3 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶᠠᠨ ᠤ | ᠨᠠᠮ ᠤᠨ ᠡᠭᠦᠷ ᠪᠤᠯᠤᠨ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠨᠠᠮ ᠤᠨ ᠡᠭᠦᠷ ᠬᠠᠮᠲᠤᠷᠠᠨ ︽ᠯᠧᠢ ᠹᠧᠩ ᠠᠴᠠ | ᠰᠤᠷᠤᠯᠴᠠᠬᠤ ᠰᠠᠶᠢᠨ ᠳᠤᠷ᠎ᠠ ᠶᠢᠨ ᠦᠶᠯᠡᠴᠢᠯᠡᠭᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | | ᠬᠤᠷᠢ ᠭᠠᠷᠤᠢ ᠨᠠᠮ ᠤᠨ ᠬᠡᠰᠢᠬᠦᠨ ᠺᠠᠳ᠋ᠷ ᠬᠥᠬᠡᠬᠤᠲᠠ ᠶᠢᠨ ᠠᠢ ᠵᠢᠶᠠ ᠪᠸᠢ ᠰᠢᠩ ᠡᠯ ᠨᠡᠶᠢᠲᠡ ᠶᠢᠨ ᠠᠰᠠᠷᠠᠮᠵᠢ ᠶᠢᠨ ᠵᠡᠮᠳᠡᠭᠴᠦᠳ ᠢ ᠬᠠᠪᠰᠤᠷᠬᠤ ᠲᠥᠪ | ᠲᠤ ᠬᠦᠷᠴᠦ᠂ ᠲᠤᠰ ᠲᠥᠪ ᠲᠤ ᠡᠷᠡᠭᠦᠯᠵᠢᠭᠦᠯᠬᠦ ᠪᠣᠯᠪᠠᠰᠤᠷᠠᠯ ᠬᠦᠷᠳᠡᠵᠦ ᠪᠠᠶᠢᠭ᠎ᠠ ᠪᠠ ᠨᠠᠶᠢᠳᠠᠨ ᠠᠰᠠᠷᠠᠭᠤᠯᠵᠤ ᠪᠠᠶᠢᠭ᠎ᠠ ᠵᠣᠵᠢᠭ ᠭᠡᠮ ᠲᠠᠢ ᠬᠡᠦᠬᠡᠳ ᠤᠳ ᠢ | ᠪᠣᠯᠭᠤᠭᠠᠨ ᠦᠵᠡᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠨᠠᠮ ᠤᠨ ᠭᠡᠰᠢᠭᠦᠨ ᠺᠠᠳ᠋ᠷᠴᠤᠳ ᠠᠴᠠ ᠪᠠᠭᠰᠢ ᠨᠠᠷ ᠢ ᠬᠠᠪᠰᠤᠷᠤᠨ ᠭᠡᠷ ᠤᠨ ᠳᠣᠲᠣᠨᠠᠬᠢ ᠭᠠᠳᠠᠨᠠᠬᠢ | ᠶᠢ ᠱᠦᠬᠦᠷᠳᠡᠨ ᠴᠡᠪᠡᠷᠯᠡᠵᠦ᠂ ᠬᠡᠦᠬᠡᠳ ᠤᠳ ᠲᠠᠢ ᠬᠠᠮᠲᠤ ᠳᠠᠭᠤᠤ ᠳᠠᠭᠤᠯᠠᠨ ᠲᠣᠭᠯᠠᠭᠠᠮ ᠲᠣᠭᠯᠠᠵᠤ᠂ ᠠᠰᠠᠷᠠᠮᠵᠢ ᠶᠢᠨ ᠲᠦᠪ ᠤᠨ ᠬᠠᠷᠢᠭᠤᠴᠠᠯᠭᠠᠲᠠᠨ ᠲᠠᠢ ᠰᠠᠨᠠᠯ | ᠢᠶᠠᠨ ᠰᠣᠯᠢᠯᠴᠠᠬᠤ ᠶᠢᠨ ᠬᠠᠮᠲᠤ ᠪᠤᠳᠠᠭ᠎ᠠ᠂ ᠭᠤᠯᠢᠷ᠂ ᠲᠤᠰᠤ᠂ ᠮᠢᠬ᠎ᠠ᠂ ᠥᠨᠳᠡᠭᠡ᠂ ᠰᠦ ᠵᠡᠷᠭᠡ ᠠᠮᠢᠳᠤᠷᠠᠯ ᠤᠨ ᠡᠳ᠋ ᠪᠣᠳᠠᠰ ᠢ ᠬᠦᠷᠭᠡᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠵᠤ᠂ ᠨᠠᠮ ᠤᠨ ᠭᠡᠰᠢᠭᠦᠨ ᠺᠠᠳ᠋ᠷ ︽ᠠᠷᠠᠳ ᠲᠦᠮᠡᠨ ᠳᠤ ᠦᠶᠯᠡᠴᠢᠯᠡᠬᠦ︾ ᠬᠦᠰᠡᠯᠡᠩ ᠢᠲᠡᠭᠡᠯ ᠵᠣᠷᠢᠭ ᠢᠶᠠᠨ ᠤᠯᠠᠮ | ᠨᠢᠭᠡ ᠠᠯᠬᠤᠮ ᠪᠠᠲᠤᠳᠬᠠᠵᠤ᠂ ᠣᠯᠠᠨ ᠢᠶᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ᠂ ᠴᠢᠳᠠᠯ ᠤᠨ ᠬᠢᠷᠢ ᠪᠠᠷ ᠢᠶᠠᠨ ᠣᠯᠠᠨ ᠲᠦᠮᠡᠨ ᠢ ᠬᠠᠪᠰᠤᠷᠴᠦ᠂ ᠣᠯᠠᠨ ᠲᠦᠮᠡᠨ ᠳᠤ ᠦᠶᠯᠡᠴᠢᠯᠡᠵᠦ᠂ ᠰᠢᠨ᠎ᠡ ᠴᠠᠭ ᠦᠶ᠎ᠡ ᠶᠢᠨ | ᠯᠸᠢ ᠹᠧᠩ ᠤᠨ ᠥᠯᠢᠭᠡᠷ ᠢ ᠪᠢᠴᠢᠭᠯᠡᠨ᠎ᠡ ᠭᠡᠵᠦ ᠢᠯᠡᠷᠬᠡᠶᠢᠯᠡᠵᠡᠭᠡᠵᠡᠢ᠃ | | | | | | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |