ︵ᠬᠤᠶᠠᠷ︶ ᠲᠥᠷᠥᠯ ᠵᠦᠢᠯ ᠤᠨ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ᠃ ᠲᠥᠷᠥᠯ ᠵᠦᠢᠯ ᠤᠨ ᠬᠠᠷᠢᠭᠤᠴᠠᠯᠭᠠᠲᠠᠨ ᠪᠣᠯ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠰᠢᠭᠤᠳ ᠬᠠᠷᠢᠭᠤᠴᠠᠯᠭᠠᠲᠠᠨ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠪᠠ ᠲᠥᠷᠥᠯ | ᠵᠦᠢᠯ ᠤᠨ ᠪᠡᠯᠡ ᠮᠥᠩᠭᠦᠨ ᠤ ᠬᠡᠷᠡᠭᠯᠡᠯᠲᠡ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠪᠠ ᠬᠤᠯᠪᠣᠭᠳᠠᠯᠲᠤ | ᠴᠢᠨᠠᠷ ᠲᠤ ᠠᠵᠤ ᠠᠬᠤᠢ ᠬᠢᠭᠡᠳ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠂ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ ᠮᠡᠲᠦ᠄ | 1.ᠲᠥᠷᠥᠯ ᠵᠦᠢᠯ ᠤᠨ ᠲᠥᠰᠥᠪ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠢ ᠬᠠᠤᠯᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠨ᠎ᠡ᠃ | 2.ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠣᠣᠷ ᠲᠡᠮᠳᠡᠭᠯᠡᠯ ᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ | ᠵᠢᠴᠢ ᠵᠠᠷᠤᠳᠠᠯ ᠢ ᠬᠡᠷᠡᠭᠯᠡᠭᠰᠡᠨ ᠬᠠᠮᠢᠶ᠎ᠠ ᠪᠦᠬᠦᠢ ᠠᠭᠤᠯᠭ᠎ᠠ ᠶᠢ ᠦᠨᠡᠨ ᠪᠣᠳᠠᠲᠠᠢ ᠪᠠᠷ ᠲᠡᠮᠳᠡᠭᠯᠡᠨ᠎ᠡ᠃ ᠲᠥᠷᠥᠯ ᠵᠦᠢᠯ ᠤᠨ ᠲᠥᠰᠥᠪ ᠤᠨ ᠭᠦᠢᠴᠡᠳᠬᠡᠯ ᠢ ᠦᠨᠡᠨ | ᠮᠥᠨ ᠢᠶᠠᠷ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ᠂ ᠪᠠᠶᠢᠴᠠᠭᠠᠯᠲᠠ᠂ ᠬᠢᠨᠠᠨ ᠪᠣᠳᠣᠯᠲᠠ ᠪᠠ ᠠᠵᠢᠯ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ | 3.ᠶᠠᠮᠠᠷ ᠨᠢᠭᠡᠨ ᠰᠢᠯᠲᠠᠭᠠᠨ ᠠᠴᠠ ᠪᠣᠯᠵᠤ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠴᠢᠬᠤᠯᠠᠲᠠᠢ ᠲᠥᠷᠥᠯ ᠵᠦᠢᠯ ᠢ ᠡᠷᠬᠡᠪᠰᠢ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ ᠵᠢᠴᠢ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠥᠷᠥᠯ ᠵᠦᠢᠯ ᠢᠶᠠᠨ ᠵᠣᠭᠰᠤᠭᠠᠬᠤ ᠪᠤᠶᠤ ᠬᠦᠴᠦᠨ | ᠦᠭᠡᠢ ᠪᠣᠯᠭᠠᠬᠤ ᠭᠤᠶᠤᠴᠢᠯᠠᠯ ᠤᠨ ᠪᠢᠴᠢᠭ ᠳᠡᠪᠰᠢᠭᠦᠯᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ︵ᠭᠤᠷᠪᠠ︶ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠥᠰᠥᠪ ᠢ ᠭᠦᠢᠴᠡᠳᠬᠡᠬᠦ᠂ ᠲᠤᠰᠬᠠᠢ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ᠂ ᠲᠥᠷᠥᠯ | ᠵᠦᠢᠯ ᠢ ᠬᠢᠨᠠᠨ ᠬᠠᠮᠢᠶᠠᠷᠬᠤ ᠪᠠ ᠠᠵᠢᠯ ᠤᠨ ᠠᠮᠵᠢᠯᠲᠠ ᠪᠦᠲᠦᠮᠵᠢ ᠶᠢ ᠬᠠᠮᠢᠶᠠᠷᠬᠤ ᠭᠤᠣᠯ ᠴᠣᠭᠴᠠ ᠮᠥᠨ᠃ ᠪᠣᠳᠠᠲᠠᠢ ᠡᠭᠦᠷᠭᠡ ᠬᠠᠷᠢᠭᠤᠴᠠᠯᠭ᠎ᠠ ᠨᠢ ᠳᠣᠣᠷᠠᠬᠢ | ᠮᠡᠲᠦ᠄ | 1.ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠳᠤ ᠨᠤᠲᠠᠯᠠᠯᠲᠠ ᠬᠢᠵᠦ ᠦᠨᠡᠯᠡᠨ ᠬᠢᠨᠠᠬᠤ ᠶᠢ ᠵᠣᠬᠢᠶᠠᠨ ᠪᠠᠶᠢᠭᠤᠯᠵᠤ᠂ ᠪᠡᠯᠡ ᠮᠥᠩᠭᠦ ᠶᠢ | ᠬᠤᠪᠢᠶᠠᠷᠢᠯᠠᠬᠤ ᠲᠥᠰᠥᠯ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠢ ᠪᠠᠭᠤᠯᠭᠠᠵᠤ ᠥᠭᠭᠦᠨ᠎ᠡ᠃ | 2.ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢ ᠵᠢᠯᠣᠭᠤᠳᠤᠨ ᠲᠥᠷᠥᠯ ᠵᠦᠢᠯ ᠤᠨ ᠬᠠᠮᠢᠶᠠᠷᠤᠯᠲᠠ᠂ ᠳᠣᠲᠣᠭᠠᠳᠤ ᠡᠵᠡᠮᠳᠡᠯ ᠤᠨ ᠳᠦᠷᠢᠮ ᠢ ᠨᠢ | ᠲᠡᠭᠦᠯᠳᠡᠷᠵᠢᠭᠦᠯᠵᠦ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠬᠢᠨᠠᠯᠲᠠ ᠲᠠᠯᠪᠢᠵᠤ ᠪᠠᠶᠢᠭᠠᠳ ᠬᠠᠮᠢᠶᠠᠷᠤᠯᠲᠠ ᠶᠢ ᠨᠢ ᠵᠢᠷᠤᠮᠵᠢᠭᠤᠯᠤᠨ᠂ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 3.ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠲᠦᠷᠦᠯ ᠵᠦᠢᠯ ᠢ ᠬᠡᠷᠡᠭᠵᠢᠭᠦᠯᠬᠦ ᠰᠡᠭᠦᠯᠴᠢ ᠶᠢᠨ ᠬᠤᠭᠤᠴᠠᠭᠠᠨ ᠳᠤ ᠠᠮᠵᠢᠯᠲᠠ | ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠲᠡᠭᠦᠯᠳᠡᠷᠵᠢᠭᠦᠯᠦᠨ᠎ᠡ᠃ | 4.ᠲᠥᠷᠥᠯ ᠵᠦᠢᠯ ᠳᠤ ᠬᠡᠷᠡᠭᠵᠢᠭᠦᠯᠬᠦ ᠴᠢᠬᠤᠯᠠ ᠶᠡᠭᠡ ᠠᠵᠢᠯ ᠶᠠᠪᠤᠳᠠᠯ ᠢ ᠬᠢᠨᠠᠨ ᠵᠥᠪᠰᠢᠶᠡᠷᠡᠨ᠎ᠡ᠃ ᠶᠠᠮᠠᠷ ᠨᠢᠭᠡᠨ ᠰᠢᠯᠲᠠᠭᠠᠨ ᠠᠴᠠ ᠪᠣᠯᠵᠤ ᠵᠣᠭᠰᠤᠭᠠᠬᠤ | ᠪᠤᠶᠤ ᠬᠦᠴᠦᠨ ᠦᠭᠡᠢ ᠪᠣᠯᠭᠠᠬᠤ ᠴᠢᠬᠤᠯᠠᠲᠠᠢ ᠲᠥᠷᠥᠯ ᠵᠦᠢᠯ ᠤᠨ ᠦᠯᠡᠳᠡᠪᠦᠷᠢ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠠᠢ ᠬᠠᠮᠲᠤᠷᠠᠨ ᠬᠠᠷᠭᠤᠭᠤᠯᠤᠨ ᠲᠣᠭᠲᠠᠭᠠᠬᠤ ᠶᠢᠨ ᠬᠠᠮᠲᠤ ᠰᠢᠢᠳᠪᠦᠷᠢᠯᠡᠬᠦ ᠰᠠᠨᠠᠯ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ | ᠦᠯᠡᠳᠡᠪᠦᠷᠢ ᠪᠡᠯᠡ ᠮᠥᠩᠭᠦ ᠶᠢ ᠨᠢ ᠲᠣᠭᠲᠠᠭᠠᠯ ᠶᠣᠰᠣᠭᠠᠷ ᠬᠤᠷᠢᠶᠠᠨ ᠠᠪᠤᠨ᠎ᠠ᠃ | 5.ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠠ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠪᠠ ᠶᠣᠰᠣ | ᠰᠤᠷᠲᠠᠬᠤᠨ ᠤ ᠱᠠᠭᠠᠷᠳᠠᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠵᠢᠴᠢ ᠰᠢᠨᠵᠢᠯᠡᠬᠦ ᠤᠬᠠᠭᠠᠨ ᠤ | ᠰᠤᠳᠤᠯᠤᠯ ᠤᠨ ᠠᠵᠢᠯᠲᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠬᠤᠯᠪᠣᠭᠠᠯᠠᠵᠤ ᠵᠠᠯᠬᠠᠭᠠᠨ ᠴᠡᠭᠡᠷᠯᠡᠭᠦᠯᠦᠨ᠎ᠡ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠥᠰᠥᠪ ᠢ ᠨᠠᠶᠢᠷᠠᠭᠤᠯᠤᠨ ᠵᠣᠬᠢᠶᠠᠬᠤ᠂ ᠵᠠᠷᠤᠯᠭ᠎ᠠ ᠶᠢᠨ | ᠲᠥᠷᠥ ᠶᠢᠨ ᠪᠣᠳᠣᠯᠭ᠎ᠠ ᠶᠢ ᠬᠢᠨᠠᠨ ᠬᠠᠷᠭᠤᠭᠤᠯᠬᠤ ᠪᠠ ᠲᠥᠰᠥᠪ ᠤᠨ ᠠᠮᠵᠢᠯᠲᠠ ᠪᠦᠲᠦᠮᠵᠢ ᠶᠢ ᠬᠠᠮᠢᠶᠠᠷᠬᠤ ᠭᠤᠣᠯ ᠴᠣᠭᠴᠠ ᠪᠣᠯᠣᠨ᠎ᠠ᠂ ᠪᠣᠳᠠᠲᠠᠢ ᠡᠭᠦᠷᠭᠡ | ᠬᠠᠷᠢᠭᠤᠴᠠᠯᠭ᠎ᠠ ᠨᠢ ᠳᠣᠣᠷᠠᠬᠢ ᠮᠡᠲᠦ᠄ | 1.ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠣᠨ ᠤ ᠲᠥᠰᠥᠪ ᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠲᠥᠷᠥᠯ | ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠤᠷᠠᠳᠤᠭᠰᠠᠨ ᠪᠡᠯᠡ ᠮᠥᠩᠭᠦ ᠬᠤᠪᠢᠶᠠᠷᠢᠯᠠᠬᠤ ᠰᠠᠨᠠᠯ ᠢ ᠬᠢᠨᠠᠨ ᠬᠠᠷᠭᠤᠭᠤᠯᠵᠤ᠂ ᠰᠢᠨᠵᠢᠯᠡᠬᠦ ᠤᠬᠠᠭᠠᠨ ᠤ | ᠰᠤᠳᠤᠯᠤᠯ ᠤᠨ ᠵᠠᠷᠤᠳᠠᠯ ᠢ ᠴᠠᠭ ᠲᠤᠬᠠᠢ ᠳᠤ ᠨᠢ ᠪᠠᠭᠤᠯᠭᠠᠨ᠎ᠠ᠃ | 2.ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠵᠦᠢᠯ ᠤᠨ | ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠨᠤᠭᠤᠳ ᠢ ᠲᠣᠭᠲᠠᠭᠠᠨ᠎ᠠ᠃ | 3.ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠡᠷᠡᠭᠯᠡᠭᠰᠡᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | 4.ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠭᠰᠤᠭᠠᠬᠤ ᠪᠤᠶᠤ ᠬᠦᠴᠦᠨ ᠦᠭᠡᠢ ᠪᠣᠯᠭᠠᠬᠤ ᠪᠠᠷ | ᠨᠤᠲᠠᠯᠠᠨ ᠲᠣᠭᠲᠠᠭᠠᠭᠰᠠᠨ ᠲᠥᠷᠥᠯ ᠵᠦᠢᠯ ᠤᠨ ᠦᠯᠡᠳᠡᠪᠦᠷᠢ ᠪᠡᠯᠡ ᠮᠥᠩᠭᠦ ᠶᠢ ᠴᠠᠭ ᠲᠤᠬᠠᠢ ᠳᠤ ᠨᠢ ᠬᠤᠷᠢᠶᠠᠨ ᠠᠪᠤᠨ᠎ᠠ᠃ | ᠬᠤᠶᠠᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠢ ᠬᠠᠮᠢᠶᠠᠷᠬᠤ ᠡᠵᠡᠨ ᠮᠡᠳᠡᠬᠦ ᠡᠷᠬᠡ ᠶᠢ ᠥᠷᠭᠡᠳᠬᠡᠨ᠎ᠡ | ︵ᠨᠢᠭᠡ︶ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠢ ᠴᠣᠮᠬᠠᠳᠬᠠᠨ᠎ᠠ᠃ ᠲᠥᠰᠥᠪ ᠢ ᠨᠠᠶᠢᠷᠠᠭᠤᠯᠤᠨ ᠵᠣᠬᠢᠶᠠᠬᠤ ᠵᠦᠢᠯ ᠢᠯᠭᠠᠯ ᠢ ᠤᠯᠠᠮ ᠨᠢᠭᠡ ᠠᠯᠬᠤᠮ | ᠴᠣᠮᠬᠠᠳᠬᠠᠵᠤ᠂ ᠰᠢᠭᠤᠳ ᠵᠠᠷᠤᠳᠠᠯ ᠤᠨ ᠲᠥᠰᠥᠪ ᠢ ᠲᠥᠬᠦᠭᠡᠷᠦᠮᠵᠢ ᠶᠢᠨ ᠵᠠᠷᠤᠳᠠᠯ᠂ ᠲᠤᠬᠠᠶᠢᠯᠠᠭᠰᠠᠨ ᠠᠵᠢᠯ ᠤᠨ ᠵᠠᠷᠤᠳᠠᠯ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ | ᠭᠡᠬᠦ ᠭᠤᠷᠪᠠᠨ ᠶᠡᠭᠡ ᠲᠦᠷᠦᠯ ᠬᠤᠪᠢᠶᠠᠨ ᠨᠠᠶᠢᠷᠠᠭᠤᠯᠤᠨ ᠵᠣᠬᠢᠶᠠᠨ᠎ᠠ᠃ | ᠲᠥᠬᠦᠭᠡᠷᠦᠮᠵᠢ ᠶᠢᠨ ᠵᠠᠷᠤᠳᠠᠯ ᠳᠤ ᠭᠤᠣᠯᠳᠠᠭᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠲᠤᠰᠬᠠᠢ ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ | ᠠᠪᠬᠤ ᠪᠤᠶᠤ ᠲᠤᠷᠰᠢᠨ ᠦᠢᠯᠡᠳᠬᠦ᠂ ᠤᠳᠤ ᠶᠢᠨ ᠪᠠᠶᠢᠭ᠎ᠠ ᠬᠡᠮᠵᠢᠭᠦᠷᠯᠢᠭ ᠲᠥᠬᠦᠭᠡᠷᠦᠮᠵᠢ ᠪᠠᠨ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠵᠢᠴᠢ ᠪᠤᠰᠤᠳ | ᠨᠢᠭᠡᠴᠢ ᠠᠴᠠ ᠬᠡᠮᠵᠢᠭᠦᠷᠯᠢᠭ ᠲᠥᠬᠦᠭᠡᠷᠦᠮᠵᠢ ᠲᠦᠷᠢᠶᠡᠰᠦᠯᠡᠬᠦ ᠵᠠᠷᠤᠳᠠᠯ ᠢ ᠪᠠᠭᠲᠠᠭᠠᠨ᠎ᠠ᠃ ᠪᠣᠳᠣᠯᠭ᠎ᠠ ᠶᠢᠨ ᠲᠦᠷᠦᠯ ᠤᠨ ᠬᠡᠮᠵᠢᠭᠦᠷᠯᠢᠭ ᠲᠥᠬᠦᠭᠡᠷᠦᠮᠵᠢ ᠪᠠ ᠵᠥᠭᠡᠯᠡᠨ | ᠲᠣᠨᠤᠭ ᠤᠨ ᠪᠠᠭᠠᠵᠢ ᠶᠢ ᠲᠥᠬᠦᠭᠡᠷᠦᠮᠵᠢ ᠶᠢᠨ ᠵᠠᠷᠤᠳᠠᠯ ᠤᠨ ᠵᠦᠢᠯ ᠢᠯᠭᠠᠯ ᠳᠤ ᠵᠢᠭᠰᠠᠭᠠᠵᠤ ᠪᠣᠯᠣᠨ᠎ᠠ᠃ | ᠲᠤᠬᠠᠶᠢᠯᠠᠭᠰᠠᠨ ᠠᠵᠢᠯ ᠤᠨ ᠵᠠᠷᠤᠳᠠᠯ ᠳᠤ ᠭᠤᠣᠯᠳᠠᠭᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠡᠯ᠎ᠡ ᠵᠦᠢᠯ ᠤᠨ ᠬᠤᠷᠣᠭᠳᠠᠯ ᠮᠠᠲ᠋ᠧᠷᠢᠶᠠᠯ᠂ | ᠬᠠᠪᠰᠤᠷᠤᠯᠲᠠ ᠮᠠᠲ᠋ᠧᠷᠢᠶᠠᠯ ᠮᠡᠲᠦ ᠶᠢᠨ ᠳᠣᠣᠷ᠎ᠠ ᠥᠷᠲᠡᠭᠲᠦ ᠬᠤᠷᠣᠭᠳᠠᠯ ᠶᠡᠬᠡᠲᠡᠢ ᠡᠳ᠋ ᠢ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠠᠴᠢᠶᠠᠯᠠᠬᠤ ᠪᠠᠭᠤᠯᠭᠠᠬᠤ᠂ | ᠲᠢᠭᠯᠢᠬᠦ ᠵᠡᠷᠭᠡ ᠵᠠᠷᠤᠳᠠᠯ᠂ ᠬᠡᠮᠵᠢᠨ ᠲᠤᠷᠰᠢᠵᠤ ᠰᠢᠨᠵᠢᠯᠡᠨ ᠰᠢᠯᠭᠠᠬᠤ ᠪᠠ ᠡᠳ᠋ᠰᠢᠭᠦᠯᠵᠦ ᠪᠣᠯᠪᠠᠰᠤᠷᠠᠭᠤᠯᠬᠤ ᠵᠠᠷᠤᠳᠠᠯ᠂ ᠲᠦᠯᠡᠰᠢ ᠰᠢᠲᠠᠭᠠᠯᠭ᠎ᠠ ᠶᠢᠨ ᠬᠥᠳᠡᠯᠭᠡᠭᠦ | ᠬᠦᠴᠦᠨ᠂ ᠬᠡᠪᠯᠡᠯ / ᠰᠤᠷᠪᠤᠯᠵᠢ ᠪᠢᠴᠢᠭ / ᠮᠡᠳᠡᠭᠡ ᠵᠠᠩᠭᠢ ᠶᠢᠨ ᠳᠠᠮᠵᠢᠭᠤᠯᠭ᠎ᠠ / ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠶᠠᠪᠤᠳᠠᠯ᠂ | ᠬᠤᠷᠠᠯ / ᠠᠯᠪᠠᠨ ᠠᠵᠢᠯ ᠢᠶᠠᠷ ᠭᠠᠳᠠᠭᠰᠢ ᠭᠠᠷᠬᠤ / ᠣᠯᠠᠨ ᠤᠯᠤᠰ ᠤᠨ ᠬᠤᠭᠤᠷᠤᠨᠳᠤᠬᠢ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠶᠢᠨ ᠵᠠᠷᠤᠳᠠᠯ ᠵᠢᠴᠢ ᠬᠤᠯᠪᠣᠭᠳᠠᠯ | ᠪᠦᠬᠦᠢ ᠪᠤᠰᠤᠳ ᠵᠠᠷᠤᠯᠭ᠎ᠠ ᠨᠤᠭᠤᠳ ᠢ ᠪᠠᠭᠲᠠᠭᠠᠨ᠎ᠠ᠃ | ᠬᠥᠳᠡᠯᠮᠦᠷᠢ ᠦᠢᠯᠡᠴᠢᠯᠡᠭᠡᠨ ᠤ ᠵᠠᠷᠤᠳᠠᠯ ᠳᠤ ᠭᠤᠣᠯᠳᠠᠭᠤ ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠲᠦᠷᠦᠯ ᠵᠦᠢᠯ ᠳᠤ ᠣᠷᠣᠯᠴᠠᠭᠰᠠᠨ ᠰᠤᠳᠤᠯᠬᠤ | ᠰᠤᠷᠤᠭᠴᠢ᠂ ᠫᠤᠰᠲ ᠳ᠋ᠣᠺᠲ᠋ᠣᠷ᠂ ᠵᠣᠴᠢᠨ ᠡᠷᠳᠡᠮᠲᠡᠨ ᠪᠠ ᠤᠷᠢᠨ ᠬᠡᠷᠡᠭᠯᠡᠬᠦ ᠰᠤᠳᠤᠯᠤᠭᠴᠢ᠂ ᠰᠢᠨᠵᠢᠯᠡᠬᠦ ᠤᠬᠠᠭᠠᠨ ᠤ ᠰᠤᠳᠤᠯᠤᠯ ᠳᠤ ᠲᠤᠰᠠᠯᠠᠬᠤ ᠠᠵᠢᠯᠲᠠᠨ ᠵᠡᠷᠭᠡ | ᠬᠥᠮᠥᠰ ᠲᠤ ᠥᠭᠬᠦ ᠬᠥᠳᠡᠯᠮᠦᠷᠢ ᠦᠢᠯᠡᠴᠢᠯᠡᠭᠡᠨ ᠤ ᠴᠢᠨᠠᠷᠲᠠᠢ ᠵᠠᠷᠤᠳᠠᠯ ᠵᠢᠴᠢ ᠲᠦᠷ ᠴᠠᠭ ᠤᠷᠢᠭᠰᠠᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠳᠤ ᠥᠭᠬᠦ | ᠵᠠᠷᠤᠳᠠᠯ ᠵᠡᠷᠭᠡ ᠶᠢ ᠪᠠᠭᠲᠠᠭᠠᠨ᠎ᠠ᠃ | 50 ᠲᠦᠮᠡᠨ ᠲᠥᠭᠦᠷᠢᠭ ᠠᠴᠠ ᠳᠡᠭᠡᠭᠰᠢᠬᠢ ᠲᠥᠬᠦᠭᠡᠷᠦᠮᠵᠢ ᠶᠢᠨ ᠵᠠᠷᠤᠳᠠᠯ ᠠᠴᠠ ᠪᠤᠰᠤᠳ ᠰᠢᠭᠤᠳ ᠵᠠᠷᠤᠳᠠᠯ ᠨᠢ ᠵᠥᠪᠬᠡᠨ ᠦᠨᠳᠦᠰᠦᠨ ᠲᠥᠰᠥᠭᠡᠯᠡᠨ | ᠪᠤᠳᠤᠭᠰᠠᠨ ᠲᠣᠳᠣᠷᠬᠠᠶᠢᠯᠠᠯᠲᠠ ᠬᠠᠩᠭᠠᠪᠠᠯ ᠪᠣᠯᠴᠢᠬᠠᠨ᠎ᠠ᠂ ᠨᠠᠷᠢᠨ ᠳᠠᠩᠰᠠ ᠬᠠᠩᠭᠠᠬᠤ ᠴᠢᠬᠤᠯᠠ ᠦᠭᠡᠢ᠃ ᠲᠥᠷᠥᠯ ᠵᠦᠢᠯ ᠢ ᠬᠢᠨᠠᠨ ᠲᠣᠭᠲᠠᠭᠠᠬᠤ ᠪᠠ ᠲᠥᠰᠥᠪ ᠢ | ᠬᠢᠨᠠᠨ ᠲᠣᠭᠲᠠᠭᠠᠬᠤ ᠶᠢ ᠨᠡᠶᠢᠯᠡᠭᠦᠯᠵᠦ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠥᠯ ᠵᠦᠢᠯ ᠪᠠ ᠲᠥᠰᠥᠪ ᠢ ᠵᠡᠷᠭᠡ ᠪᠠᠷ ᠬᠢᠨᠠᠨ | ᠲᠣᠭᠲᠠᠭᠠᠨ᠎ᠠ᠃ ᠲᠥᠷᠥᠯ ᠵᠦᠢᠯ ᠤᠨ ᠲᠥᠰᠥᠪ ᠢ ᠬᠢᠨᠠᠨ ᠲᠣᠭᠲᠠᠭᠠᠬᠤ ᠠᠵᠢᠯ ᠤᠨ ᠭᠤᠣᠯᠳᠠᠯᠭ᠎ᠠ ᠨᠢ ᠲᠥᠷᠥᠯ ᠵᠦᠢᠯ ᠤᠨ ᠲᠥᠰᠥᠪ ᠤᠨ ᠬᠠᠷᠠᠯᠲᠠ ᠶᠢᠨ | ᠬᠤᠯᠪᠣᠭᠳᠠᠯᠲᠤ ᠴᠢᠨᠠᠷ᠂ ᠲᠥᠷᠥ ᠶᠢᠨ ᠪᠣᠳᠣᠯᠭ᠎ᠠ ᠶᠢᠨ ᠬᠠᠷᠢᠯᠴᠠᠨ ᠨᠡᠶᠢᠴᠡᠬᠦ ᠴᠢᠨᠠᠷ᠂ ᠠᠵᠤ ᠠᠬᠤᠢ ᠶᠢᠨ ᠵᠦᠢ ᠶᠣᠰᠣᠴᠢ ᠴᠢᠨᠠᠷ ᠪᠣᠯᠣᠨ᠎ᠠ᠂ ᠲᠥᠰᠥᠪ ᠢ | ᠨᠠᠶᠢᠷᠠᠭᠤᠯᠤᠨ ᠵᠣᠬᠢᠶᠠᠭᠰᠠᠨ ᠨᠠᠷᠢᠯᠢᠭ ᠤᠨ ᠬᠡᠮᠵᠢᠶ᠎ᠡ ᠶᠢ ᠲᠥᠰᠥᠪ ᠢ ᠬᠢᠨᠠᠨ ᠲᠣᠭᠲᠠᠭᠠᠬᠤ ᠬᠦᠴᠦᠨ ᠵᠦᠢᠯ ᠪᠣᠯᠭᠠᠵᠤ ᠪᠣᠯᠬᠤ ᠦᠭᠡᠢ᠃ ︵ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠲᠥᠰᠥᠪ ᠤᠨ ᠲᠣᠬᠢᠷᠠᠭᠤᠯᠤᠯᠲᠠ ᠶᠢᠨ ᠡᠷᠬᠡ ᠶᠢ ᠳᠣᠣᠷ᠎ᠠ ᠱᠠᠲᠤᠨ ᠳᠤ ᠣᠯᠭᠤᠨ᠎ᠠ᠃ ᠲᠥᠰᠥᠪ ᠢ ᠲᠣᠬᠢᠷᠠᠭᠤᠯᠬᠤ ᠡᠷᠬᠡ ᠮᠡᠳᠡᠯ ᠤᠨ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠨ᠂ ᠲᠥᠬᠦᠭᠡᠷᠦᠮᠵᠢ ᠶᠢᠨ ᠵᠠᠷᠤᠳᠠᠯ ᠤᠨ ᠲᠥᠰᠥᠪ ᠢ ᠲᠣᠬᠢᠷᠠᠭᠤᠯᠬᠤ ᠪᠦᠬᠦ ᠡᠷᠬᠡ ᠶᠢ ᠲᠥᠷᠥᠯ ᠵᠦᠢᠯ ᠢ ᠳᠠᠭᠠᠭᠠᠨ ᠬᠠᠷᠢᠭᠤᠴᠠᠬᠤ | ᠨᠢᠭᠡᠴᠢ ᠳᠤ ᠣᠯᠭᠤᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠥᠰᠥᠪ ᠤᠨ ᠲᠣᠬᠢᠷᠠᠭᠤᠯᠤᠯᠲᠠ ᠶᠢᠨ ᠨᠡᠮᠡᠭᠳᠡᠯ ᠢ ᠬᠢᠨᠠᠨ ᠵᠥᠪᠰᠢᠶᠡᠷᠡᠬᠦ | ᠠᠵᠢᠯ ᠢ ᠲᠠᠬᠢᠵᠤ ᠬᠠᠷᠢᠭᠤᠴᠠᠬᠤ ᠦᠭᠡᠢ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠣᠲᠣ ᠶᠢᠨ ᠪᠠᠶᠢᠭ᠎ᠠ ᠲᠥᠬᠦᠭᠡᠷᠦᠮᠵᠢ ᠶᠢᠨ | ᠲᠣᠬᠢᠷᠠᠭᠤᠯᠤᠯᠲᠠ ᠶᠢᠨ ᠪᠠᠶᠢᠳᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠣᠳᠠᠲᠠᠢ ᠬᠡᠷᠡᠭᠴᠡᠭᠡ ᠵᠡᠷᠭᠡ ᠶᠢ ᠨᠢᠭᠡᠳᠦᠯᠲᠡᠢ ᠲᠥᠯᠥᠪᠯᠡᠨ | ᠪᠣᠳᠣᠯᠬᠢᠯᠠᠭᠠᠳ ᠲᠣᠬᠢᠷᠠᠭᠤᠯᠬᠤ ᠭᠠᠷᠳᠠᠮ ᠢᠶᠠᠨ ᠴᠠᠭ ᠲᠤᠬᠠᠢ ᠳᠤ ᠨᠢ ᠭᠦᠢᠴᠡᠳᠬᠡᠬᠦ ᠬᠡᠷᠡᠭᠲᠡᠢ᠃ ᠲᠦᠷᠦᠯ ᠵᠦᠢᠯ ᠢ ᠬᠠᠷᠢᠭᠤᠴᠠᠬᠤ ᠨᠢᠭᠡᠴᠢ ᠨᠢ ᠲᠥᠬᠦᠭᠡᠷᠦᠮᠵᠢ ᠶᠢᠨ | ᠵᠠᠷᠤᠳᠠᠯ ᠠᠴᠠ ᠪᠤᠰᠤᠳ ᠰᠢᠭᠤᠳ ᠵᠠᠷᠤᠳᠠᠯ ᠢ ᠲᠣᠬᠢᠷᠠᠭᠤᠯᠬᠤ ᠪᠦᠬᠦ ᠡᠷᠬᠡ ᠶᠢ ᠲᠦᠷᠦᠯ ᠵᠦᠢᠯ ᠤᠨ ᠬᠠᠷᠢᠭᠤᠴᠠᠯᠭᠠᠲᠠᠨ ᠳᠤ ᠣᠯᠭᠤᠵᠤ᠂ ᠲᠦᠷᠦᠯ ᠵᠦᠢᠯ ᠤᠨ | ᠬᠠᠷᠢᠭᠤᠴᠠᠯᠭᠠᠲᠠᠨ ᠨᠢ ᠰᠤᠳᠤᠯᠭᠠᠨ ᠤ ᠠᠵᠢᠯᠯᠠᠭ᠎ᠠ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ᠃ ᠲᠥᠷᠥᠯ ᠵᠦᠢᠯ ᠤᠨ ᠳᠠᠮ | ᠵᠠᠷᠤᠳᠠᠯ ᠤᠨ ᠲᠥᠰᠥᠪ ᠤᠨ ᠶᠡᠷᠦᠩᠬᠡᠢ ᠲᠤᠭ᠎ᠠ ᠶᠢ ᠵᠠᠷᠴᠢᠮ ᠳᠡᠭᠡᠷ᠎ᠡ ᠪᠠᠨ ᠨᠡᠮᠡᠨ ᠲᠣᠬᠢᠷᠠᠭᠤᠯᠵᠤ ᠪᠣᠯᠬᠤ ᠦᠭᠡᠢ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ | ᠨᠢᠭᠡᠴᠢ ᠬᠢᠭᠡᠳ ᠲᠥᠷᠥᠯ ᠵᠦᠢᠯ ᠤᠨ ᠬᠠᠷᠢᠭᠤᠴᠠᠯᠭᠠᠲᠠᠨ ᠨᠢ ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ᠂ ᠳᠠᠮ ᠵᠠᠷᠤᠳᠠᠯ ᠢ ᠲᠣᠬᠢᠷᠠᠭᠤᠯᠤᠨ ᠬᠠᠰᠤᠭᠠᠳ | ᠰᠢᠭᠤᠳ ᠵᠠᠷᠤᠳᠠᠯ ᠢᠶᠠᠷ ᠬᠡᠷᠡᠭᠯᠡᠵᠦ ᠪᠣᠯᠣᠨ᠎ᠠ᠃ ︵ᠲᠥᠷᠦᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠵᠠᠷᠤᠳᠠᠯ ᠤᠨ ᠳᠠᠭᠠᠭᠠᠴᠢᠯᠠᠯᠲᠠ ᠶᠢᠨ ᠳᠦᠷᠢᠮ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ︽ᠰᠣᠳᠣᠨ ᠵᠠᠯᠠᠭᠤᠴᠤᠳ︾ ᠤᠨ ᠲᠥᠷᠥᠯ ᠤᠨ ᠲᠥᠷᠥᠯ ᠵᠦᠢᠯ ᠤᠳ ᠲᠤ ᠵᠠᠷᠤᠳᠠᠯ ᠤᠨ ᠳᠠᠭᠠᠭᠠᠴᠢᠯᠠᠯᠲᠠ ᠶᠢᠨ | ᠳᠦᠷᠢᠮ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠯᠲᠠ ᠶᠢᠨ ᠳᠦᠷᠢᠮ ᠤᠨ ᠬᠡᠪᠴᠢᠶ᠎ᠡ ᠶᠢ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ | ᠮᠥᠩᠭᠦᠨ ᠤ ᠪᠣᠶ ᠪᠦᠬᠦᠢ ᠲᠥᠷᠥᠯ ᠵᠦᠢᠯ᠂ ᠴᠢᠳᠠᠪᠤᠷᠢᠲᠠᠨ ᠤ ᠲᠥᠷᠥᠯ ᠤᠨ ᠲᠥᠷᠥᠯ ᠵᠦᠢᠯ ᠪᠠ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ | ᠵᠦᠢᠯ ᠳᠤ ᠬᠦᠷᠲᠡᠯ᠎ᠡ ᠥᠷᠭᠡᠳᠬᠡᠵᠦ᠂ ᠲᠥᠷᠥᠯ ᠵᠦᠢᠯ ᠤᠨ ᠲᠥᠰᠥᠪ ᠢ ᠳᠠᠭᠢᠵᠤ ᠨᠠᠶᠢᠷᠠᠭᠤᠯᠤᠨ ᠵᠣᠬᠢᠶᠠᠬᠤ ᠦᠭᠡᠢ᠃ ᠲᠥᠷᠥᠯ ᠵᠦᠢᠯ ᠤᠨ ᠬᠠᠷᠢᠭᠤᠴᠠᠯᠭᠠᠲᠠᠨ | ᠰᠢᠨᠵᠢᠯᠡᠬᠦ ᠤᠬᠠᠭᠠᠨ ᠤ ᠰᠤᠳᠤᠯᠤᠯ ᠤᠨ ᠶᠣᠰᠣ ᠰᠤᠷᠲᠠᠬᠤᠨ ᠡᠰᠢ ᠮᠣᠷᠠᠯ ᠪᠠ ᠠᠵᠢᠯ ᠠᠮᠢᠳᠤᠷᠠᠯ ᠰᠤᠳᠤᠯᠭᠠᠨ ᠤ ᠣᠪᠣᠷ ᠪᠠᠶᠢᠳᠠᠯ ᠦᠨᠡᠨᠴᠢ ᠢᠲᠡᠭᠡᠮᠵᠢᠲᠡᠢ ᠪᠠᠶᠢᠬᠤ | ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠪᠦᠬᠦ ᠵᠠᠷᠤᠳᠠᠯ ᠢ ᠲᠣᠰ ᠲᠥᠷᠥᠯ ᠵᠦᠢᠯ ᠤᠨ ᠰᠤᠳᠤᠯᠤᠯ ᠤᠨ ᠠᠵᠢᠯ ᠤᠨ ᠬᠠᠮᠢᠶ᠎ᠠ ᠪᠦᠬᠦᠢ ᠵᠠᠷᠤᠯᠭ᠎ᠠ ᠳᠤ ᠬᠡᠷᠡᠭᠯᠡᠬᠦ ᠪᠠᠷ | ᠠᠮᠠᠯᠠᠭᠰᠠᠨ ᠰᠠᠭᠤᠷᠢᠨ ᠳᠡᠭᠡᠷ᠎ᠡ᠂ ᠲᠥᠷᠥᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢ ᠥᠪᠡᠷᠲᠡᠭᠡᠨ ᠡᠵᠡᠨ ᠮᠡᠳᠡᠨ ᠲᠣᠭᠲᠠᠭᠠᠵᠤ᠂ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠨᠢ ᠵᠠᠷᠤᠳᠠᠯ ᠤᠨ ᠳᠠᠭᠠᠭᠠᠴᠢᠯᠠᠯᠲᠠ ᠶᠢᠨ ᠳᠦᠷᠢᠮ ᠤᠨ ᠬᠠᠮᠢᠶ᠎ᠠ ᠪᠦᠬᠦᠢ ᠳᠣᠲᠣᠭᠠᠳᠤ ᠬᠠᠮᠢᠶᠠᠷᠤᠯᠲᠠ ᠶᠢᠨ ᠲᠣᠭᠲᠠᠭᠠᠯ ᠢ ᠲᠣᠭᠲᠠᠭᠠᠨ᠎ᠠ᠃ | ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠠᠶᠢᠮᠠᠭ ᠬᠤᠲᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠭᠤᠷᠪᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠢ ᠰᠠᠯᠭᠠᠨ ᠥᠭᠬᠦ ᠲᠣᠭᠲᠠᠴᠠ ᠶᠢ ᠰᠠᠶᠢᠵᠢᠷᠠᠭᠤᠯᠤᠨ᠎ᠠ | ︵ᠨᠢᠭᠡ︶ ᠵᠠᠷᠤᠳᠠᠯ ᠰᠠᠯᠭᠠᠨ ᠥᠭᠬᠦ ᠠᠬᠢᠴᠠ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠲᠥᠰᠥᠪ ᠲᠤ ᠴᠣᠬᠤᠯᠲᠠ ᠥᠭᠬᠦ ᠠᠴᠠ ᠡᠮᠦᠨ᠎ᠡ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠢ ᠤᠷᠢᠳᠴᠢᠯᠠᠨ ᠰᠠᠯᠭᠠᠨ ᠥᠭᠴᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠭᠡᠳ ᠲᠥᠷᠥᠯ ᠵᠦᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠰᠠᠯᠭᠠᠨ ᠥᠭᠬᠦ | ᠠᠬᠢᠴᠠ ᠪᠠᠨ ᠦᠨᠡᠨ ᠬᠦ ᠲᠦᠷᠭᠡᠳᠬᠡᠵᠦ᠂ ᠣᠨᠴᠠᠭᠠᠢ ᠪᠠᠶᠢᠳᠠᠯ ᠦᠭᠡᠢ ᠪᠣᠯ᠂ ᠵᠠᠷᠴᠢᠮ ᠳᠡᠭᠡᠷ᠎ᠡ ᠪᠠᠨ ᠪᠡᠯᠡ ᠮᠥᠩᠭᠦ ᠶᠢ ᠪᠠᠭᠤᠯᠭᠠᠬᠤ ᠪᠢᠴᠢᠭ ᠮᠠᠲ᠋ᠧᠷᠢᠶᠠᠯ ᠢ | ᠳᠠᠷᠤᠮᠠᠯᠯᠠᠨ ᠶᠠᠪᠤᠭᠤᠯᠤᠭᠰᠠᠨ ᠤ ᠳᠠᠷᠠᠭᠠᠬᠢ 30 ᠡᠳᠦᠷ ᠤᠨ ᠳᠣᠲᠣᠷ᠎ᠠ ᠭᠦᠢᠴᠡᠳᠬᠡᠯ ᠲᠤᠭ᠎ᠠ ᠪᠠᠨ ᠲᠣᠰ ᠱᠠᠲᠤᠨ ᠤ ᠲᠥᠷᠥᠯ ᠵᠦᠢᠯ ᠢ ᠳᠠᠭᠠᠭᠠᠨ ᠬᠠᠷᠢᠭᠤᠴᠠᠬᠤ | ᠨᠢᠭᠡᠴᠢ ᠳᠤ ᠪᠠᠭᠤᠯᠭᠠᠵᠤ ᠥᠭᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠳᠣᠷᠣᠭᠰᠢ ᠰᠢᠯᠵᠢᠭᠦᠯᠦᠨ ᠥᠭᠬᠦ ᠳᠤ ᠪᠠᠨ ᠲᠤᠰᠠᠭᠠᠷ | ᠰᠢᠯᠵᠢᠭᠦᠯᠦᠨ ᠥᠭᠬᠦ᠂ ᠲᠤᠰᠠᠭᠠᠷ ᠢᠯᠭᠠᠷᠠᠭᠤᠯᠤᠨ ᠪᠤᠳᠤᠬᠤ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ | ᠲᠤᠰᠬᠠᠢ ᠲᠠᠩᠰᠠᠨ ᠡᠷᠦᠬᠡ ᠪᠠᠷ ᠬᠠᠮᠢᠶᠠᠷᠬᠤ᠂ ᠪᠢᠲᠡᠭᠦᠮᠵᠢᠯᠡᠨ ᠠᠵᠢᠯᠯᠠᠭᠤᠯᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠢ ᠲᠦᠷᠦᠭᠦᠯᠡᠨ ᠬᠢᠬᠦ ᠨᠢᠭᠡᠴᠢ ᠨᠢ ᠲᠥᠷᠥᠯ | ᠵᠦᠢᠯ ᠤᠨ ᠬᠠᠷᠢᠭᠤᠴᠠᠯᠭᠠᠲᠠᠨ ᠤ ᠰᠠᠨᠠᠯ ᠢ ᠦᠨᠳᠦᠰᠦᠯᠡᠨ᠂ ᠲᠥᠷᠥᠯ ᠵᠦᠢᠯ ᠳᠤ ᠣᠷᠣᠯᠴᠠᠭᠰᠠᠨ ᠨᠢᠭᠡᠴᠢ ᠳᠤ ᠵᠠᠷᠤᠳᠠᠯ ᠢ ᠨᠢ ᠴᠠᠭ ᠲᠤᠬᠠᠢ ᠳᠤ ᠨᠢ ᠰᠢᠯᠵᠢᠭᠦᠯᠦᠨ | ᠥᠭᠬᠦ ᠶᠢᠨ ᠬᠠᠮᠲᠤ᠂ ᠳᠣᠲᠣᠭᠠᠳᠤ ᠡᠵᠡᠮᠳᠡᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ | ᠤᠷᠢᠲᠠᠯ ᠳᠤ᠂ ᠨᠢᠭᠡᠴᠢ ᠶᠢᠨ ᠰᠤᠳᠤᠯᠤᠯ ᠤᠨ ᠵᠠᠷᠤᠳᠠᠯ ᠤᠨ ᠳᠣᠲᠣᠭᠠᠳᠤ ᠳᠤ ᠪᠠᠨ ᠰᠢᠯᠵᠢᠭᠦᠯᠦᠨ ᠥᠭᠬᠦ ᠴᠤᠪᠤᠷᠠᠯ ᠢ ᠴᠣᠮᠬᠠᠳᠬᠠᠬᠤ ᠬᠡᠷᠡᠭᠲᠡᠢ᠃ ᠲᠥᠷᠥᠯ ᠵᠦᠢᠯ ᠢ | ᠬᠠᠷᠢᠭᠤᠴᠠᠬᠤ ᠨᠢᠭᠡᠴᠢ ᠶᠢᠨ ᠬᠢᠨ ᠤ ︽ᠢᠯᠭᠠᠬᠤ ᠲᠡᠮᠳᠡᠭ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠪᠡᠯᠡ ᠮᠥᠩᠭᠦ︾ ᠶᠢᠨ ᠪᠡᠯᠡ | ᠮᠥᠩᠭᠦ ᠶᠢ ᠨᠢ ᠨᠢᠭᠡᠴᠢ ᠶᠢᠨ ᠪᠣᠳᠠᠲᠠᠢ ᠪᠠᠶᠢᠭ᠎ᠠ ᠪᠡᠯᠡ ᠮᠥᠩᠭᠦᠨ ᠤ ᠲᠠᠩᠰᠠᠨ ᠡᠷᠦᠬᠡ ᠳᠤ ᠰᠢᠯᠵᠢᠭᠦᠯᠦᠨ ᠥᠭᠬᠦ ᠶᠢ ᠵᠥᠪᠰᠢᠶᠡᠷᠡᠨ᠎ᠡ᠃ ︵ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠦᠯᠡᠳᠡᠪᠦᠷᠢ ᠪᠡᠯᠡ ᠮᠥᠩᠭᠦᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ ᠲᠥᠷᠥᠯ ᠵᠦᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠦᠭᠰᠡᠨ | ᠮᠥᠷᠲᠡᠭᠡᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠦᠯᠡᠳᠡᠪᠦᠷᠢ ᠪᠡᠯᠡ ᠮᠥᠩᠭᠦ ᠶᠢ ᠲᠥᠷᠥᠯ | ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠦᠯᠡᠳᠡᠭᠡᠨ ᠥᠭᠴᠦ ᠬᠡᠷᠡᠭᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠦᠯᠡᠳᠡᠪᠦᠷᠢ ᠪᠡᠯᠡ | ᠮᠥᠩᠭᠦ ᠪᠠᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠰᠢᠭᠤᠳ ᠵᠠᠷᠤᠯᠭ᠎ᠠ ᠳᠤ ᠬᠡᠷᠡᠭᠯᠡᠬᠦ ᠪᠠᠷ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠤᠤᠯ ᠤᠨ ᠲᠥᠷᠥᠯ ᠵᠦᠢᠯ ᠤᠨ ᠰᠤᠳᠤᠯᠤᠯ ᠤᠨ ᠪᠦᠯᠬᠦᠮ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠣᠳᠣᠯᠬᠢᠯᠠᠵᠤ᠂ ᠦᠯᠡᠳᠡᠪᠦᠷᠢ ᠪᠡᠯᠡ ᠮᠥᠩᠭᠦ ᠶᠢᠨ | ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠦᠯᠡᠳᠡᠪᠦᠷᠢ ᠪᠡᠯᠡ ᠮᠥᠩᠭᠦ ᠶᠢ ᠴᠢᠯᠦᠭᠡᠲᠡᠢ ᠭᠦᠢᠯᠭᠡᠭᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ | ᠠᠬᠢᠴᠠ ᠶᠢ ᠲᠦᠷᠭᠡᠳᠬᠡᠨ᠎ᠡ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ᠳᠥᠷᠪᠡ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ | ︵ᠨᠢᠭᠡ︶ ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠰᠢᠭᠤᠳ ᠵᠠᠷᠤᠳᠠᠯ ᠠᠴᠠ | ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ ᠢ ᠰᠠᠭᠤᠯᠭᠠᠨ ᠠᠪᠤᠭᠰᠠᠨ ᠤ ᠳᠠᠷᠠᠭᠠᠬᠢ ᠬᠡᠰᠡᠭ ᠤᠨ ᠵᠣᠬᠢᠬᠤ ᠬᠠᠷᠢᠴᠠᠯ ᠢᠶᠠᠷ ᠳᠠᠮ ᠵᠠᠷᠤᠳᠠᠯ ᠢ ᠬᠠᠷᠭᠤᠭᠤᠯᠤᠨ | ᠲᠣᠭᠲᠠᠭᠠᠬᠤ ᠪᠥᠭᠡᠳ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ ᠬᠡᠷᠡᠭᠯᠡᠨ᠎ᠡ᠂ ᠡᠭᠦᠨ ᠳᠤ᠂ 500 ᠲᠦᠮᠡᠨ ᠲᠥᠭᠦᠷᠢᠭ ᠠᠴᠠ ᠳᠣᠷᠣᠭᠰᠢᠬᠢ ︵500 ᠲᠦᠮᠡᠨ | ᠲᠥᠭᠦᠷᠢᠭ ᠢ ᠪᠠᠭᠲᠠᠭᠠᠨ᠎ᠠ︶ ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 30% ᠳᠤ ᠬᠦᠷᠲᠡᠯ᠎ᠡ ᠳᠡᠭᠡᠭᠰᠢᠯᠡᠭᠦᠯᠵᠦ᠂ 500 ᠲᠦᠮᠡᠨ ᠲᠥᠭᠦᠷᠢᠭ ᠠᠴᠠ | 1000 ᠲᠦᠮᠡᠨ ᠲᠥᠭᠦᠷᠢᠭ ︵1000 ᠲᠦᠮᠡᠨ ᠲᠥᠭᠦᠷᠢᠭ ᠢ ᠪᠠᠭᠲᠠᠭᠠᠨ᠎ᠠ︶ ᠤᠨ ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 25% ᠬᠦᠷᠲᠡᠯ᠎ᠡ | ᠳᠡᠭᠡᠭᠰᠢᠯᠡᠭᠦᠯᠵᠦ᠂ 1000 ᠲᠦᠮᠡᠨ ᠲᠥᠭᠦᠷᠢᠭ ᠠᠴᠠ ᠳᠡᠭᠡᠭᠰᠢᠬᠢ ᠬᠡᠰᠡᠭ ᠤᠨ ᠳᠠᠮ ᠵᠠᠷᠤᠳᠠᠯ ᠢ ᠬᠠᠮᠤᠭ ᠤᠨ ᠶᠡᠭᠡ ᠳᠤ ᠪᠠᠨ 20% ᠬᠦᠷᠲᠡᠯ᠎ᠡ ᠳᠡᠭᠡᠭᠰᠢᠯᠡᠭᠦᠯᠵᠦ | ᠪᠣᠯᠤᠨ᠎ᠠ︔ ᠲᠣᠭᠠᠨ ᠤ ᠤᠬᠠᠭᠠᠨ ᠵᠡᠷᠭᠡ ᠴᠤᠯ ᠤᠨᠤᠯ ᠤᠨ ᠰᠠᠭᠤᠷᠢ ᠰᠤᠳᠤᠯᠤᠯ ᠤᠨ ᠲᠥᠷᠦᠯ ᠵᠦᠢᠯ ᠤᠨ ᠲᠠᠮ ᠵᠠᠷᠤᠳᠠᠯ ᠤᠨ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠂ ᠭᠡᠬᠦ ᠳᠤ ᠪᠠᠨ 60% ᠠᠴᠠ ᠬᠡᠲᠦᠷᠡᠭᠦᠯᠬᠦ ᠦᠭᠡᠢ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠳᠠᠮ ᠵᠠᠷᠤᠳᠠᠯ ᠢ ᠪᠦᠬᠦᠨ ᠢ | ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠳᠤ ᠬᠡᠷᠡᠭᠯᠡᠵᠦ ᠪᠣᠯᠬᠤ ᠪᠥᠭᠡᠳ ᠰᠢᠨ᠎ᠡ ᠶᠢ ᠡᠭᠦᠳᠦᠭᠰᠡᠨ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ | ᠨᠡᠶᠢᠲᠡ ᠪᠠ ᠬᠤᠪᠢ ᠬᠥᠮᠥᠨ ᠲᠡᠶᠢᠰᠢ ᠬᠡᠯᠪᠠᠶᠢᠯᠭᠡᠨ᠎ᠡ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ | ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠵᠠᠷᠤᠬᠤ ᠬᠡᠪᠴᠢᠶ᠎ᠡ ᠶᠢ ᠥᠷᠭᠡᠳᠬᠡᠨ᠎ᠡ᠃ ᠲᠥᠷᠥᠯ ᠵᠦᠢᠯ ᠳᠤ ᠤᠷᠢᠨ ᠬᠡᠷᠡᠭᠯᠡᠭᠰᠡᠨ ᠬᠥᠮᠥᠰ ᠤᠨ | ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠡᠷᠬᠢᠯᠡᠭᠰᠡᠳ ᠤᠨ ᠳᠤᠮᠳᠠᠴᠢ ᠴᠠᠯᠢᠩ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ᠂ ᠲᠡᠳᠡᠨᠦᠰ ᠤᠨ ᠲᠥᠷᠥᠯ ᠵᠦᠢᠯ ᠤᠨ | ᠰᠤᠳᠤᠯᠤᠯ ᠳᠤ ᠡᠭᠦᠷᠭᠡᠯᠡᠭᠰᠡᠨ ᠡᠭᠦᠷᠭᠡ ᠶᠢ ᠨᠢ ᠦᠨᠳᠦᠰᠦᠯᠡᠨ ᠲᠣᠭᠲᠠᠭᠠᠵᠤ᠂ ᠪᠠᠶᠢᠭᠤᠯᠭ᠎ᠠ ᠨᠢᠭᠡᠴᠢ ᠶᠢᠨ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠵᠦᠢᠯ ᠳᠤ ᠣᠷᠣᠭᠤᠯᠤᠨ᠎ᠠ᠃ | ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠬᠥᠭᠵᠢᠯᠲᠡ ᠶᠢᠨ ᠱᠠᠲᠤ ᠦᠶ᠎ᠡ᠂ ᠲᠥᠷᠥᠯ | ᠬᠡᠯᠪᠡᠷᠢ ᠶᠢᠨ ᠪᠠᠶᠢᠷᠢ ᠲᠣᠭᠲᠠᠭᠠᠯᠲᠠ᠂ ᠡᠭᠦᠷᠭᠡᠯᠡᠬᠦ ᠡᠭᠦᠷᠭᠡ᠂ ᠴᠢᠳᠠᠪᠤᠷᠢᠲᠠᠳ ᠤᠨ ᠪᠦᠲᠦᠴᠡ᠂ ᠪᠠᠶᠢᠭ᠎ᠠ ᠭᠠᠵᠠᠷ ᠣᠷᠣᠨ᠂ ᠣᠲᠣ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠬᠢᠷᠢ ᠲᠦᠪᠰᠢᠨ᠂ ᠡᠳ᠋ ᠤᠨ ᠶᠠᠪᠤᠳᠠᠯ ᠤᠨ ᠪᠠᠶᠢᠳᠠᠯ ᠢᠯᠠᠩᠭᠤᠶ᠎ᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠲᠥᠷᠥᠯ ᠵᠦᠢᠯ ᠤᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠳᠤ ᠬᠡᠷᠡᠭᠯᠡᠵᠦ ᠪᠣᠯᠬᠤ ᠳᠠᠮ ᠵᠠᠷᠤᠳᠠᠯ ᠵᠡᠷᠭᠡ ᠪᠣᠳᠠᠲᠤ ᠪᠠᠶᠢᠳᠠᠯ ᠤᠳ ᠲᠠᠢ ᠤᠶᠠᠯᠳᠤᠭᠤᠯᠤᠨ᠂ | ᠠᠮᠵᠢᠯᠲᠠ ᠪᠦᠲᠦᠮᠵᠢ ᠶᠢᠨ ᠴᠠᠯᠢᠩ ᠤᠨ ᠬᠢᠷᠢ ᠲᠦᠪᠰᠢᠨ ᠪᠠ ᠶᠡᠷᠦᠩᠬᠡᠢ ᠬᠡᠮᠵᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠬᠤᠪᠢᠶᠠᠷᠢᠯᠠᠬᠤ ᠳᠤ ᠪᠠᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠡᠭᠦᠷᠭᠡ ᠶᠢ ᠨᠡᠯᠢᠶᠡᠳ ᠣᠯᠠᠨ | ᠡᠭᠦᠷᠭᠡᠯᠡᠭᠰᠡᠨ᠂ ᠦᠷ᠎ᠡ ᠪᠦᠲᠦᠮᠵᠢ ᠪᠠᠷ ᠲᠣᠪᠤᠶᠢᠮ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠲᠡᠶᠢᠰᠢ ᠬᠡᠯᠪᠠᠶᠢᠯᠭᠡᠬᠦ ᠬᠡᠷᠡᠭᠲᠡᠢ᠃ ᠤᠯᠤᠰ ᠪᠠ ᠥᠪᠡᠷᠲᠡᠭᠡᠨ | ᠵᠠᠰᠠᠬᠤ ᠣᠷᠣᠨ ᠤ ᠵᠠᠩᠭᠢᠯᠠᠭ᠎ᠠ ᠶᠢᠨ ᠬᠦᠷᠢᠶᠡᠨ ᠳᠠᠬᠢ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠬᠢᠬᠦ ᠡᠭᠦᠷᠭᠡ ᠶᠢ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ | ᠰᠤᠳᠤᠯᠤᠯ ᠤᠨ ᠠᠵᠢᠯᠲᠠᠨ ᠤ ᠣᠨ ᠤ ᠴᠠᠯᠢᠩ ᠤᠨ ᠳᠦᠷᠢᠮ ᠤᠨ ᠲᠤᠷᠰᠢᠯᠭ᠎ᠠ ᠪᠠᠷ ᠲᠣᠯᠢ ᠪᠣᠯᠭᠠᠨ᠂ ᠪᠠᠴᠢᠮ ᠬᠡᠷᠡᠭᠰᠡᠭᠳᠡᠵᠦ ᠪᠠᠶᠢᠭ᠎ᠠ᠂ ᠠᠵᠢᠯ ᠲᠥᠷᠥᠯ ᠳᠤ ᠪᠠᠨ | ᠮᠡᠳᠡᠷᠡᠭᠳᠡᠭᠰᠡᠨ᠂ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠲᠦᠢᠯ ᠤᠨ ᠴᠥᠭᠡᠨ ᠲᠣᠭᠠᠨ ᠤ ᠳᠡᠭᠡᠳᠦ ᠲᠠᠰ ᠤᠨ ᠴᠢᠳᠠᠪᠤᠷᠢᠲᠠᠳ ᠲᠤ ᠣᠨ ᠤ ᠴᠠᠯᠢᠩ ᠤᠨ | ᠳᠦᠷᠢᠮ ᠬᠡᠷᠡᠭᠵᠢᠭᠦᠯᠬᠦ ᠶᠢ ᠰᠦᠪᠡᠭᠴᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ | ᠵᠥᠪᠯᠡᠯ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠱᠠᠩᠨᠠᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠤᠳ ᠢ ᠬᠢᠨᠠᠮᠠᠭᠠᠢ ᠨᠠᠶᠢᠳᠠᠪᠤᠷᠢᠵᠢᠭᠤᠯᠵᠤ᠂ | ᠵᠥᠪᠳᠡᠯᠴᠡᠭᠡᠷ ᠢᠶᠠᠷ ᠦᠨ᠎ᠡ ᠲᠣᠭᠲᠠᠭᠠᠬᠤ᠂ ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠨ ᠠᠷᠠᠯᠵᠢᠶᠠᠯᠠᠬᠤ᠂ ᠦᠨ᠎ᠡ ᠬᠠᠶᠠᠯᠴᠠᠨ ᠬᠤᠳᠠᠯᠳᠤᠬᠤ | ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣ ᠪᠠᠶᠢᠭ᠎ᠠ ᠦᠷ᠎ᠡ ᠪᠦᠲᠦᠭᠡᠯ ᠢᠶᠠᠨ ᠤᠯᠠᠷᠢᠭᠤᠯᠬᠤ | ᠬᠡᠷᠡᠭᠲᠡᠢ᠃ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠭᠠᠷᠭᠠᠭᠴᠢ ᠪᠠ | ᠤᠯᠠᠷᠢᠭᠤᠯᠤᠯᠲᠠ ᠳᠤ ᠴᠢᠬᠤᠯᠠ ᠬᠤᠪᠢ ᠨᠡᠮᠡᠷᠢᠯᠡᠭᠰᠡᠨ ᠬᠥᠮᠥᠰ ᠲᠤ ᠤᠯᠠᠷᠢᠭᠤᠯᠤᠯᠲᠠ ᠠᠴᠠ ᠣᠯᠣᠭᠰᠠᠨ ᠠᠰᠢᠭ ᠣᠷᠣᠯᠭ᠎ᠠ ᠶᠢ ᠱᠠᠩᠨᠠᠯ ᠬᠥᠬᠢᠭᠦᠯᠦᠯ ᠪᠠ ᠬᠠᠷᠠᠮᠵᠢ | ᠪᠣᠯᠭᠠᠨ ᠣᠯᠭᠤᠵᠤ᠂ ᠦᠯᠡᠳᠡᠭᠰᠡᠨ ᠬᠡᠰᠡᠭ ᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠬᠢᠭᠡᠳ ᠦᠷ᠎ᠡ ᠪᠦᠲᠦᠭᠡᠯ ᠢ ᠤᠯᠠᠷᠢᠭᠤᠯᠬᠤ | ᠵᠡᠷᠭᠡ ᠬᠠᠮᠢᠶ᠎ᠠ ᠪᠦᠬᠦᠢ ᠠᠵᠢᠯ ᠳᠤ ᠬᠡᠷᠡᠭᠯᠡᠭᠦᠯᠬᠦ ᠪᠠᠷ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠳᠤ ᠦᠯᠡᠳᠡᠭᠡᠨ ᠥᠭᠭᠦᠨ᠎ᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠭᠰᠠᠨ ᠠᠰᠢᠭ ᠣᠷᠣᠯᠭ᠎ᠠ ᠶᠢ ᠬᠤᠪᠢᠶᠠᠷᠢᠯᠠᠬᠤ ᠪᠣᠳᠠᠲᠠᠢ ᠠᠷᠭ᠎ᠠ ᠮᠠᠶ᠋ᠢᠭ ᠪᠠ ᠬᠠᠷᠢᠴᠠᠯ ᠢ ᠲᠣᠰ | ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠰᠠᠨᠠᠯ ᠢ ᠭᠦᠢᠴᠡᠳ ᠰᠣᠨᠣᠰᠤᠭᠰᠠᠨ ᠰᠠᠭᠤᠷᠢᠨ ᠳᠡᠭᠡᠷ᠎ᠡ ᠬᠡᠯᠡᠯᠴᠡᠨ ᠲᠣᠬᠢᠷᠠᠨ᠎ᠠ᠃ ᠡᠭᠦᠷᠭᠡ | ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠭᠰᠠᠨ ᠪᠡᠯᠡᠨ ᠮᠥᠩᠭᠦᠨ ᠤ ᠱᠠᠩᠨᠠᠯ ᠢ ᠪᠠᠶᠢᠭ᠎ᠠ ᠨᠢᠭᠡᠴᠢ ᠶᠢᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠳᠤ ᠪᠤᠳᠤᠵᠤ ᠣᠷᠣᠭᠤᠯᠤᠨ᠎ᠠ᠂ ᠭᠡᠪᠡᠴᠦ ᠨᠢᠭᠡᠨᠲᠡ ᠬᠠᠷᠭᠤᠭᠤᠯᠤᠨ ᠲᠣᠭᠲᠠᠭᠠᠭᠰᠠᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶᠡᠨ ᠳᠤ ᠬᠢᠵᠠᠭᠠᠷᠯᠠᠭᠳᠠᠬᠤ ᠦᠭᠡᠢ᠂ ᠳᠠᠷᠠᠭ᠎ᠠ ᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠢ ᠬᠡᠮᠵᠢᠶ᠎ᠡ ᠶᠢ ᠲᠣᠭᠲᠠᠭᠠᠬᠤ ᠰᠠᠭᠤᠷᠢ ᠲᠤᠭ᠎ᠠ ᠪᠣᠯᠭᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠲᠠᠪᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠶᠢ ᠬᠥᠩᠭᠡᠷᠡᠭᠦᠯᠦᠨ᠎ᠡ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠬᠡᠷᠡᠭᠴᠡᠭᠡ ᠪᠠᠨ ᠦᠨᠳᠦᠰᠦᠯᠡᠨ᠂ ᠰᠢᠨᠵᠢᠯᠡᠬᠦ | ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠶᠢᠨ ᠳᠣᠲᠣᠭᠠᠳᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠣᠯᠠᠨ ᠵᠦᠢᠯ ᠤᠨ | ᠬᠡᠯᠪᠡᠷᠢ ᠪᠠᠷ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠤᠷᠢᠨ ᠬᠡᠷᠡᠭᠯᠡᠬᠦ ᠶᠢ ᠡᠵᠡᠨ ᠮᠡᠳᠡᠨ ᠰᠣᠩᠭᠤᠵᠤ᠂ ᠲᠥᠷᠥᠯ ᠵᠦᠢᠯ ᠨᠢᠭᠡ | ᠪᠦᠷᠢ ᠳᠤ ᠬᠠᠷᠢᠴᠠᠩᠭᠤᠢ ᠲᠣᠭᠲᠠᠪᠤᠷᠢᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠲᠤ ᠲᠥᠰᠥᠪ ᠨᠠᠶᠢᠷᠠᠭᠤᠯᠤᠨ ᠵᠣᠬᠢᠶᠠᠬᠤ᠂ ᠵᠠᠷᠤᠳᠠᠯ ᠤᠨ ᠲᠠᠩᠰᠠ ᠲᠠᠶᠢᠯᠬᠤ ᠵᠡᠷᠭᠡ ᠲᠠᠯ᠎ᠠ ᠪᠠᠷ | ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠤᠷᠢᠨ ᠬᠡᠷᠡᠭᠯᠡᠬᠦ ᠳᠤ ᠬᠡᠷᠡᠭᠰᠡᠬᠦ | ᠬᠥᠮᠥᠨ ᠤ ᠬᠦᠴᠦᠨ ᠤ ᠥᠪᠡᠷ ᠤᠨ ᠥᠷᠲᠡᠭ ᠤᠨ ᠵᠠᠷᠤᠳᠠᠯ ︵ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠪᠠᠭᠲᠠᠨ᠎ᠠ︶ ᠢ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠠᠴᠠ ᠭᠠᠷᠭᠠᠬᠤ ᠵᠡᠷᠭᠡ ᠠᠷᠭ᠎ᠠ ᠪᠠᠷ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ ᠪᠣᠯᠣᠨ᠎ᠠ᠃ ︵ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠡᠳ᠋ ᠤᠨ ᠶᠠᠪᠤᠳᠠᠯ ᠤᠨ ᠲᠠᠩᠰᠠ ᠲᠠᠶᠢᠯᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠠᠶᠢᠵᠢᠷᠠᠭᠤᠯᠤᠨ᠎ᠠ᠃ ᠲᠥᠷᠥᠯ ᠵᠦᠢᠯ ᠢ ᠳᠠᠭᠠᠭᠠᠨ | ᠬᠠᠷᠢᠭᠤᠴᠠᠬᠤ ᠨᠢᠭᠡᠴᠢ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠪᠣᠳᠠᠲᠤ ᠬᠡᠷᠡᠭᠴᠡᠭᠡ ᠳᠤ ᠨᠡᠶᠢᠴᠡᠭᠰᠡᠨ ᠳᠣᠲᠣᠭᠠᠳᠤ ᠶᠢᠨ ᠲᠠᠩᠰᠠ ᠲᠠᠶᠢᠯᠬᠤ ᠲᠣᠭᠲᠠᠭᠠᠯ ᠢ | ᠲᠣᠭᠲᠠᠭᠠᠨ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠪᠣᠳᠠᠲᠤ ᠬᠡᠷᠡᠭᠴᠡᠭᠡᠨ ᠠᠴᠠ ᠪᠣᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠰᠬᠠᠢ | ᠮᠡᠷᠭᠡᠵᠢᠯᠲᠡᠳ᠂ ᠡᠷᠳᠡᠮᠲᠡᠳ ᠪᠠ ᠬᠤᠯᠪᠣᠭᠳᠠᠯ ᠪᠦᠬᠦᠢ ᠬᠥᠮᠥᠰ ᠢ ᠭᠤᠣᠯᠯᠠᠨ ᠡᠷᠭᠢᠯᠡᠭᠰᠡᠨ ᠬᠤᠷᠠᠯ ᠵᠡᠷᠭᠡ ᠳᠤ ᠪᠠᠨ ᠤᠷᠢᠨ ᠣᠷᠣᠯᠴᠠᠭᠤᠯᠬᠤ ᠳᠤ ᠭᠠᠷᠤᠭᠰᠠᠨ ᠵᠠᠪᠠᠯ | ᠬᠠᠷᠢᠭᠤᠴᠠᠬᠤ ᠴᠢᠬᠤᠯᠠᠲᠠᠢ ᠬᠤᠲᠠ ᠬᠤᠭᠤᠷᠣᠨᠳᠣᠬᠢ ᠪᠠ ᠤᠯᠤᠰ ᠬᠤᠭᠤᠷᠣᠨᠳᠣᠬᠢ ᠵᠠᠮ ᠬᠠᠷᠢᠯᠴᠠᠭᠠᠨ ᠤ ᠵᠠᠷᠤᠳᠠᠯ ᠢ ᠬᠤᠷᠠᠯ ᠤᠨ ᠵᠠᠷᠤᠳᠠᠯ ᠵᠡᠷᠭᠡ ᠠᠴᠠ ᠭᠠᠷᠭᠠᠵᠤ | ᠪᠣᠯᠣᠨ᠎ᠠ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠬᠢᠨ ᠤᠯᠤᠰ ᠤᠨ ᠳᠣᠲᠣᠭᠠᠳᠤ ᠶᠢᠨ ᠵᠠᠮ ᠤᠨ ᠵᠠᠷᠤᠳᠠᠯ ᠤᠨ ᠳᠣᠲᠣᠷᠠᠬᠢ ᠬᠤᠭᠤᠯᠠᠨ ᠤ | ᠨᠥᠬᠦᠪᠦᠷᠢ᠂ ᠬᠤᠲᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ ᠪᠠ ᠪᠠᠷᠢᠮᠲᠠ ᠣᠯᠬᠤ ᠳᠤ ᠬᠦᠴᠢᠷᠲᠡᠢ ᠬᠤᠨᠤᠭ ᠤᠨ ᠵᠠᠷᠤᠳᠠᠯ ᠳᠤ ᠳᠠᠭᠠᠭᠠᠴᠢᠯᠠᠯᠲᠠ ᠶᠢᠨ | ᠳᠦᠷᠢᠮ ᠬᠡᠷᠡᠭᠵᠢᠭᠦᠯᠬᠦ ᠶᠢ ᠵᠥᠪᠰᠢᠶᠡᠷᠡᠨ᠎ᠡ᠃ ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠴᠠᠭᠠᠰᠤ ᠬᠡᠷᠡᠭᠯᠡᠬᠦ ᠦᠭᠡᠢ ᠪᠠᠷ ᠲᠠᠩᠰᠠ ᠲᠠᠶᠢᠯᠬᠤ ᠲᠤᠷᠰᠢᠯᠲᠠ ᠶᠢᠨ ᠴᠡᠭ ᠢ | ᠬᠡᠷᠡᠭᠵᠢᠭᠦᠯᠦᠨ᠎ᠡ᠃ ᠡᠯᠧᠺᠲᠷᠤᠨ ᠫᠢᠶᠣᠣ ᠪᠠᠷᠢᠮᠲᠠ ᠶᠢ ᠭᠥᠯᠢᠶᠡᠨ ᠠᠪᠬᠤ᠂ ᠲᠠᠩᠰᠠᠨ ᠳᠤ ᠣᠷᠣᠭᠤᠯᠬᠤ᠂ ᠲᠠᠩᠰᠠ ᠡᠪᠬᠡᠮᠡᠯ ᠳᠤ ᠣᠷᠣᠭᠤᠯᠤᠨ ᠰᠢᠢᠳᠪᠦᠷᠢᠯᠡᠬᠦ | ᠠᠵᠢᠯ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠳᠠᠭ ᠬᠡᠰᠡᠭ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ ᠢ ᠰᠣᠩᠭᠤᠨ᠂ ᠲᠠᠩᠰᠠᠨ ᠳᠤ ᠣᠷᠣᠭᠤᠯᠤᠭᠰᠠᠨ ᠡᠯᠧᠺᠲᠷᠤᠨ ᠭᠡᠷᠡᠴᠢ ᠪᠠᠷᠢᠮᠲᠠ ᠶᠢ ᠨᠢᠭᠲᠠᠯᠠᠨ | ᠪᠣᠳᠣᠬᠤ ᠲᠤᠭ᠎ᠠ ᠪᠠᠷᠢᠮᠲᠠ ᠶᠢᠨ ᠪᠠᠷᠢᠮᠵᠢᠶ᠎ᠠ ᠶᠢ ᠳᠡᠯᠭᠡᠷᠡᠭᠦᠯᠬᠦ ᠬᠡᠪᠴᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠲᠠᠩᠰᠠ | ᠲᠠᠶᠢᠯᠬᠤ ᠶᠢ ᠲᠣᠭᠠᠵᠢᠭᠤᠯᠬᠤ᠂ ᠴᠠᠭᠠᠰᠤ ᠬᠡᠷᠡᠭᠯᠡᠬᠦ ᠦᠭᠡᠢ ᠪᠣᠯᠭᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠡᠷᠭᠡ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠳᠥᠷᠪᠡ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠰᠤᠳᠤᠯᠭᠠᠨ ᠤ ᠰᠡᠳᠦᠪ ᠢ ᠲᠡᠭᠦᠰᠬᠡᠬᠦ ᠡᠳ᠋ ᠤᠨ | ᠶᠠᠪᠤᠳᠠᠯ ᠤᠨ ᠬᠠᠮᠢᠶᠠᠷᠤᠯᠲᠠ ᠶᠢ ᠬᠢᠯᠪᠠᠷᠴᠢᠯᠠᠨ᠎ᠠ᠃ ᠡᠳ᠋ ᠤᠨ ᠶᠠᠪᠤᠳᠠᠯ ᠪᠠ ᠮᠡᠷᠭᠡᠵᠢᠯ ᠤᠨ ᠰᠢᠯᠭᠠᠨ ᠬᠤᠷᠢᠶᠠᠨ ᠠᠪᠤᠯᠲᠠ ᠶᠢ ᠨᠡᠶᠢᠯᠡᠭᠦᠯᠵᠦ᠂ ᠠᠮᠵᠢᠯᠲᠠ | ᠪᠦᠲᠦᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭᠠᠨ ᠤ ᠡᠴᠦᠰ ᠲᠤ ᠨᠢᠭᠡ ᠯᠠ ᠤᠳᠠᠭ᠎ᠠ ᠶᠢᠨ ᠴᠢᠨᠠᠷᠲᠠᠢ ᠬᠢᠨ᠎ᠡ᠃ | ᠲᠦᠷᠦᠯ ᠵᠦᠢᠯ ᠢ ᠰᠢᠯᠭᠠᠨ ᠬᠤᠷᠢᠶᠠᠵᠤ ᠠᠪᠬᠤ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠢ ᠲᠡᠭᠦᠰᠬᠡᠬᠦ ᠠᠵᠢᠯᠯᠠᠭᠠᠨ ᠤ ᠵᠦᠭᠯᠡᠭᠦᠷ ᠢ | ᠲᠡᠭᠦᠯᠳᠡᠷᠵᠢᠭᠦᠯᠵᠦ᠂ ᠲᠥᠰᠥᠪ ᠤᠨ ᠲᠣᠬᠢᠷᠠᠭᠤᠯᠤᠯᠲᠠ᠂ ᠲᠥᠬᠦᠭᠡᠷᠦᠮᠵᠢ ᠶᠢᠨ ᠬᠠᠮᠢᠶᠠᠷᠤᠯᠲᠠ᠂ ᠠᠵᠢᠯᠲᠠᠨ ᠤ ᠵᠠᠷᠤᠳᠠᠯ ᠵᠡᠷᠭᠡ ᠡᠳ᠋ ᠤᠨ ᠶᠠᠪᠤᠳᠠᠯ᠂ ᠨᠢᠭᠲᠠᠯᠠᠨ ᠪᠤᠳᠤᠬᠤ᠂ | ᠬᠢᠨᠠᠨ ᠪᠤᠳᠤᠬᠤ ᠲᠠᠯ᠎ᠠ ᠶᠢᠨ ᠪᠣᠳᠠᠲᠠᠢ ᠱᠠᠭᠠᠷᠳᠠᠯᠭ᠎ᠠ ᠨᠤᠭᠤᠳ ᠢ ᠨᠠᠷᠢᠯᠢᠭᠵᠢᠭᠤᠯᠤᠨ ᠲᠣᠳᠣᠷᠬᠠᠶᠢᠯᠠᠵᠤ᠂ ᠬᠤᠯᠪᠣᠭᠳᠠᠯ ᠪᠦᠬᠦᠢ ᠪᠠᠶᠢᠭᠤᠯᠤᠮᠵᠢ ᠪᠠ ᠠᠵᠢᠯᠲᠠᠨ | ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠪᠠ ᠪᠠᠶᠢᠴᠠᠭᠠᠬᠤ ᠳᠤ ᠪᠠᠨ ᠲᠥᠷᠥ ᠶᠢᠨ ᠪᠣᠳᠣᠯᠭ᠎ᠠ ᠶᠢ ᠠᠳᠡᠭᠦᠦ ᠣᠶᠢᠯᠠᠭᠠᠨ ᠪᠤᠷᠤᠭᠤ ᠬᠡᠷᠡᠭᠵᠢᠭᠦᠯᠬᠦ ᠠᠴᠠ | ᠵᠠᠶᠢᠯᠠᠰᠬᠢᠨ᠎ᠡ᠃ ᠰᠢᠨ᠎ᠡ ᠶᠢ ᠡᠭᠦᠳᠬᠦ ᠴᠢᠳᠠᠪᠤᠷᠢ ᠪᠠ ᠳᠠᠯᠳᠠ ᠬᠦᠴᠦᠨ ᠢᠶᠠᠷ ᠲᠣᠪᠤᠶᠢᠮ᠎ᠠ᠂ ᠰᠢᠨ᠎ᠡ ᠶᠢ ᠡᠭᠦᠳᠦᠭᠰᠡᠨ ᠠᠵᠢᠯ ᠤᠨ ᠠᠮᠵᠢᠯᠲᠠ ᠪᠦᠲᠦᠮᠵᠢ ᠢᠯᠡᠳᠲᠡ᠂ | ᠰᠢᠨᠵᠢᠯᠡᠬᠦ ᠤᠬᠠᠭᠠᠨ ᠤ ᠰᠤᠳᠤᠯᠤᠯ ᠳᠤ ᠪᠠᠨ ᠦᠨᠡᠨᠴᠢ ᠢᠲᠡᠭᠡᠮᠵᠢᠲᠡᠢ ᠬᠡᠰᠡᠭ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ᠂ ᠠᠵᠤ ᠠᠬᠤᠶᠢᠯᠠᠯ ᠢ ᠰᠣᠩᠭᠤᠨ ᠲᠤᠷᠰᠢᠯᠲᠠ ᠶᠢᠨ ᠨᠢᠭᠡᠴᠢ ᠪᠣᠯᠭᠠᠵᠤ᠂ ᠲᠡᠳᠡᠨᠦᠰ ᠤᠨ ᠭᠠᠷᠭᠠᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ | ᠵᠦᠢᠯ ᠤᠨ ᠵᠠᠷᠤᠳᠠᠯ ᠤᠨ ᠲᠥᠰᠥᠪ ᠤᠨ ᠭᠦᠢᠴᠡᠳᠬᠡᠯ ᠮᠡᠳᠡᠭᠦᠯᠬᠦ ᠬᠦᠰᠦᠨᠦᠭᠲᠦ ᠪᠠᠷ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠲᠡᠭᠦᠰᠬᠡᠬᠦ ᠦᠨᠳᠦᠰᠦᠯᠡᠯ | ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠰᠡᠳᠦᠪ ᠲᠡᠭᠦᠰᠬᠡᠬᠦ ᠡᠳ᠋ ᠤᠨ ᠶᠠᠪᠤᠳᠠᠯ ᠤᠨ ᠬᠢᠨᠠᠨ ᠪᠣᠳᠣᠯᠲᠠ ᠶᠢ ᠬᠦᠴᠦᠨ ᠦᠭᠡᠢ | ᠪᠣᠯᠭᠠᠨ᠎ᠠ᠃ ᠲᠤᠷᠰᠢᠯᠲᠠ ᠶᠢᠨ ᠴᠡᠭ ᠪᠣᠯᠬᠤ ᠨᠢᠭᠡᠴᠢ ᠨᠦᠭᠦᠳ ᠨᠢ ᠵᠠᠷᠤᠳᠠᠯ ᠤᠨ ᠲᠥᠰᠥᠪ ᠤᠨ ᠭᠦᠢᠴᠡᠳᠬᠡᠯ ᠮᠡᠳᠡᠭᠦᠯᠬᠦ ᠬᠦᠰᠦᠨᠦᠭᠲᠦ ᠶᠢᠨ ᠦᠨᠡᠨ ᠪᠣᠳᠠᠲᠤ ᠴᠢᠨᠠᠷ᠂ | ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠭᠤᠴᠢᠨ ᠪᠠᠶᠢᠴᠠᠭᠠᠬᠤ | ᠠᠵᠢᠯ ᠢ ᠲᠣᠬᠢᠷᠠᠮᠵᠢᠲᠠᠢ ᠴᠠᠭ ᠲᠤ ᠨᠢ ᠵᠣᠬᠢᠶᠠᠨ ᠪᠠᠶᠢᠭᠤᠯᠤᠨ᠎ᠠ᠃ ︵ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠲᠠᠪᠤ︶ ᠰᠢᠨᠵᠢᠯᠡᠬᠦ ᠤᠬᠠᠭᠠᠨ ᠤ ᠰᠤᠳᠤᠯᠤᠯ ᠤᠨ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠬᠢᠯᠪᠠᠷᠴᠢᠯᠠᠨ᠎ᠠ᠃ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠳᠤ | ᠰᠢᠨ᠎ᠡ ᠶᠢ ᠡᠭᠦᠳᠦᠨ᠎ᠡ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠤᠳ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠳᠠᠯᠳᠤᠨ | ᠠᠪᠬᠤ ᠬᠥᠮᠥᠨ ᠬᠠᠷᠢᠭᠤᠴᠠᠬᠤ︾ ᠵᠠᠷᠴᠢᠮ ᠶᠣᠰᠣᠭᠠᠷ᠂ ᠬᠤᠳᠠᠯᠳᠤᠨ ᠠᠪᠤᠭᠴᠢ ᠬᠤᠳᠠᠯᠳᠤᠨ ᠠᠪᠬᠤ ᠱᠠᠭᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ ᠳᠤ | ᠬᠠᠷᠢᠭᠤᠴᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠳᠣᠲᠣᠭᠠᠳᠤ ᠶᠢᠨ ᠬᠢᠨᠠᠨ ᠵᠥᠪᠰᠢᠶᠡᠷᠡᠬᠦ ᠴᠤᠪᠤᠷᠠᠯ ᠢ ᠴᠣᠮᠬᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠠᠴᠠ ᠵᠢᠭᠠᠨ ᠲᠣᠭᠲᠠᠭᠠᠭᠰᠠᠨ ᠵᠠᠭᠤᠴᠢᠯᠠᠭᠤᠷ ᠪᠠ ᠲᠤᠰᠬᠠᠢ ᠰᠦᠯᠵᠢᠶᠡᠨ ᠤ | ᠳᠠᠪᠠᠭᠤᠯᠢᠭ ᠢ ᠭᠦᠢᠴᠡᠳ ᠠᠰᠢᠭᠯᠠᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠬᠤᠳᠠᠯᠳᠤᠨ ᠠᠪᠬᠤ ᠮᠡᠳᠡᠭᠡ | ᠵᠠᠩᠭᠢ ᠶᠢ ᠢᠯᠡ ᠨᠡᠶᠢᠲᠡᠯᠡᠬᠦ ᠠᠷᠭ᠎ᠠ ᠵᠠᠮ ᠬᠠᠩᠭᠠᠨ᠎ᠠ︔ ᠨᠢᠭᠡᠨᠲᠡ ᠪᠠᠶᠢᠭᠤᠯᠤᠭᠳᠠᠭᠰᠠᠨ ᠡᠯᠧᠺᠲᠷᠤᠨ ᠬᠤᠳᠠᠯᠳᠤᠭᠠᠨ ᠤ ᠲᠠᠯᠠᠪᠤᠷ ᠤᠨ ᠲᠠᠪᠴᠠᠩ ᠤᠨ ᠳᠠᠪᠠᠭᠤᠯᠢᠭ ᠢ | ᠠᠰᠢᠭᠯᠠᠨ ᠪᠠᠭ᠎ᠠ ᠬᠡᠮᠵᠢᠶᠡᠨ ᠤ ᠵᠢᠵᠢᠭ ᠰᠠᠵᠢᠭ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠪᠠ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠲᠥᠬᠦᠮ | ᠦᠵᠡᠭᠦᠯᠬᠦ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠳᠤ ᠪᠠᠴᠢᠮ ᠬᠡᠷᠡᠭᠰᠡᠬᠦ ᠲᠥᠬᠦᠭᠡᠷᠦᠮᠵᠢ ᠪᠠ ᠬᠤᠷᠣᠭᠳᠠᠯ | ᠮᠠᠲ᠋ᠧᠷᠢᠶᠠᠯ ᠳᠤ ︽ᠣᠨᠴᠠᠭᠠᠶ ᠬᠡᠷᠡᠭ ᠢ ᠣᠨᠴᠠᠭᠠᠶ ᠰᠢᠢᠳᠪᠦᠷᠢᠯᠡᠬᠦ᠂ ᠪᠠᠴᠢᠮ ᠬᠡᠷᠡᠭ ᠢ ᠪᠠᠴᠢᠮ ᠰᠢᠢᠳᠪᠦᠷᠢᠯᠡᠬᠦ︾ ᠬᠤᠳᠠᠯᠳᠤᠨ ᠠᠪᠬᠤ ᠲᠣᠭᠲᠠᠴᠠ ᠶᠢ ᠬᠡᠷᠡᠭᠵᠢᠭᠦᠯᠵᠦ᠂ | ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠬᠤ ᠠᠯᠬᠤᠮ ᠳᠠᠷᠠᠭᠠᠯᠠᠯ ᠢᠶᠠᠷ ᠶᠠᠪᠤᠭᠤᠯᠬᠤ ᠦᠭᠡᠢ ᠪᠠᠶᠢᠵᠤ ᠪᠣᠯᠣᠨ᠎ᠠ᠃ ᠢᠯᠡ ᠪᠠᠷ ᠳᠠᠭᠠᠭᠠᠴᠢᠯᠠᠯᠲᠠ | ᠵᠠᠷᠯᠠᠬᠤ ᠲᠤᠭ᠎ᠠ ᠬᠡᠮᠵᠢᠶᠡᠨ ᠤ ᠪᠠᠷᠢᠮᠵᠢᠶ᠎ᠠ ᠳᠤ ᠬᠦᠷᠦᠭᠰᠡᠨ ᠪᠣᠯᠪᠠᠴᠤ ᠳᠠᠭᠠᠭᠠᠴᠢᠯᠠᠯᠲᠠ ᠵᠠᠷᠯᠠᠬᠤ ᠪᠤᠰᠤ ᠠᠷᠭ᠎ᠠ ᠮᠠᠶ᠋ᠢᠭ ᠢ ᠬᠡᠷᠡᠭᠯᠡᠭᠰᠡᠨ ᠳᠤ ᠨᠢ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠭᠤᠶᠤᠴᠢᠯᠠᠯ ᠭᠠᠷᠭᠠᠨ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠣᠭᠲᠠᠭᠰᠠᠨ ᠴᠠᠭ ᠲᠤ ᠭᠦᠢᠴᠡᠳᠬᠡᠵᠦ ᠳᠠᠭᠤᠰᠬᠠᠬᠤ ᠳᠦᠷᠢᠮ ᠢ ᠬᠡᠷᠡᠭᠵᠢᠭᠦᠯᠦᠨ᠎ᠡ᠂ ᠵᠠᠷᠴᠢᠮ ᠳᠡᠭᠡᠷ᠎ᠡ ᠪᠠᠨ ᠭᠤᠶᠤᠴᠢᠯᠠᠯ ᠢ ᠣᠯᠣᠭᠰᠠᠨ ᠤ ᠳᠠᠷᠠᠭ᠎ᠠ 5 | ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ | ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠢ ᠰᠤᠳᠤᠯᠤᠨ ᠠᠬᠢᠭᠤᠯᠵᠤ᠂ ᠪᠤᠰᠤᠳ ᠵᠦᠢᠯ ᠵᠤᠷᠪᠤᠰ ᠤᠳ ᠢ ᠤᠯᠠᠮ ᠨᠢᠭᠡ ᠠᠯᠬᠤᠮ | ᠲᠣᠳᠣᠷᠬᠠᠢ ᠲᠣᠭᠲᠠᠭᠠᠬᠤ ᠬᠡᠷᠡᠭᠲᠡᠢ᠃ ︵ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠥᠷᠥᠯ ᠵᠦᠢᠯ ᠢ | ᠳᠠᠭᠠᠭᠠᠨ ᠬᠠᠷᠢᠭᠤᠴᠠᠬᠤ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵ᠵᠢᠷᠭᠤᠭ᠎ᠠ︶ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠠᠯᠪᠠᠨ ᠠᠵᠢᠯ ᠢᠶᠠᠷ ᠭᠠᠳᠠᠭᠠᠳᠤ ᠳᠤ ︵ᠬᠢᠯᠢ ᠠᠴᠠ︶ ᠭᠠᠷᠬᠤ ᠬᠠᠮᠢᠶᠠᠷᠤᠯᠲᠠ ᠶᠢᠨ | ᠠᠷᠭ᠎ᠠ ᠮᠠᠶ᠋ᠢᠭ ᠢ ᠰᠠᠶᠢᠵᠢᠷᠠᠭᠤᠯᠤᠨ᠎ᠠ᠃ ᠣᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠬᠦ ᠠᠯᠪᠠᠨ ᠤ ᠠᠵᠢᠯ ᠢᠶᠠᠷ ᠭᠠᠳᠠᠭᠠᠳᠤ ᠳᠤ ︵ᠬᠢᠯᠢ ᠠᠴᠠ︶ | ᠭᠠᠷᠬᠤ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ ᠬᠠᠮᠢᠶᠠᠷᠤᠯᠲᠠ ᠶᠢ ᠵᠠᠰᠠᠭ ᠵᠠᠬᠢᠷᠭᠠᠨ ᠤ ᠠᠵᠢᠯᠲᠠᠳ ᠤᠨ ᠠᠴᠠ ᠢᠯᠭᠠᠭ᠎ᠠ ᠲᠠᠢ ᠪᠠᠶᠢᠯᠭᠠᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠦᠭᠡᠳᠦᠢ ᠪᠠᠶᠢᠳᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠠᠴᠠ ᠵᠠᠷᠤᠳᠠᠯ ᠭᠠᠷᠭᠠᠭᠰᠠᠨ ᠣᠯᠠᠨ ᠤᠯᠤᠰ ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠲᠤᠬᠠᠶᠢᠯᠠᠭᠰᠠᠨ ᠠᠵᠢᠯ ᠢᠶᠠᠷ ᠲᠤᠰᠠᠭᠠᠷ ᠬᠠᠮᠢᠶᠠᠷᠴᠤ᠂ | ᠬᠡᠷᠡᠭᠴᠡᠭᠡ ᠪᠠᠨ ᠦᠨᠳᠦᠰᠦᠯᠡᠨ ᠠᠵᠢᠯ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠠᠴᠠ ᠭᠠᠷᠭᠠᠭᠰᠠᠨ ᠤᠯᠠᠨ ᠤᠯᠤᠰ ᠤᠨ ᠬᠠᠮᠲᠤᠷᠠᠯᠴᠠᠭ᠎ᠠ | ᠪᠠ ᠰᠣᠯᠢᠯᠴᠠᠭᠠᠨ ᠤ ᠵᠠᠷᠤᠳᠠᠯ ᠢ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠪᠦᠷᠢᠳᠬᠡᠯ ᠤᠨ ᠬᠡᠪᠴᠢᠶᠡᠨ ᠳᠤ ᠣᠷᠣᠭᠤᠯᠬᠤ ᠦᠭᠡᠢ᠂ ᠥᠰᠦᠯᠲᠡ ᠦᠭᠡᠢ | ᠪᠠᠶᠢᠯᠭᠠᠬᠤ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ᠃ ︵ᠲᠥᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠵᠢᠷᠭᠤᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠳᠠᠬᠢ ᠣᠷᠣᠭᠤᠯᠤᠯᠲᠠ ᠶᠢ ᠳᠡᠮᠵᠢᠬᠦ ᠠᠷᠭ᠎ᠠ ᠮᠠᠶ᠋ᠢᠭ ᠲᠤ ᠰᠢᠨ᠎ᠡ ᠶᠢ | ᠡᠭᠦᠳᠦᠨ᠎ᠡ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠳᠠᠬᠢ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠡᠳ᠋ ᠤᠨ | ᠵᠠᠰᠠᠭ ᠤᠨ ᠵᠠᠷᠤᠳᠠᠯ ᠤᠨ ᠬᠥᠰᠢᠭᠦᠷᠭᠡ ᠶᠢᠨ ᠨᠥᠯᠥᠭᠡᠯᠡᠯ ᠪᠠ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠣᠷᠤᠯᠴᠠᠬᠤ ᠶᠢ ᠬᠥᠲᠥᠯᠥᠨ | ᠵᠢᠯᠤᠭᠤᠳᠴᠤ᠂ ᠮᠥᠩᠭᠦᠨ ᠭᠦᠢᠯᠭᠡᠭᠡᠨ ᠤ ᠪᠡᠯᠡ ᠮᠥᠩᠭᠦᠨ ᠤ ᠦᠢᠯᠡᠳᠦᠯ ᠢ ᠪᠠᠳᠠᠷᠠᠭᠤᠯᠤᠨ᠂ ᠠᠷᠠᠳ ᠤᠨ ᠳᠤᠮᠳᠠᠬᠢ ᠬᠥᠷᠥᠩᠭᠡ ᠶᠢ ᠲᠠᠲᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠥᠷᠥᠯ ᠤᠨ ᠰᠠᠭᠤᠷᠢ ᠮᠥᠩᠭᠦ ᠶᠢ ᠰᠠᠶᠢᠲᠤᠷ ᠠᠰᠢᠭᠯᠠᠨ᠂ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢ ᠳᠠᠶᠢᠴᠢᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠪᠡᠯᠡ ᠣᠷᠣᠭᠤᠯᠵᠤ᠂ ᠨᠡᠶᠢᠭᠡᠮ ᠤᠨ ᠬᠦᠴᠦᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠢ ᠲᠠᠲᠠᠵᠤ ᠪᠠᠶᠢᠭᠠᠳ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠲᠡᠳᠬᠦᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠪᠠ ᠬᠡᠷᠡᠭᠯᠡᠭᠡ ᠶᠢ ᠲᠦᠷᠭᠡᠳᠬᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ | ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ᠂ ᠲᠤᠰᠬᠠᠢ ᠠᠰᠢᠭ ᠤᠨ ᠡᠷᠬᠡ᠂ ᠬᠤᠷᠢᠶᠠᠪᠠᠰᠤ | ᠵᠣᠬᠢᠬᠤ ᠲᠠᠩᠰᠠᠨ ᠵᠣᠭᠤᠰ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠤ ᠰᠠᠭᠤᠷᠢ ᠰᠤᠳᠤᠯᠤᠯ ᠳᠤ | ᠣᠷᠣᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠪᠠ ᠠᠷᠠᠳ ᠤᠨ ᠠᠮᠢᠳᠤᠷᠠᠯ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠥᠬᠦ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠳᠠᠪᠠᠭᠤᠯᠢᠭ ᠬᠦᠴᠦᠨ ᠢ ᠲᠠᠲᠠᠵᠤ | ᠪᠠᠶᠢᠭᠠᠳ ᠨᠢᠭᠡ ᠪᠦᠯᠦᠭ ︽ᠠᠮᠢᠨ ᠭᠤᠣᠯ︾ ᠮᠡᠷᠭᠡᠵᠢᠯ ᠢ ᠲᠥᠪᠯᠡᠷᠡᠭᠦᠯᠦᠨ ᠡᠵᠡᠮᠰᠢᠵᠦ᠂ ᠰᠠᠭᠤᠷᠢ ᠰᠤᠳᠤᠯᠤᠯ ᠬᠢᠭᠡᠳ ᠬᠡᠷᠡᠭᠴᠡᠭᠡ ᠱᠠᠭᠠᠷᠳᠠᠯᠭ᠎ᠠ ᠶᠢᠨ | ᠤᠳᠤᠷᠢᠳᠤᠮᠵᠢ ᠶᠢᠨ ᠰᠠᠶᠢᠨ ᠨᠥᠯᠦᠭᠡᠯᠡᠯᠴᠢᠯ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ | ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ︽ᠲᠥᠰᠥᠪ + ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ︾ ᠶᠢᠨ | ᠬᠠᠮᠢᠶᠠᠷᠤᠯᠲᠠ ᠶᠢᠨ ᠵᠠᠭᠪᠤᠷ ᠬᠡᠷᠡᠭᠵᠢᠭᠦᠯᠬᠦ ᠶᠢ ᠳᠡᠮᠵᠢᠨ᠎ᠡ᠃ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ | ᠲᠣᠭᠲᠠᠴᠠ ᠬᠡᠷᠡᠭᠯᠡᠬᠦ ᠶᠢ ᠵᠣᠷᠢᠭᠵᠢᠭᠤᠯᠵᠤ᠂ ᠬᠡᠷᠡᠭ ᠡᠷᠬᠢᠯᠡᠭᠴᠢᠳ ᠤᠨ ᠵᠥᠪᠯᠡᠯ ︵ᠬᠡᠷᠡᠭ ᠮᠡᠳᠡᠭᠴᠢᠳ ᠤᠨ ᠵᠥᠪᠯᠡᠯ︶ ᠤᠨ ᠤᠳᠤᠷᠢᠳᠤᠯᠭ᠎ᠠ ᠳᠣᠣᠷᠠᠬᠢ ᠬᠦᠷᠢᠶᠡᠯᠡᠩ | ︵ᠭᠠᠵᠠᠷ︶ ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠶᠢᠨ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠡᠯᠡ ᠮᠥᠩᠭᠦᠨ ᠤ ᠲᠠᠯ᠎ᠠ ᠳᠤ ᠲᠣᠭᠲᠠᠪᠤᠷᠢᠲᠠᠢ ᠳᠡᠮᠵᠢᠯᠭᠡ ᠦᠵᠡᠭᠦᠯᠵᠦ᠂ ᠠᠯᠳᠠᠭᠳᠠᠯ ᠲᠠᠢ ᠵᠦᠢᠯᠡᠰ ᠤᠨ | ᠨᠠᠷᠢᠨ ᠳᠠᠩᠰᠠ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ᠂ ᠡᠵᠡᠨ ᠮᠡᠳᠡᠨ ᠵᠠᠷᠤᠳᠠᠯ ᠬᠡᠷᠡᠭᠯᠡᠬᠦ ᠲᠠᠯ᠎ᠠ ᠪᠠᠷ ᠨᠡᠩ ᠶᠡᠭᠡ ᠡᠷᠬᠡ ᠣᠯᠭᠤᠨ᠎ᠠ᠃ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ᠂ ᠰᠢᠨ᠎ᠡ ᠶᠢ ᠡᠭᠦᠳᠬᠦ | ᠦᠢᠯᠡᠳᠪᠦᠷᠢᠯᠡᠯ ᠤᠨ ᠶᠠᠰᠤ ᠴᠢᠨᠠᠷ᠂ ᠦᠷ᠎ᠡ ᠪᠦᠲᠦᠭᠡᠯ ᠤᠨ ᠤᠯᠠᠷᠢᠭᠤᠯᠤᠯᠲᠠ᠂ ᠠᠩᠬᠠᠨ ᠤ ᠡᠭᠦᠳᠦᠯᠲᠡ ᠶᠢᠨ ᠥᠷᠲᠡᠭ᠂ ᠪᠣᠳᠠᠲᠠᠢ ᠬᠤᠪᠢ ᠨᠡᠮᠡᠷᠢ᠂ ᠴᠢᠳᠠᠪᠤᠷᠢᠲᠠᠨ ᠢ | ᠲᠥᠪᠯᠡᠷᠡᠭᠦᠯᠬᠦ ᠪᠠ ᠬᠥᠮᠥᠵᠢᠭᠦᠯᠬᠦ ᠵᠡᠷᠭᠡ ᠲᠠᠯ᠎ᠠ ᠪᠠᠷ ᠭᠤᠣᠯᠯᠠᠭᠤᠯᠵᠤ ᠦᠨᠡᠯᠡᠨ ᠵᠢᠱᠢᠨ᠎ᠡ᠃ ᠣᠨᠴᠠᠭᠠᠶ ᠲᠣᠭᠲᠠᠭᠠᠯ ᠲᠠᠢ ᠠᠴᠠ ᠭᠠᠳᠠᠨ᠎ᠠ᠂ ᠡᠳ᠋ ᠤᠨ ᠵᠠᠰᠠᠭ ᠤᠨ ᠪᠡᠯᠡ | ᠮᠥᠩᠭᠦᠨ ᠤ ᠳᠡᠮᠵᠢᠯᠭᠡ ᠪᠠᠷ ᠪᠣᠶ ᠪᠣᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠵᠢᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠠᠴᠠ ᠬᠠᠤᠯᠢ ᠶᠣᠰᠣᠭᠠᠷ ᠣᠯᠬᠤ᠂ ᠡᠵᠡᠨ ᠮᠡᠳᠡᠨ ᠬᠤᠪᠢᠷᠠᠭᠤᠯᠬᠤ ᠪᠠ ᠳᠡᠯᠭᠡᠷᠡᠭᠦᠯᠦᠨ | ᠬᠡᠷᠡᠭᠯᠡᠬᠦ ᠶᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ ᠵᠢᠯᠣᠭᠤᠳᠤᠨ᠎ᠠ︶ | ᠲᠤᠯᠤᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠬᠠᠯᠠᠨ | ᠰᠠᠶᠢᠵᠢᠷᠠᠭᠤᠯᠤᠨ᠎ᠠ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠤᠨ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠶᠠᠪᠤᠴᠠ ᠶᠢ ᠴᠢᠬᠤᠯᠠᠴᠢᠯᠠᠵᠤ ᠪᠠᠶᠢᠭᠰᠠᠨ ᠠᠴᠠ ᠦᠷ᠎ᠡ ᠳ᠋ᠦᠩ ᠢ ᠴᠢᠬᠤᠯᠠᠴᠢᠯᠠᠬᠤ ᠲᠡᠶᠢᠰᠢ ᠬᠤᠪᠢᠷᠠᠭᠤᠯᠵᠤ᠂ ᠲᠥᠷᠥᠯ ᠬᠤᠪᠢᠶᠠᠨ ᠠᠵᠢᠯ ᠤᠨ | ᠠᠮᠵᠢᠯᠲᠠ ᠪᠦᠲᠦᠮᠵᠢ ᠦᠨᠡᠯᠡᠬᠦ ᠶᠢ ᠴᠢᠩᠭᠠᠳᠬᠠᠵᠤ᠂ ᠰᠠᠭᠤᠷᠢ ᠰᠤᠳᠤᠯᠤᠯ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠷ᠎ᠡ ᠪᠦᠲᠦᠭᠡᠯ ᠤᠨ ᠤᠯᠠᠷᠢᠭᠤᠯᠤᠯᠲᠠ ᠵᠡᠷᠭᠡ | ᠠᠳᠠᠯᠢ ᠪᠤᠰᠤ ᠲᠥᠷᠥᠯ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠦᠢᠯ ᠢᠯᠭᠠᠯ ᠳᠤ ᠵᠥᠷᠢᠶᠡᠴᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠷᠠᠭᠤᠯᠵᠤ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠷᠥᠯ ᠵᠦᠢᠯ ᠳᠤ ᠲᠣᠬᠢᠷᠠᠭᠤᠯᠤᠯᠲᠠ ᠬᠢᠬᠦ᠂ ᠦᠷᠭᠦᠯᠵᠢᠯᠡᠨ | ᠳᠡᠮᠵᠢᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠦᠭᠦᠳ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠨ | ᠦᠨᠡᠨ ᠬᠦ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠰᠢᠯᠢᠳᠡᠭ ᠴᠢᠳᠠᠪᠤᠷᠢᠲᠠᠨ ᠪᠠ ᠪᠦᠯᠬᠦᠮ | ᠨᠡᠶᠢᠲᠡ ᠲᠡᠶᠢᠰᠢ ᠬᠡᠯᠪᠠᠶᠢᠯᠭᠡᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠲᠥᠷᠥᠯ | ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠬᠢᠨᠠᠨ | ᠪᠤᠳᠤᠬᠤ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠰ ᠪᠦᠷᠢ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠬᠢᠨᠠᠨ ᠪᠣᠳᠣᠯᠲᠠ ᠳᠤ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠬᠢᠭᠡᠳ ᠡᠳᠦᠷ ᠲᠤᠲᠤᠮ ᠤᠨ ᠬᠢᠨᠠᠯᠲᠠ | ᠲᠠᠯᠪᠢᠬᠤ ᠶᠢᠨ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠵᠤ᠂ ᠰᠠᠬᠢᠯᠭ᠎ᠠ ᠪᠠᠲᠤ ᠳᠦᠷᠢᠮ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠪᠠ ᠪᠠᠶᠢᠴᠠᠭᠠᠯᠲᠠ | ᠬᠢᠬᠦ ᠶᠢ ᠬᠡᠷᠡᠭᠵᠢᠭᠦᠯᠦᠨ᠂ ᠬᠢᠨᠠᠯᠲᠠ ᠲᠠᠯᠪᠢᠵᠤ ᠪᠠᠶᠢᠴᠠᠭᠠᠭᠰᠠᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠵᠤ ᠬᠠᠮᠲᠤ ᠪᠠᠷ ᠭᠥᠷᠳᠡᠬᠦ ᠪᠠ ᠦᠷ᠎ᠡ ᠳ᠋ᠦᠩ ᠢ | ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠶᠠᠪᠤᠴᠠ ᠶᠢᠨ ᠪᠠᠶᠢᠴᠠᠭᠠᠯᠲᠠ ᠶᠢ ᠴᠥᠭᠡᠳᠬᠡᠵᠦ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠶᠢ | ᠭᠦᠢᠴᠡᠳ ᠠᠰᠢᠭᠯᠠᠨ᠂ ᠬᠢᠨᠠᠯᠲᠠ ᠲᠠᠯᠪᠢᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ | ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠢ ᠵᠠᠷᠤᠳᠠᠯ ᠤᠨ ᠬᠡᠷᠡᠭᠯᠡᠯᠲᠡ ᠶᠢ | ᠬᠥᠳᠡᠯᠦᠩᠭᠦᠢ ᠪᠠᠷ ᠬᠢᠨᠠᠨ ᠬᠠᠮᠢᠶᠠᠷᠬᠤ ᠶᠢᠨ ᠬᠠᠮᠲᠤ ᠴᠠᠭ ᠲᠤᠬᠠᠢ ᠳᠤ ᠨᠢ ᠰᠡᠷᠡᠮᠵᠢᠯᠡᠭᠦᠯᠦᠨ ᠰᠠᠨᠠᠭᠤᠯᠵᠤ᠂ ᠵᠠᠷᠤᠳᠠᠯ ᠢ ᠵᠦᠢ ᠵᠣᠬᠢᠰᠲᠠᠢ ᠵᠢᠷᠤᠮᠵᠢᠭᠤᠯᠤᠨ | ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ︔ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ | ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠢ ᠬᠠᠮᠢᠶᠠᠷᠴᠤ ᠬᠡᠷᠡᠭᠯᠡᠬᠦ ᠶᠠᠪᠤᠴᠠ ᠳᠤ ᠢᠯᠡᠷᠡᠭᠰᠡᠨ ᠢᠲᠡᠭᠡᠮᠵᠢ ᠠᠯᠳᠠᠭᠰᠠᠨ ᠪᠠᠶᠢᠳᠠᠯ ᠢ ᠢᠲᠡᠭᠡᠮᠵᠢ ᠶᠢᠨ | ᠲᠡᠮᠳᠡᠭᠯᠡᠯ ᠤᠨ ᠬᠠᠮᠢᠶᠠᠷᠤᠯᠲᠠ ᠳᠤ ᠣᠷᠣᠭᠤᠯᠵᠤ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭᠠᠨ | ᠴᠡᠭᠡᠷᠯᠡᠭᠦᠯᠦᠨ᠎ᠡ᠃ ᠬᠠᠮᠢᠶ᠎ᠠ ᠪᠦᠬᠦᠢ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠰᠦᠪᠡᠭᠴᠢᠯᠡᠨ ᠲᠣᠭᠲᠠᠭᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ | ᠲᠦᠷᠦᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢᠨ ᠴᠠᠭᠠᠵᠠᠯᠠᠬᠤ ᠴᠢᠨᠠᠷᠲᠠᠢ ᠠᠵᠢᠯᠯᠠᠭ᠎ᠠ ᠶᠢ ᠲᠣᠳᠣᠷᠬᠠᠶᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠬᠠᠤᠯᠢ ᠴᠠᠭᠠᠵᠠ ᠬᠠᠤᠯᠢ ᠲᠣᠭᠲᠠᠭᠠᠯ ᠪᠠ ᠠᠯᠳᠠᠭᠳᠠᠯ ᠲᠠᠢ ᠵᠦᠢᠯᠡᠰ ᠤᠨ ᠨᠠᠷᠢᠨ ᠲᠠᠩᠰᠠ ᠶᠢ ᠦᠨᠳᠦᠰᠦᠯᠡᠨ ᠪᠠᠶᠢᠴᠠᠭᠠᠬᠤ᠂ ᠬᠢᠨᠠᠨ ᠲᠣᠭᠲᠠᠭᠠᠬᠤ᠂ ᠰᠢᠯᠭᠠᠨ | ᠬᠤᠷᠢᠶᠠᠵᠤ ᠠᠪᠬᠤ᠂ ᠬᠢᠨᠠᠨ ᠪᠤᠳᠤᠬᠤ ᠠᠵᠢᠯ ᠬᠢᠵᠦ᠂ ᠲᠤᠰᠢᠶᠠᠯ ᠢᠶᠠᠨ ᠭᠦᠢᠴᠡᠳᠬᠡᠬᠦ ᠳᠤ ᠣᠰᠣᠯ ᠪᠤᠷᠤᠭᠤ ᠦᠭᠡᠢ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠦᠷᠦᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠨᠠᠢᠮᠠ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ︵ᠨᠢᠭᠡ︶ ᠬᠠᠮᠢᠶ᠎ᠠ ᠪᠦᠬᠦᠢ ᠲᠣᠭᠲᠠᠭᠠᠯ ᠢ ᠴᠠᠭ ᠲᠤᠬᠠᠢ ᠳᠤ ᠨᠢ ᠢᠯᠭᠠᠷᠠᠭᠤᠯᠤᠨ ᠵᠠᠰᠠᠪᠤᠷᠢ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠤᠰ ᠰᠠᠨᠠᠯ ᠤᠨ ᠵᠣᠷᠢᠭ ᠰᠠᠨᠠᠭ᠎ᠠ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠭᠤᠣᠯᠴᠢᠯᠠᠨ ᠬᠠᠮᠢᠶᠠᠷᠴᠤ ᠪᠦᠬᠦᠢ ᠥᠪᠡᠷᠲᠡᠭᠡᠨ | ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠴᠠᠭ ᠲᠤᠬᠠᠢ ᠳᠤ ᠨᠢ | ᠡᠮᠬᠢᠯᠡᠨ ᠲᠢᠭᠯᠡᠬᠦ ᠶᠢᠨ ᠬᠠᠮᠲᠤ ᠵᠠᠰᠠᠪᠤᠷᠢ ᠣᠷᠣᠭᠤᠯᠬᠤ ᠬᠡᠷᠡᠭᠲᠡᠢ᠃ ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ ᠨᠦᠭᠦᠳ ᠰᠢᠨᠵᠢᠯᠡᠬᠦ ᠤᠬᠠᠭᠠᠨ ᠤ | ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠪᠠ ᠵᠠᠷᠤᠳᠠᠯ ᠢ ᠬᠠᠮᠢᠶᠠᠷᠴᠤ ᠬᠡᠷᠡᠭᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠬᠢᠭᠡᠳ ᠲᠡᠭᠦᠯᠳᠡᠷᠵᠢᠭᠦᠯᠦᠯᠲᠡ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠪᠣᠯᠪᠠᠰᠤᠷᠠᠯ ᠬᠢᠬᠦ ᠡᠷᠴᠢᠮ ᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠢ ᠨᠦᠭᠦᠳ ᠰᠦᠯᠵᠢᠶᠡᠨ ᠥᠷᠲᠡᠭᠡ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠠᠷᠭ᠎ᠠ ᠵᠠᠮ ᠵᠢᠴᠢ ᠲᠤᠰᠬᠠᠢ ᠪᠤᠯᠤᠩ ᠨᠡᠭᠡᠭᠡᠬᠦ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠨᠡᠶᠢᠭᠡᠮ ᠳᠤ ᠣᠶᠢᠯᠠᠭᠠᠭᠤᠯᠬᠤ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ᠂ ᠡᠳ᠋ ᠤᠨ ᠶᠠᠪᠤᠳᠠᠯ ᠤᠨ ᠠᠵᠢᠯᠲᠠᠳ᠂ ᠰᠢᠨᠵᠢᠯᠡᠬᠦ | ᠤᠬᠠᠭᠠᠨ ᠤ ᠰᠤᠳᠤᠯᠤᠯ ᠤᠨ ᠡᠳ᠋ ᠤᠨ ᠶᠠᠪᠤᠳᠠᠯ ᠤᠨ ᠲᠤᠰᠠᠯᠠᠭᠴᠢ ᠨᠠᠷ᠂ ᠬᠢᠨᠠᠨ ᠪᠤᠳᠤᠬᠤ ᠠᠵᠢᠯᠲᠠᠳ ᠵᠡᠷᠭᠡ ᠬᠥᠮᠥᠰ ᠲᠤ ᠲᠤᠰᠬᠠᠢ ᠰᠡᠳᠦᠪᠲᠦ ᠪᠣᠯᠪᠠᠰᠤᠷᠠᠯ | ᠬᠦᠷᠲᠡᠭᠡᠬᠦ ᠡᠷᠴᠢᠮ ᠢ ᠴᠢᠩᠭᠠᠷᠠᠭᠤᠯᠵᠤ᠂ ᠭᠠᠷᠲᠠᠨ ᠭᠦᠢᠴᠡᠳᠬᠡᠵᠦ ᠦᠢᠯᠡᠴᠢᠯᠡᠵᠦ ᠴᠢᠳᠠᠪᠤᠷᠢ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠵᠤ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠭᠤᠷᠪᠠ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠵᠢᠯᠤᠭᠤᠳᠬᠤ ᠶᠢ ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠮᠦᠷᠳᠡᠨ ᠳᠠᠭᠠᠵᠤ ᠵᠢᠭᠠᠨ | ᠵᠢᠯᠤᠭᠤᠳᠬᠤ ᠪᠠᠨ ᠴᠢᠩᠭᠠᠳᠬᠠᠵᠤ᠂ ᠲᠦᠷᠦᠯ ᠵᠦᠢᠯ ᠢ ᠬᠠᠷᠢᠭᠤᠴᠠᠬᠤ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢᠨ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢ ᠲᠣᠬᠢᠷᠠᠮᠵᠢᠲᠠᠢ ᠴᠠᠭ ᠲᠤ ᠵᠣᠬᠢᠶᠠᠨ ᠪᠠᠶᠢᠭᠤᠯᠤᠨ ᠥᠷᠨᠢᠭᠦᠯᠵᠦ᠂ | ᠬᠤᠯᠪᠣᠭᠳᠠᠯ ᠪᠦᠬᠦᠢ ᠠᠰᠠᠭᠤᠳᠠᠯ ᠤᠳ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠵᠦ᠂ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠤᠷᠰᠢᠯᠲᠠ ᠶᠢᠨ ᠳᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠣᠬᠢᠷᠠᠮᠵᠢᠲᠠᠢ ᠴᠠᠭ ᠲᠤ ᠳ᠋ᠦᠩᠨᠡᠨ ᠦᠨᠡᠯᠡᠵᠦ᠂ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠠᠢ ᠬᠠᠮᠲᠤᠷᠠᠵᠤ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠳᠥᠷᠪᠡ︶ ᠰᠢᠨ᠎ᠡ ᠬᠠᠭᠤᠴᠢᠨ ᠲᠦᠷᠦ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠬᠤ ᠬᠡᠷᠡᠭᠲᠡᠢ᠃ ᠲᠤᠰ ᠰᠠᠨᠠᠯ ᠢ ᠳᠠᠷᠤᠮᠠᠯᠯᠠᠨ ᠲᠠᠷᠬᠠᠭᠠᠬᠤ ᠦᠶ᠎ᠡ ᠳᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢᠭᠡᠨᠲᠡ ᠳᠠᠭᠤᠰᠴᠤ᠂ ᠰᠤᠳᠤᠯᠤᠯ ᠤᠨ ᠰᠡᠳᠦᠪ ᠢ ᠰᠢᠯᠭᠠᠨ ᠬᠤᠷᠢᠶᠠᠵᠤ | ᠠᠪᠬᠤ ᠭᠤᠭᠴᠣᠭᠠᠨ ᠳᠤ ᠣᠷᠣᠭᠰᠠᠨ ᠲᠥᠷᠥᠯ ᠵᠦᠢᠯ ᠤᠨ ᠬᠠᠮᠢᠶ᠎ᠠ ᠪᠦᠬᠦᠢ ᠵᠠᠷᠤᠳᠠᠯ ᠤᠨ ᠬᠠᠮᠢᠶᠠᠷᠤᠯᠲᠠ ᠪᠠ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠢ ᠰᠠᠨᠠᠯ︾ ᠤᠨ ᠶᠣᠰᠣᠭᠠᠷ ᠵᠢᠴᠢ 2018 ᠣᠨ ᠳᠤ ᠵᠠᠰᠠᠪᠤᠷᠢ ᠣᠷᠣᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠶᠢᠨ ᠡᠯ᠎ᠡ ᠲᠥᠷᠥᠯ ᠤᠨ ᠬᠠᠮᠢᠶᠠᠷᠤᠯᠲᠠ ᠶᠢᠨ ᠠᠷᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ | ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠥᠪᠥᠷ ᠰᠢᠨᠵᠢᠯᠡᠬᠦ | ᠬᠥᠭᠵᠢᠭᠦᠯᠦᠯᠲᠡ ᠪᠡᠯᠡ ᠥᠰᠥᠭ ︹2021︺ 1 ᠳ᠋ᠦ᠋ᠭᠡᠷ ᠲᠣᠭᠠᠲᠤ︶ ᠵᠡᠷᠭᠡ ᠤᠤᠯ ᠤᠨ ᠲᠥᠷᠥ ᠶᠢᠨ ᠪᠣᠳᠣᠯᠭ᠎ᠠ ᠳᠤ ᠵᠣᠬᠢᠴᠠᠭᠤᠯᠤᠨ ᠬᠡᠷᠡᠭᠵᠢᠭᠦᠯᠵᠦ᠂ ᠳᠠᠭᠢᠵᠤ | ᠲᠣᠬᠢᠷᠠᠭᠤᠯᠤᠯᠲᠠ ᠬᠢᠬᠦ ᠦᠭᠡᠢ︔ ᠣᠳᠤ ᠶᠠᠭ ᠬᠡᠷᠡᠭᠵᠢᠭᠦᠯᠬᠦ ᠬᠤᠭᠤᠴᠠᠭᠠᠨ ᠳᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠪᠣᠯ ᠳᠠᠭᠠᠭᠠᠨ | ᠬᠠᠷᠢᠭᠤᠴᠠᠬᠤ ᠨᠢᠭᠡᠴᠢ ᠨᠢ ᠲᠣᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠳ ᠲᠠᠢ ᠭᠦᠢᠴᠡᠳ ᠵᠥᠪᠳᠡᠯᠴᠡᠭᠰᠡᠨ ᠤ ᠳᠠᠷᠠᠭ᠎ᠠ᠂ ᠤᠤᠯ ᠤᠨ ᠲᠥᠷᠥ ᠶᠢᠨ ᠪᠣᠳᠣᠯᠭ᠎ᠠ ᠪᠤᠶᠤ ᠰᠢᠨ᠎ᠡ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠵᠢᠭᠦᠯᠵᠦ | ᠪᠣᠯᠣᠨ᠎ᠠ᠂ ᠰᠣᠩᠭᠤᠨ ᠲᠣᠭᠲᠠᠭᠠᠭᠰᠠᠨ ᠤ ᠳᠠᠷᠠᠭ᠎ᠠ ᠳᠤᠷ᠎ᠠ ᠪᠠᠷ ᠢᠶᠠᠨ ᠰᠣᠯᠢᠵᠤ ᠪᠣᠯᠬᠤ ᠦᠭᠡᠢ᠃ ᠲᠥᠷᠥᠯ ᠵᠦᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠬᠠᠮᠢᠶ᠎ᠠ ᠪᠦᠬᠦᠢ ᠠᠯᠬᠤᠮ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ ᠬᠡᠷᠡᠭᠵᠢᠭᠦᠯᠦᠨ᠎ᠡ︔ ᠰᠢᠨ᠎ᠡ ᠪᠠᠷ ᠲᠣᠭᠲᠠᠭᠠᠭᠰᠠᠨ | ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠰᠢᠨ᠎ᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠲᠥᠷᠥᠯ ᠵᠦᠢᠯ ᠢ ᠳᠠᠭᠠᠭᠠᠨ ᠬᠠᠷᠢᠭᠤᠴᠠᠬᠤ ᠨᠢᠭᠡᠴᠢ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠠᠢ ᠬᠠᠮᠲᠤᠷᠠᠵᠤ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠰᠤᠳᠤᠯᠤᠯ ᠤᠨ ᠲᠥᠷᠥᠯ ᠵᠦᠢᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠢᠮ᠎ᠡ ᠶᠣᠰᠣ ᠪᠠ ᠣᠨᠴᠠᠯᠢᠭ ᠲᠠᠢ ᠤᠶᠠᠯᠳᠤᠭᠤᠯᠤᠨ᠂ | ᠲᠣᠰ ᠰᠠᠨᠠᠯ ᠢᠶᠠᠷ ᠯᠠᠪᠯᠠᠯᠲᠠ ᠪᠣᠯᠭᠠᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠰᠤᠳᠤᠯᠤᠯ ᠤᠨ | ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠦᠷᠭᠡᠬᠡᠨ ᠲᠣᠭᠲᠠᠭᠠᠬᠤ ᠬᠡᠷᠡᠭᠲᠡᠢ᠃ | ᠡᠯ᠎ᠡ ᠠᠶᠢᠮᠠᠭ ᠬᠤᠲᠠ ᠨᠢ ᠲᠣᠰ ᠰᠠᠨᠠᠯ ᠤᠨ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ᠃ | 2022 ᠣᠨ ᠤ 5 ᠳ᠋ᠤᠭᠠᠷ ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠬᠠᠭᠤᠯᠤᠨ ᠢᠯᠡᠭᠡᠬᠦ ᠨᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ | ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ | ᠪᠠᠶᠢᠴᠠᠭᠠᠬᠤ ᠬᠤᠷᠢᠶ᠎ᠠ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 6 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ | | | | |