ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2022︺ 39 ᠳ᠋ᠦ᠋ᠭᠡᠷ ᠲᠣᠭᠠᠲᠤ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ | ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ︽ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠭᠤᠨ ᠪᠠᠶᠢᠯᠭᠠᠬᠤ ᠪᠦᠭᠦᠨ ᠢ ᠬᠠᠮᠤᠷᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ | ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹2022︺ 12 ᠳ᠋ᠤᠭᠠᠷ ᠲᠣᠭᠠᠲᠤ︶ ᠤᠨ | ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠠᠤᠯᠢ︾ ᠪᠠ ᠤᠯᠤᠰ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ | ᠮᠡᠲᠦ ᠮᠡᠳᠡᠭᠳᠡᠪᠡ᠃ | ᠨᠢᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠲᠦᠷᠭᠡᠳᠬᠡᠨ ᠬᠥᠭᠵᠢᠭᠦᠯᠬᠦ ᠬᠡᠷᠡᠭᠲᠡᠢ | ︵ᠨᠢᠭᠡ︶ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ | ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠶᠢᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠬᠤᠯᠠ ᠶᠡᠭᠡ ᠳᠠᠶᠢᠴᠢᠯᠠᠬᠤ ᠨᠥᠯᠥᠭᠡᠯᠡᠯ ᠲᠠᠢ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠳᠤ᠂ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠰᠠᠭᠤᠷᠢ ᠮᠥᠩᠭᠦ ᠪᠠᠶᠢᠭᠤᠯᠬᠤ ᠪᠤᠶᠤ ᠠᠵᠤ | ᠠᠬᠤᠶᠢᠯᠠᠯ ᠢ ᠵᠣᠷᠢᠭᠵᠢᠭᠤᠯᠵᠤ ᠪᠠᠶᠢᠭᠠᠳ ᠬᠤᠪᠢ ᠣᠷᠣᠭᠤᠯᠬᠤ᠂ ᠨᠡᠶᠢᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠶᠢᠭᠤᠯᠬᠤ ᠵᠡᠷᠭᠡ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ | ᠰᠢᠨ᠎ᠡ ᠪᠠᠷ ᠪᠠᠶᠢᠭᠤᠯᠤᠭᠰᠠᠨ ᠣᠷᠣᠨ ᠪᠦᠰᠡ ᠶᠢᠨ ᠲᠠᠰ ᠤᠨ᠂ ᠠᠵᠢᠯ ᠲᠥᠷᠥᠯ ᠤᠨ ᠲᠠᠰ ᠤᠨ᠂ ᠠᠵᠤ ᠠᠬᠤᠶᠢᠯᠠᠯ ᠤᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠲᠠᠪᠴᠠᠩ ᠳᠤ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠪᠠᠷ᠂ ᠲᠠᠩ ᠭᠠᠭᠴᠠ ᠲᠥᠷᠥᠯ ᠵᠦᠢᠯ ᠳᠤ | ᠶᠡᠬᠡᠳᠡᠬᠦ ᠳᠤ ᠪᠠᠨ 500 ᠲᠦᠮᠡᠨ ᠲᠥᠭᠦᠷᠢᠭ᠂ 400 ᠲᠦᠮᠡᠨ ᠲᠥᠭᠦᠷᠢᠭ᠂ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠨ ᠨᠥᠬᠦᠪᠦᠷᠢᠯᠡᠨ᠎ᠡ᠃ | ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠬᠤᠯᠪᠣᠭᠠᠰᠤ | ᠴᠡᠭ ᠪᠣᠯᠬᠤ ᠪᠥᠭᠡᠳ ᠤᠯᠤᠰ ᠤᠨ ᠳᠡᠭᠡᠳᠦ ᠲᠠᠰ ᠤᠨ ᠬᠤᠯᠪᠣᠭᠠᠰᠤ ᠴᠡᠭ ᠯᠦᠭᠡ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 500 | ᠲᠦᠮᠡᠨ ᠲᠥᠭᠦᠷᠢᠭ ᠤᠨ ᠨᠢᠭᠡ ᠯᠡ ᠤᠳᠠᠭᠠᠨ ᠤ ᠴᠢᠨᠠᠷᠲᠠᠢ ᠨᠥᠬᠦᠪᠦᠷᠢ ᠥᠭᠭᠦᠨ᠎ᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠤᠨ | ᠵᠠᠳᠠᠯᠤᠯᠲᠠ ᠶᠢᠨ ᠰᠢᠨ᠎ᠡ ᠶᠢ ᠡᠭᠦᠳᠴᠦ ᠬᠡᠷᠡᠭᠯᠡᠬᠦ ᠶᠢ ᠥᠷᠨᠢᠭᠦᠯᠦᠭᠰᠡᠨ ᠠᠵᠤ ᠠᠬᠤᠶᠢᠯᠠᠯ ᠳᠤ᠂ ᠬᠡᠷᠡᠭᠯᠡᠭᠡᠨ ᠤ ᠦᠷ᠎ᠡ ᠪᠦᠲᠦᠮᠵᠢ ᠶᠢ ᠨᠢ ᠦᠨᠳᠦᠰᠦᠯᠡᠨ ᠨᠥᠬᠦᠪᠦᠷᠢ | ᠥᠭᠴᠦ᠂ ᠲᠠᠩ ᠭᠠᠭᠴᠠ ᠠᠵᠤ ᠠᠬᠤᠶᠢᠯᠠᠯ ᠳᠤ ᠶᠡᠬᠡᠳᠡᠬᠦ ᠳᠤ ᠪᠠᠨ 300 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ︵ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠬᠤᠶᠠᠷ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ | ︵ᠭᠤᠷᠪᠠ︶ ᠨᠢᠭᠡ ᠪᠦᠯᠦᠭ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ︵ᠨᠡᠭᠡᠭᠡᠯᠲᠡ ᠶᠢᠨ ᠲᠣᠭᠤᠷᠢᠭ ᠪᠠᠭᠲᠠᠨ᠎ᠠ︶ ᠶᠢ ᠵᠣᠷᠢᠭᠵᠢᠭᠤᠯᠵᠤ ᠪᠠᠶᠢᠭᠠᠳ | ᠥᠪᠡᠷ ᠤᠨ ᠢᠶᠠᠨ ᠬᠥᠭᠵᠢᠯᠲᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ | ᠣᠷᠣᠨ ᠵᠠᠢ ᠶᠢ ᠵᠦᠢ ᠵᠣᠬᠢᠰᠲᠠᠢ ᠲᠥᠯᠥᠪᠵᠢᠭᠦᠯᠬᠦ ᠪᠠ ᠪᠠᠶᠢᠷᠢᠰᠢᠭᠤᠯᠵᠤ᠂ ᠥᠭᠡᠷᠡᠴᠢᠯᠡᠵᠦ ᠵᠠᠰᠠᠬᠤ᠂ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠳᠠᠪᠠᠭᠤᠯᠢᠭ ᠡᠬᠢ ᠪᠠᠶᠠᠯᠢᠭ ᠢ ᠨᠡᠶᠢᠯᠡᠭᠦᠯᠵᠦ᠂ ᠨᠢᠭᠡ ᠪᠦᠯᠦᠭ ᠵᠣᠬᠢᠬᠤ ᠬᠡᠪᠴᠢᠶ᠎ᠡ ᠲᠠᠢ᠂ ᠠᠵᠤ ᠦᠢᠯᠡᠰ ᠨᠢ ᠪᠦᠷᠢᠨ ᠲᠥᠬᠦᠷ᠂ ᠴᠢᠳᠠᠮᠵᠢ ᠨᠢ ᠣᠯᠠᠨ᠂ | ᠡᠵᠡᠩᠨᠡᠯᠲᠡ ᠶᠢᠨ ᠪᠠᠶᠢᠳᠠᠯ ᠨᠢ ᠤᠯᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠬᠦᠷᠢᠶᠡᠯᠡᠩ ᠲᠣᠭᠤᠷᠢᠭ ᠢ ᠪᠠᠶᠢᠭᠤᠯᠬᠤ | ᠬᠡᠷᠡᠭᠲᠡᠢ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠪᠥᠭᠡᠮᠨᠡᠷᠡᠭᠰᠡᠨ ᠬᠦᠷᠢᠶᠡᠯᠡᠩ ᠲᠣᠭᠤᠷᠢᠭ ᠨᠢ ᠤᠯᠤᠰ ᠪᠤᠶᠤ ᠥᠪᠡᠷᠲᠡᠭᠡᠨ ᠵᠠᠰᠠᠬᠤ | ᠣᠷᠣᠨ ᠤ ᠲᠠᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠭᠤᠶᠤᠴᠢᠯᠠᠨ ᠮᠡᠳᠡᠭᠦᠯᠬᠦ ᠶᠢ ᠳᠡᠮᠵᠢᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠤᠯᠤᠰ ᠤᠨ ᠲᠠᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢᠶᠠᠷ ᠵᠥᠪᠰᠢᠶᠡᠷᠡᠭᠳᠡᠭᠰᠡᠨ ᠪᠠᠶᠢᠪᠠᠯ᠂ ᠵᠣᠬᠢᠬᠤ ᠱᠠᠩᠨᠠᠯ ᠬᠥᠬᠢᠭᠦᠯᠦᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠠᠵᠤ ᠠᠬᠤᠶᠢᠯᠠᠯ ᠤᠨ ᠲᠣᠭᠠᠵᠢᠭᠤᠯᠤᠭᠰᠠᠨ ᠬᠥᠭᠵᠢᠯᠲᠡ ᠶᠢ ᠢᠳᠡᠪᠬᠢᠲᠡᠢ ᠬᠥᠲᠥᠯᠥᠨ ᠵᠢᠯᠤᠭᠤᠳᠬᠤ ᠬᠡᠷᠡᠭᠲᠡᠢ᠃ ᠲᠣᠭᠠᠵᠢᠭᠤᠯᠤᠭᠰᠠᠨ | ᠬᠤᠳᠠᠯᠳᠤᠭᠠᠨ ᠤ ᠶᠠᠪᠤᠳᠠᠯ ᠢ ᠢᠳᠡᠪᠬᠢᠲᠡᠢ ᠬᠥᠭᠵᠢᠭᠦᠯᠵᠦ᠂ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠲᠡᠷᠢᠭᠦᠨ ᠤ ᠮᠡᠳᠡᠭᠡ | ᠵᠠᠩᠭᠢ ᠶᠢᠨ ᠮᠡᠷᠭᠡᠵᠢᠯ ᠢ ᠬᠡᠷᠡᠭᠯᠡᠨ ᠰᠢᠨ᠎ᠡ ᠶᠢ ᠡᠭᠦᠳᠦᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠵᠦ ᠪᠠᠶᠢᠭᠠᠳ ᠲᠣᠭᠠᠵᠢᠭᠤᠯᠬᠤ᠂ | ᠰᠦᠯᠵᠢᠶᠡᠵᠢᠭᠦᠯᠬᠦ᠂ ᠣᠶᠤᠨᠴᠢᠯᠠᠬᠤ ᠲᠡᠶᠢᠰᠢ ᠬᠥᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ᠭᠤᠷᠪᠠ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | ︵ᠲᠠᠪᠤ︶ ᠤᠯᠠᠮᠵᠢᠯᠠᠯᠲᠤ ᠠᠵᠤ ᠦᠢᠯᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠢ ᠭᠦᠨᠵᠡᠭᠡᠶᠢᠷᠡᠭᠦᠯᠦᠨ ᠪᠠᠶᠠᠯᠢᠭᠵᠢᠭᠤᠯᠬᠤ ᠬᠡᠷᠡᠭᠲᠡᠢ᠃ | ᠶᠠᠪᠠᠭᠠᠨ ᠵᠡᠭᠡᠯᠢ ᠶᠢ ᠥᠭᠡᠷᠡᠴᠢᠯᠡᠨ ᠵᠠᠰᠠᠵᠤ ᠲᠠᠰ ᠳᠡᠪᠰᠢᠭᠦᠯᠬᠦ ᠶᠢ ᠨᠢ ᠲᠦᠷᠭᠡᠳᠬᠡᠵᠦ᠂ ︽ᠲᠦᠷᠦᠭᠦᠴᠢ ᠳᠡᠯᠭᠡᠭᠦᠷ ᠤᠨ ᠠᠵᠤ ᠠᠬᠤᠢ︾ ᠶᠢ ᠪᠤᠶᠢᠵᠢᠭᠤᠯᠤᠨ | ᠬᠥᠭᠵᠢᠭᠦᠯᠵᠦ᠂ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠴᠦ ᠬᠡᠯᠪᠡᠷᠢ ᠪᠠᠨ ᠬᠤᠪᠢᠷᠠᠭᠤᠯᠬᠤ ᠶᠢ ᠨᠢ ᠲᠡᠮᠵᠢᠬᠦ ᠬᠡᠷᠡᠭᠲᠡᠢ᠃ ᠰᠣᠶᠣᠯ ᠪᠠ | ᠵᠢᠭᠤᠯᠴᠢᠯᠠᠯ ᠤᠨ ᠬᠤᠳᠠᠯᠳᠤᠭᠠᠨ ᠤ ᠦᠢᠯᠡᠳᠦᠯᠴᠡᠨ ᠠᠭᠤᠰᠤᠯᠴᠠᠬᠤ ᠶᠢ ᠴᠢᠩᠭᠠᠳᠬᠠᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ | ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠬᠤᠨᠤᠭ ᠪᠠᠭᠤᠳᠠᠯ ᠤᠨ ᠠᠵᠢᠯ ᠲᠥᠷᠥᠯ ᠤᠨ ︽ᠲᠣᠭᠠᠵᠢᠭᠤᠯᠬᠤ᠂ ᠣᠶᠤᠨᠴᠢᠯᠠᠬᠤ᠂ ᠰᠦᠯᠵᠢᠶᠡᠵᠢᠭᠦᠯᠬᠦ︾ | ᠪᠠᠷ ᠭᠤᠣᠯ ᠱᠤᠭᠤᠮ ᠪᠣᠯᠭᠠᠭᠰᠠᠨ ᠪᠠᠭᠤᠳᠠᠯ ᠤᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠬᠤ ᠶᠢ ᠬᠥᠲᠥᠯᠥᠨ ᠵᠢᠯᠤᠭᠤᠳᠴᠤ ᠲᠡᠮᠵᠢᠬᠦ ᠬᠡᠷᠡᠭᠲᠡᠢ᠃ ︵ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠪᠦᠬᠦ ᠣᠷᠣᠨ ᠤ ᠰᠢᠶᠠᠨ ᠤ ᠬᠡᠪᠴᠢᠶᠡᠨ ᠤ | ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ | ᠲᠣᠭᠲᠠᠯᠴᠠᠭ᠎ᠠ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠰᠢᠶᠠᠨ ᠤ ᠬᠡᠪᠴᠢᠶᠡᠨ ᠤ | ᠬᠤᠳᠠᠯᠳᠤᠭᠠᠨ ᠤ ᠲᠣᠭᠲᠠᠯᠴᠠᠭ᠎ᠠ ᠶᠢᠨ ᠵᠢᠱᠢᠶ᠎ᠡ ᠦᠵᠡᠭᠦᠯᠬᠦ ᠰᠢᠶᠠᠨ ︵ᠬᠤᠰᠢᠭᠤ︶ ᠤ ᠴᠣᠯᠠ ᠣᠯᠣᠭᠰᠠᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠵᠣᠬᠢᠬᠤ | ᠳᠡᠮᠵᠢᠯᠭᠡ ᠦᠵᠡᠭᠦᠯᠬᠦ ᠬᠡᠷᠡᠭᠲᠡᠢ᠃ ᠲᠥᠪ ᠤᠨ ᠦᠢᠯᠡᠴᠢᠯᠡᠭᠡᠨ ᠤ ᠦᠢᠯᠡᠰ ᠲᠠᠬᠢ ᠲᠤᠰᠬᠠᠢ ᠪᠡᠯᠡ ᠮᠥᠩᠭᠦᠨ ᠤ ᠲᠡᠳᠬᠦᠨ ᠳᠡᠮᠵᠢᠬᠦ ᠪᠠ ᠬᠥᠲᠥᠯᠥᠨ ᠵᠢᠯᠤᠭᠤᠳᠬᠤ | ᠦᠢᠯᠡᠳᠦᠯ ᠢ ᠪᠠᠳᠠᠷᠠᠭᠤᠯᠤᠨ᠂ ᠰᠢᠶᠠᠨ ᠤ ᠬᠡᠪᠴᠢᠶᠡᠨ ᠤ ᠣᠯᠠᠨ ᠨᠡᠶᠢᠲᠡ ᠶᠢᠨ ᠨᠠᠷᠠᠲᠤ ᠲᠡᠮᠳᠡᠭ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠴᠢᠨᠠᠷ | ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢᠨ ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠠᠵᠤ ᠠᠬᠤᠶᠢᠯᠠᠯ ᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠯᠤᠭ᠎ᠠ ᠵᠠᠯᠭᠠᠯᠳᠤᠭᠤᠯᠬᠤ ᠳᠤ | ᠦᠢᠯᠡᠴᠢᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ︽ᠡᠬᠢᠨ ᠤ ᠨᠢᠭᠡ ᠺᠢᠯᠣᠮᠧᠲᠷ︾ ᠪᠠ ︽ᠡᠴᠦᠰ ᠤᠨ ᠨᠢᠭᠡ ᠺᠢᠯᠣᠮᠧᠲᠷ︾ | ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠭᠦᠢᠯᠭᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠡᠵᠡᠩᠨᠡᠯᠲᠡ ᠶᠢᠨ | ᠦᠢᠯᠡᠴᠢᠯᠡᠭᠡᠨ ᠤ ᠲᠥᠬᠦᠷ ᠪᠡᠯᠡᠳᠬᠡᠮᠵᠢ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠬᠤ ᠲᠣᠣᠷ ᠴᠡᠭ ᠤᠨ | ᠪᠠᠶᠢᠷᠢᠰᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠢ᠃ ᠥᠪᠥᠷ ᠮᠣᠩᠭᠤᠯ ᠤᠨ ᠬᠡᠷᠡᠭᠯᠡᠭᠡ ᠶᠢᠨ ᠣᠨᠴᠠᠯᠢᠭ ᠢ ᠲᠣᠪᠤᠶᠢᠯᠭᠠᠨ᠂ ᠡᠯ᠎ᠡ ᠠᠶᠢᠮᠠᠭ ᠬᠤᠲᠠ ᠯᠤᠭ᠎ᠠ ᠬᠤᠯᠪᠣᠯᠳᠤᠨ | ᠬᠥᠳᠡᠯᠦᠯᠴᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠤᠭᠠᠯᠠᠨ᠂ ᠣᠯᠠᠨ ᠠᠵᠢᠯ ᠲᠥᠷᠥᠯ ᠢ ᠳᠠᠶᠢᠴᠢᠯᠠᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ | ᠭᠠᠳᠠᠭᠤᠷᠬᠢ ᠶᠢᠨ ᠬᠠᠷᠢᠯᠴᠠᠨ ᠠᠭᠤᠰᠤᠯᠴᠠᠭᠰᠠᠨ ︽ᠥᠪᠥᠷ ᠮᠣᠩᠭᠤᠯ ᠤᠨ ᠪᠠᠷᠠᠭ᠎ᠠ ᠲᠠᠨ ᠤ ᠠᠮᠢᠳᠤᠷᠠᠯ ᠤᠨ ᠬᠠᠨᠢ︾ ᠭᠡᠬᠦ ᠬᠡᠷᠡᠭᠯᠡᠭᠡ ᠶᠢ ᠠᠬᠢᠭᠤᠯᠬᠤ ᠰᠢᠷᠢᠰ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ᠎ᠡ ᠵᠢᠯ ᠢᠶᠠᠨ ᠤᠭᠲᠤᠵᠤ ᠪᠠᠷᠠᠭ᠎ᠠ ᠬᠤᠳᠠᠯᠳᠤᠨ ᠠᠪᠬᠤ ᠤᠯᠠᠷᠢᠯ᠂ ᠥᠪᠥᠷ ᠮᠣᠩᠭᠤᠯ ᠤᠨ ᠬᠡᠷᠡᠭᠯᠡᠭᠡ ᠶᠢ | ᠠᠬᠢᠭᠤᠯᠬᠤ ᠰᠠᠷ᠎ᠠ᠂ ᠠᠯᠲᠠᠨ ᠨᠠᠮᠤᠷ ᠤᠨ ᠬᠤᠣᠰ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠡᠷᠡᠭᠯᠡᠭᠡ ᠶᠢᠨ ᠤᠯᠠᠷᠢᠯ᠂ ᠮᠥᠰᠥ ᠴᠠᠰᠤᠨ ᠤ ᠬᠡᠷᠡᠭᠯᠡᠭᠡ ᠶᠢᠨ | ᠪᠠᠶᠠᠷ ᠤᠨ ᠡᠳᠦᠷ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ︽ᠰᠢᠭᠢᠳᠦᠨ ᠣᠷᠣᠬᠤ ᠮᠠᠶ᠋ᠢᠭ᠂ | ᠪᠡᠶᠡᠴᠢᠯᠡᠨ ᠣᠶᠢᠯᠠᠭᠠᠬᠤ ᠮᠠᠶ᠋ᠢᠭ︾ ᠤᠨ ᠰᠦᠯᠵᠢᠶᠡᠨ ᠠᠴᠠ ᠭᠠᠳᠠᠭᠤᠷᠬᠢ ᠣᠶᠢᠷᠠᠳᠴᠤ ᠣᠶᠢᠯᠠᠭᠠᠬᠤ ᠲᠠᠯᠠᠪᠠᠢ ᠪᠠᠶᠢᠳᠠᠯ ᠪᠣᠢ ᠪᠣᠯᠭᠠᠬᠤ ᠶᠢ ᠳᠡᠮᠵᠢᠵᠦ᠂ ᠬᠡᠷᠡᠭᠯᠡᠭᠡ ᠶᠢᠨ | ︽ᠨᠠᠭᠠᠯᠳᠤᠩᠭᠢ ᠴᠢᠨᠠᠷ︾ ᠢ ᠴᠢᠩᠭᠠᠷᠠᠭᠤᠯᠬᠤ ᠬᠡᠷᠡᠭᠲᠡᠢ᠃ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠦᠯᠵᠢᠶᠡᠨ ᠠᠴᠠ ᠭᠠᠳᠠᠭᠤᠷᠬᠢ | ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ᠂ ᠥᠪᠡᠰᠦᠪᠡᠨ ᠪᠠᠶᠢᠭᠤᠯᠤᠭᠰᠠᠨ ᠰᠦᠯᠵᠢᠶᠡᠨ ᠤ ᠲᠠᠪᠴᠠᠩ ᠢ ᠭᠦᠢᠴᠡᠳ ᠨᠡᠭᠡᠭᠡᠨ ᠬᠥᠭᠵᠢᠭᠦᠯᠵᠦ ᠠᠰᠢᠭᠯᠠᠨ᠂ | ᠰᠦᠯᠵᠢᠶᠡᠨ ᠤ ᠪᠣᠷᠤᠯᠠᠭᠤᠯᠭ᠎ᠠ᠂ ᠰᠢᠭᠤᠳ ᠨᠡᠪᠲᠡᠷᠡᠭᠦᠯᠬᠦ ᠡᠯᠧᠺᠲᠷᠤᠨ ᠬᠤᠳᠠᠯᠳᠤᠭ᠎ᠠ᠂ ᠨᠡᠶᠢᠭᠡᠮ ᠤᠨ ᠬᠠᠷᠢᠯᠴᠠᠭᠠᠨ ᠤ ᠡᠵᠡᠩᠨᠡᠨ ᠪᠣᠷᠤᠯᠠᠭᠤᠯᠭ᠎ᠠ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠰᠦᠯᠵᠢᠶᠡᠨ ᠳᠠᠬᠢ ᠬᠡᠷᠡᠭᠯᠡᠭᠡ ᠶᠢᠨ ᠬᠡᠪᠴᠢᠶ᠎ᠡ ᠶᠢ ᠥᠷᠭᠡᠳᠬᠡᠨ᠂ | ᠰᠦᠯᠵᠢᠶᠡᠨ ᠳᠡᠭᠡᠷ᠎ᠡ ᠤᠷᠤᠰᠴᠠ ᠳᠠᠭᠠᠭᠤᠯᠬᠤ᠂ ᠰᠦᠯᠵᠢᠶᠡᠨ ᠠᠴᠠ ᠭᠠᠳᠠᠭᠤᠷ ᠬᠡᠷᠡᠭᠯᠡᠭᠡ ᠶᠢ ᠭᠦᠳᠦᠯᠬᠦ ᠣᠷᠴᠢᠯᠲᠤ ᠬᠥᠭᠵᠢᠯᠲᠡ ᠶᠢ ᠠᠬᠢᠭᠤᠯᠬᠤ ᠬᠡᠷᠡᠭᠲᠡᠢ᠃ | ᠭᠤᠣᠯ ᠰᠡᠳᠦᠪᠲᠦ ᠮᠠᠶ᠋ᠢᠭ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠶᠢᠮᠠᠭ ᠬᠤᠲᠠ ᠶᠢᠨ ᠲᠠᠰ ᠤᠨ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢᠨ ᠨᠠᠷᠠᠲᠤ ᠲᠡᠮᠳᠡᠭ ᠢ 6 ᠠᠴᠠ ᠢᠯᠡᠭᠦᠦ ᠴᠣᠭᠴᠠᠯᠠᠨ᠂ 100 ᠢᠯᠡᠭᠦᠦ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ | ᠬᠠᠪᠰᠤᠷᠤᠨ ᠲᠡᠳᠬᠦᠵᠦ ᠪᠠᠶᠢᠭᠠᠳ ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠨᠢ ᠨᠡᠭᠡᠭᠡᠨ ᠥᠭᠴᠦ᠂ ᠤᠭ ᠭᠠᠷᠤᠯᠲᠠ ᠶᠢᠨ ᠭᠠᠵᠠᠷ ᠤᠨ 100 ᠢᠯᠡᠭᠦᠦ | ᠫᠦᠰᠡ ᠳᠡᠯᠭᠡᠭᠦᠷ ᠤᠨ ᠠᠵᠢᠯᠯᠠᠭᠠᠨ ᠢ ᠲᠤᠰᠠᠯᠠᠨ ᠳᠡᠮᠵᠢᠵᠦ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ 100 ᠢᠯᠡᠭᠦᠦ ᠣᠬᠤᠷ ᠸᠢᠳᠢᠤ᠋ ᠶᠢᠨ ᠲᠠᠩᠰᠠᠨ | ᠨᠣᠮᠧᠷ ᠢ ᠨᠡᠭᠡᠭᠡᠬᠦ ᠶᠢ ᠳᠡᠮᠵᠢᠨ᠂ 1000 ᠭᠠᠷᠤᠢ ᠵᠦᠢᠯ ᠤᠨ ᠭᠠᠭᠴᠠ ᠲᠦᠷᠦᠯ ᠤᠨ ᠲᠠᠸᠠᠷ ᠢ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠳᠤ ᠤᠷᠤᠯᠴᠠᠭᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ︵ᠨᠠᠢᠮᠠ︶ ︽ᠨᠡᠷᠡᠳᠦ ᠲᠡᠮᠳᠡᠭ ᠤᠨ ᠪᠠ ᠴᠢᠨᠠᠷᠵᠢᠭᠤᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ ᠤᠨ ᠡᠳᠦᠷ ᠤᠨ ᠠᠵᠢᠯᠯᠠᠭᠠᠨ︾ ᠢ | ᠪᠠᠶᠢᠩᠭᠤᠵᠢᠭᠤᠯᠤᠨ ᠡᠷᠬᠢᠯᠡᠬᠦ ᠬᠡᠷᠡᠭᠲᠡᠢ᠃ ᠣᠨ ᠢᠶᠠᠷ ︽ᠨᠡᠷᠡᠳᠦ ᠲᠡᠮᠳᠡᠭ ᠤᠨ ᠪᠠ ᠴᠢᠨᠠᠷᠵᠢᠭᠤᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠪᠠᠶᠠᠷ ᠤᠨ | ᠡᠳᠦᠷ ᠤᠨ ᠠᠵᠢᠯᠯᠠᠭᠠᠨ︾ ᠢ ᠡᠷᠭᠢᠯᠡᠵᠦ᠂ ᠡᠯᠧᠺᠲᠷᠤᠨ ᠬᠤᠳᠠᠯᠳᠤᠭᠠᠨ ᠤ ᠬᠡᠷᠡᠭᠯᠡᠭᠡ ᠶᠢᠨ ᠬᠠᠯᠠᠮᠰᠢᠯ ᠴᠡᠭ ᠢ ᠢᠳᠡᠪᠬᠢᠲᠡᠢ ᠪᠤᠶᠢᠵᠢᠭᠤᠯᠤᠨ᠂ ᠬᠡᠷᠡᠭᠯᠡᠭᠡ ᠶᠢᠨ | ᠵᠢᠱᠢᠯᠲᠡ ᠶᠢ ᠬᠥᠲᠥᠯᠥᠨ ᠵᠢᠯᠤᠭᠤᠳᠴᠤ᠂ ᠰᠠᠶᠢᠨ ᠨᠠᠷᠠᠲᠤ ᠲᠡᠮᠳᠡᠭ᠂ ᠴᠢᠨᠠᠷᠵᠢᠭᠤᠨ ᠪᠠ ᠪᠣᠬᠢᠷᠳᠤᠯ ᠦᠭᠡᠢ ᠬᠡᠷᠡᠭᠯᠡᠭᠡ ᠶᠢᠨ ᠣᠨᠣᠯᠵᠢᠬᠤᠨ ᠢ ᠰᠠᠨᠠᠭᠠᠴᠢᠯᠠᠨ᠂ ᠥᠪᠥᠷ | ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶ᠎ᠡ ᠪᠠᠷ ᠪᠣᠷᠣᠯᠠᠭᠤᠯᠬᠤ ᠵᠠᠮ ᠮᠥᠷ ᠢ | ᠥᠷᠭᠡᠳᠬᠡᠬᠦ ᠬᠡᠷᠡᠭᠲᠡᠢ᠃ 30 – 50 ᠭᠤᠣᠯ ᠴᠣᠭᠴᠠᠲᠤ ᠠᠵᠤ ᠠᠬᠤᠶᠢᠯᠠᠯ ᠢ ᠪᠤᠶᠢᠵᠢᠭᠤᠯᠵᠤ ︽ᠵᠢᠩ ᠳ᠋ᠦᠩ · ᠳᠤᠮᠳᠠᠳᠤ ᠤᠯᠤᠰ ᠤᠨ ᠣᠨᠴᠠ ᠭᠠᠷᠤᠯᠲᠠ ᠶᠢᠨ | ᠥᠪᠥᠷ ᠮᠣᠩᠭᠤᠯ ᠤᠨ ᠣᠷᠳᠣᠨ︾ ︽ᠵᠢᠩ ᠳ᠋ᠦᠩ · ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠬᠥᠬᠡᠬᠤᠲᠠ ᠣᠷᠳᠣᠨ︾᠂ ᠳᠤᠮᠳᠠᠳᠤ ᠤᠯᠤᠰ ᠤᠨ | ᠪᠠᠩᠬᠢ ᠶᠢᠨ ᠬᠠᠮ ᠺᠠᠷᠲ ᠤᠨ ᠡᠭᠦᠯᠡᠨ ᠭᠢᠯᠠᠰᠬᠢᠯ ᠲᠤᠰᠢᠶᠠᠯᠲᠠ ᠶᠢᠨ ︽ᠥᠪᠥᠷ ᠮᠣᠩᠭᠤᠯ ᠤᠨ ᠦᠨᠦᠷ ᠠᠮᠲᠠᠲᠤ ᠣᠷᠳᠣᠨ︾ ᠵᠡᠷᠭᠡ ᠲᠠᠪᠴᠠᠩ ᠳᠤ | ᠰᠦᠯᠵᠢᠶᠡᠨ ᠳᠠᠬᠢ ᠠᠵᠢᠯᠯᠠᠭ᠎ᠠ ᠶᠢᠨ ᠠᠷᠭ᠎ᠠ ᠵᠠᠮ ᠢ ᠨᠡᠭᠡᠭᠡᠵᠦ᠂ ᠥᠪᠥᠷ ᠮᠣᠩᠭᠤᠯ ᠤᠨ ᠣᠨᠴᠠᠯᠢᠭᠲᠤ ᠰᠠᠶᠢᠨ ᠨᠡᠷᠡᠳᠦ ᠲᠡᠮᠳᠡᠭ ᠪᠣᠯᠬᠤᠶᠢᠴᠠ ᠴᠢᠨᠠᠷᠵᠢᠭᠤᠨ | ᠦᠢᠯᠡᠳᠬᠦᠨ ᠢᠶᠠᠨ ︽ᠭᠠᠳᠠᠭᠰᠢ ᠭᠠᠷᠭᠠᠬᠤ︾ ᠶᠢ ᠨᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠬᠠᠷᠢᠭᠤᠴᠠᠨ᠎ᠠ︶ | ︵ᠶᠢᠰᠦ︶ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠮ ᠮᠥᠷ ᠢᠶᠠᠨ ᠨᠡᠭᠡᠭᠡᠨ ᠥᠷᠭᠡᠳᠬᠡᠬᠦ ᠶᠢ ᠠᠬᠢᠭᠤᠯᠬᠤ ᠬᠡᠷᠡᠭᠲᠡᠢ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠲᠠᠯ᠎ᠠ ᠪᠠᠷ ᠬᠢ ᠡᠯᠧᠺᠲᠷᠤᠨ ᠬᠤᠳᠠᠯᠳᠤᠭᠠᠨ ᠤ ᠴᠢᠨᠠᠷ ᠰᠠᠶᠢᠲᠠᠢ ᠨᠡᠷᠡᠲᠦ ᠲᠡᠮᠳᠡᠭ ᠢ ᠬᠦᠴᠦᠯᠡᠨ ᠪᠤᠶᠢᠵᠢᠭᠤᠯᠵᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ ᠢ ᠨᠢ ᠳᠡᠬᠡᠭᠰᠢᠯᠡᠬᠦᠯᠬᠦ ᠬᠡᠷᠡᠭᠲᠡᠢ᠃ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠨᠡᠪᠲᠡᠷᠡᠭᠦᠯᠬᠦ ᠶᠢ | ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠲᠦᠷᠭᠡᠨ ᠬᠦᠷᠭᠡᠬᠦ ᠠᠵᠤ ᠠᠬᠤᠶᠢᠯᠠᠯ ᠳᠤ ᠡᠯᠧᠺᠲᠷᠤᠨ ᠬᠤᠳᠠᠯᠳᠤᠭᠠᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠢ ᠴᠢᠯᠦᠭᠡᠲᠡᠢ ᠲᠠᠯᠪᠢᠵᠤ᠂ ᠲᠠᠷᠢᠶᠠᠯᠠᠬᠤ ᠮᠠᠯᠵᠢᠬᠤ ᠣᠷᠣᠨ ᠤ ᠪᠡᠶᠡᠲᠦ ᠳᠡᠯᠭᠡᠭᠦᠷ᠂ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ | ᠥᠷᠲᠡᠭᠡ ᠴᠡᠭ ᠢ ᠲᠡᠮᠵᠢᠵᠦ ᠪᠠᠶᠢᠭᠠᠳ ᠰᠢᠤᠳᠠᠨ ᠤ ᠲᠦᠷᠭᠡᠨ ᠬᠦᠷᠭᠡᠯᠲᠡ ᠵᠡᠷᠭᠡ ᠣᠯᠠᠨ ᠡᠰᠢᠲᠦ ᠦᠢᠯᠡᠴᠢᠯᠡᠭᠡᠨ ᠤ ᠴᠢᠳᠠᠮᠵᠢ ᠶᠢ ᠠᠴᠢᠶᠠᠯᠠᠵᠤ᠂ ᠲᠠᠷᠢᠶᠠᠯᠠᠬᠤ | ᠮᠠᠯᠵᠢᠬᠤ ᠣᠷᠣᠨ ᠤ ᠡᠯᠧᠺᠲᠷᠤᠨ ᠬᠤᠳᠠᠯᠳᠤᠭ᠎ᠠ ᠲᠦᠷᠭᠡᠨ ᠬᠦᠷᠭᠡᠯᠲᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠠᠨᠳᠤᠭᠤᠯᠤᠭᠰᠠᠨ ᠨᠢᠭᠡ ᠪᠦᠯᠦᠭ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠬᠠᠪᠰᠤᠷᠤᠨ ᠲᠡᠳᠬᠦᠵᠦ | ᠪᠠᠶᠢᠭᠠᠳ ︽ᠨᠡᠶᠢᠲᠡ ᠳᠤ ᠬᠤᠣᠷᠳᠠᠭᠳᠠᠯ ᠦᠭᠡᠢ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠲᠠᠷᠢᠶᠠᠯᠠᠩ ᠤᠨ ᠣᠷᠭᠠᠨᠢᠭ ᠪᠦᠲᠦᠭᠡᠭᠳᠡᠬᠦᠨ ᠪᠠ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ︾ ᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠡᠯᠧᠺᠲᠷᠤᠨ ᠬᠤᠳᠠᠯᠳᠤᠭᠠᠴᠢᠯᠠᠵᠤ ᠪᠣᠯᠬᠤᠶᠢᠴᠠ ᠪᠣᠬᠢᠷᠳᠤᠯ | ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠵᠢᠭᠰᠠᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠬᠡᠷᠡᠭᠲᠡᠢ᠃ ᠥᠪᠥᠷ ᠮᠣᠩᠭᠤᠯ ᠤᠨ | ᠣᠨᠴᠠᠯᠢᠭᠲᠤ ᠪᠦᠲᠦᠭᠡᠭᠳᠡᠬᠦᠨ ᠤ ᠳᠠᠪᠠᠭᠤᠯᠢᠭ ᠢ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠵᠡᠷᠭᠡ ᠪᠠᠷ ᠭᠤᠣᠯ ᠪᠣᠯᠭᠠᠨ᠂ ᠰᠦᠯᠵᠢᠶᠡᠨ ᠠᠴᠠ ᠭᠠᠳᠠᠭᠤᠷᠬᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠣᠭᠤᠷᠢᠭ ᠢ ᠲᠡᠳᠬᠦᠨ ᠲᠡᠮᠵᠢᠵᠦ᠂ | ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠣᠨᠴᠠᠯᠢᠭᠲᠤ ᠪᠦᠲᠦᠭᠡᠭᠳᠡᠬᠦᠨ ᠤ ᠣᠷᠳᠣᠨ ᠢ ᠨᠡᠭᠡᠭᠡᠵᠦ᠂ ᠥᠪᠥᠷ ᠮᠣᠩᠭᠤᠯ ᠤᠨ ᠦᠨᠦᠷ ᠠᠮᠲᠠᠲᠤ ᠤᠭ ᠭᠠᠷᠤᠯᠲᠠ ᠶᠢᠨ | ᠭᠠᠵᠠᠷ ᠤᠨ ᠨᠡᠷᠡᠲᠦ ᠲᠡᠮᠳᠡᠭᠴᠢᠯᠡᠨ ᠭᠦᠭᠵᠢᠬᠦ ᠶᠢ ᠠᠬᠢᠭᠤᠯᠤᠨ᠂ ᠨᠢᠭᠡ ᠪᠦᠯᠦᠭ ᠭᠤᠣᠯ ᠤᠷᠤᠰᠬᠠᠯᠲᠤ ᠲᠠᠪᠴᠠᠩ ᠳᠤ ᠨᠡᠭᠡᠭᠡᠭᠰᠡᠨ ᠬᠥᠭᠵᠢᠶᠡᠨᠲᠦ ᠬᠡᠯᠪᠡᠷᠢ ᠶᠢᠨ | ᠣᠨᠴᠠᠯᠢᠭᠲᠤ ᠣᠷᠳᠣᠨ ᠪᠠ ᠤᠭ ᠭᠠᠷᠤᠯᠲᠠ ᠶᠢᠨ ᠭᠠᠵᠠᠷ ᠤᠨ ᠫᠦᠰᠡ ᠳᠡᠯᠭᠡᠭᠦᠷ ᠢ ᠨᠡᠶᠢᠲᠡ 100 ᠢᠯᠡᠭᠦᠦ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ︵ᠠᠷᠪᠠ︶ ᠳᠠᠪᠠᠭᠤᠯᠢᠭ ᠠᠵᠤ ᠦᠢᠯᠡᠰ ᠪᠠ ᠦᠢᠯᠡᠳᠬᠦᠨ ᠢ ᠡᠯᠧᠺᠲᠷᠤᠨ ᠬᠤᠳᠠᠯᠳᠤᠭᠠᠴᠢᠯᠠᠬᠤ ᠪᠠᠷ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ | ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠳᠠᠪᠠᠭᠤᠯᠢᠭ ᠠᠵᠤ ᠦᠢᠯᠡᠰ᠂ ᠦᠢᠯᠡᠳᠬᠦᠨ ᠢ ᠡᠯᠧᠺᠲᠷᠤᠨ | ᠬᠤᠳᠠᠯᠳᠤᠭᠠᠴᠢᠯᠠᠬᠤ ᠪᠠᠷ ᠥᠭᠡᠷᠡᠴᠢᠯᠡᠬᠦ ᠶᠢ ᠵᠣᠷᠢᠭᠵᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠵᠢᠯ ᠪᠦᠷᠢ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠵᠤ᠂ ᠬᠠᠮᠤᠭ | ᠤᠷᠳᠤ ᠳᠤ ᠪᠠᠨ 3 ᠵᠢᠯ ᠳᠠᠷᠠᠭᠠᠯᠠᠨ ᠳᠡᠮᠵᠢᠨ᠎ᠡ᠃ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠣᠷᠣᠨ ᠤ ᠳᠣᠲᠣᠷᠠᠬᠢ ᠠᠵᠤ | ᠠᠬᠤᠶᠢᠯᠠᠯ ᠤᠳ ᠢ ᠵᠣᠬᠢᠶᠠᠨ ᠪᠠᠶᠢᠭᠤᠯᠵᠤ ᠠᠯᠳᠠᠷᠰᠢᠭᠰᠠᠨ ᠢᠨᠲ᠋ᠧᠷ ᠰᠦᠯᠵᠢᠶ᠎ᠡ ᠶᠢᠨ ᠡᠬᠢ ᠪᠠᠶᠠᠯᠢᠭ ᠲᠠᠢ ᠵᠣᠯᠭᠠᠭᠤᠯᠵᠤ᠂ ᠬᠤᠯᠪᠤᠭᠠᠯᠠᠨ ᠡᠵᠡᠩᠨᠡᠵᠦ ᠪᠣᠷᠣᠯᠠᠭᠤᠯᠬᠤ | ᠪᠠ ᠨᠠᠷᠠᠲᠤ ᠲᠡᠮᠳᠡᠭ ᠢ ᠳᠡᠯᠭᠡᠷᠡᠭᠦᠯᠬᠦ ᠵᠡᠷᠭᠡ ᠠᠵᠢᠯᠯᠠᠭ᠎ᠠ ᠥᠷᠨᠢᠭᠦᠯᠦᠨ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠳᠤ ᠲᠡᠳᠡᠨᠦᠰ ᠤᠨ ᠦᠢᠯᠡᠴᠢᠯᠡᠭᠡᠨ | ᠬᠠᠩᠭᠠᠭᠰᠠᠨ ᠥᠪᠡᠷ ᠤᠨ ᠥᠷᠲᠡᠭ ᠤᠨ 20%᠂ ᠶᠡᠬᠡᠳᠦᠬᠦ ᠳᠤ ᠪᠠᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠪᠡᠯᠡ ᠮᠥᠩᠭᠦᠨ ᠤ ᠳᠡᠮᠵᠢᠯᠭᠡ | ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ | ᠵᠣᠷᠢᠭᠵᠢᠭᠤᠯᠬᠤ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠳᠡᠮᠵᠢᠵᠦ᠂ ᠡᠯᠧᠺᠲᠷᠤᠨ ᠬᠤᠳᠠᠯᠳᠤᠭᠠᠨ ᠤ | ᠶᠠᠪᠤᠳᠠᠯ ᠤᠨ ᠬᠡᠷᠡᠭᠯᠡᠭᠡᠨ ᠤ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠠᠯᠳᠠᠷᠰᠢᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠲᠤᠰᠬᠠᠢ ᠴᠤᠭᠯᠠᠭᠠᠨ ᠦᠵᠡᠰᠭᠦᠯᠡᠩ ᠳᠤ ᠣᠷᠤᠯᠴᠠᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠬᠢᠨ ᠤ ᠴᠤᠭᠯᠠᠭᠠᠨ ᠦᠵᠡᠰᠬᠦᠯᠡᠩ᠂ ᠨᠡᠶᠢᠭᠡᠮ ᠤᠨ | ᠬᠠᠷᠢᠯᠴᠠᠭᠠᠨ ᠤ ᠵᠠᠭᠤᠴᠢᠯᠠᠭᠤᠷ᠂ ᠡᠷᠢᠯᠲᠡ ᠬᠥᠳᠡᠯᠭᠡᠭᠦᠷ ᠵᠡᠷᠭᠡ ᠵᠠᠮ ᠮᠥᠷ ᠢ ᠠᠰᠢᠭᠯᠠᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ ᠲᠡᠮᠵᠢᠬᠦ ᠬᠡᠷᠡᠭᠲᠡᠢ᠃ | ᠬᠥᠬᠡᠬᠤᠲᠠ᠂ ᠤᠯᠠᠭᠠᠨᠬᠠᠳᠠ᠂ ᠮᠠᠨᠵᠤᠤᠷ᠂ ᠣᠷᠳᠣᠰ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠲᠣᠭᠤᠷᠢᠭ ᠤᠨ ᠲᠣᠭᠤᠷᠢᠨ ᠳᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠤᠯᠭᠠᠭᠤᠷᠢᠯᠠᠬᠤ ᠲᠣᠭᠲᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ | ᠭᠠᠳᠠᠭᠠᠳᠤ ᠳᠠᠬᠢ ᠰᠠᠩ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ 2000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ | ᠬᠥᠬᠡᠬᠤᠲᠠ᠂ ᠤᠯᠠᠭᠠᠨᠬᠠᠳᠠ᠂ ᠣᠷᠳᠣᠰ ᠤᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ | ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠳᠤ ᠨᠢ ᠳᠡᠮᠵᠢᠯᠭᠡ ᠦᠵᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ᠳᠥᠷᠪᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ | ︵ᠠᠷᠪᠠᠨ ᠬᠤᠶᠠᠷ︶ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠷᠠᠳ ᠲᠤ ᠳᠥᠭᠦᠮ ᠦᠵᠡᠭᠦᠯᠬᠦ | ᠬᠥᠭᠵᠢᠯᠲᠡ ᠶᠢ ᠠᠬᠢᠭᠤᠯᠵᠤ᠂ ᠳᠥᠲᠡ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ ᠨᠣᠭᠤᠭᠠᠨ ᠤ ᠳᠡᠯᠭᠡᠭᠦᠷ᠂ ᠠᠷᠠᠳ ᠲᠤ ᠳᠥᠭᠦᠮ ᠦᠵᠡᠭᠦᠯᠬᠦ ᠥᠷᠯᠥᠭᠡ | ︵ᠦᠳᠡᠰᠢ︶ ᠶᠢᠨ ᠵᠠᠬ᠎ᠠ ᠳᠡᠯᠭᠡᠭᠦᠷ ᠵᠡᠷᠭᠡ ᠨᠡᠶᠢᠭᠡᠮ ᠲᠣᠭᠤᠷᠢᠭ ᠤᠨ ᠬᠤᠳᠠᠯᠳᠤᠭᠠᠨ ᠤ ᠵᠠᠭᠪᠤᠷ ᠢ ᠶᠡᠭᠡ ᠪᠠᠷ ᠬᠥᠭᠵᠢᠭᠦᠯᠵᠦ᠂ ᠠᠷᠠᠳ ᠲᠤ ᠳᠥᠭᠦᠮ ᠦᠵᠡᠭᠦᠯᠬᠦ | ᠠᠮᠢᠳᠤᠷᠠᠯ ᠤᠨ ᠲᠣᠭᠤᠷᠢᠭ ᠤᠨ ᠳᠥᠭᠦᠮ ᠦᠵᠡᠭᠦᠯᠬᠦ᠂ ᠪᠠᠷᠢᠮᠵᠢᠶᠠᠵᠢᠭᠤᠯᠬᠤ᠂ ᠣᠶᠤᠨᠴᠢᠯᠠᠬᠤ᠂ ᠴᠢᠨᠠᠷᠵᠢᠭᠤᠯᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠬᠦ ᠬᠡᠷᠡᠭᠲᠡᠢ᠃ | ︽ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ ᠠᠪᠬᠤ︾ ᠵᠡᠷᠭᠡ ᠦᠢᠯᠡᠴᠢᠯᠡᠭᠡᠨ ᠤ ᠴᠢᠳᠠᠮᠵᠢ ᠶᠢ ᠬᠠᠩᠭᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠬᠤ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠬᠠᠮ ᠴᠣᠭᠴᠠ᠂ ᠬᠡᠲᠦ ᠳᠡᠯᠭᠡᠭᠦᠷ᠂ ᠨᠠᠷᠠᠲᠤ ᠲᠡᠮᠳᠡᠭ ᠤᠨ ᠬᠡᠯᠬᠢᠶ᠎ᠡ ᠳᠡᠯᠭᠡᠭᠦᠷ᠂ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠳᠤ᠂ ᠠᠵᠤ ᠠᠬᠤᠶᠢᠯᠠᠯ ︵ᠨᠢᠭᠡᠴᠢ︶ ᠤᠨ ᠪᠣᠳᠠᠲᠠᠢ ᠵᠠᠷᠤᠯᠭ᠎ᠠ ᠪᠠᠷ ᠵᠣᠬᠢᠬᠤ ᠳᠡᠮᠵᠢᠯᠭᠡ ᠦᠵᠡᠬᠦᠯᠬᠦ ᠬᠡᠷᠡᠭᠲᠡᠢ᠃ ᠲᠠᠪᠤᠨ | ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ | ᠠᠮᠢᠳᠤᠷᠠᠯ ᠤᠨ ᠲᠣᠭᠤᠷᠢᠭ ᠪᠦᠷᠢ ᠳᠤ ᠨᠢ 200 ᠲᠦᠮᠡᠨ ᠲᠥᠭᠦᠷᠢᠭ ᠠᠴᠠ ᠳᠣᠣᠷ᠎ᠠ ᠪᠢᠰᠢ ᠪᠠᠷ ᠱᠠᠩᠨᠠᠨ ᠨᠥᠬᠦᠪᠦᠷᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠲᠡᠮᠵᠢᠬᠦ ᠬᠡᠷᠡᠭᠲᠡᠢ᠃ 1500 ᠲᠦᠮᠡᠨ | ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠲᠣᠬᠢᠷᠠᠭᠤᠯᠵᠤ᠂ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠭᠦ | ᠬᠡᠷᠡᠭᠲᠡᠢ᠃ ᠥᠪᠥᠷ ᠮᠣᠩᠭᠤᠯ ᠳᠤ ᠡᠷᠦᠬᠡ ᠠᠮᠠ ᠪᠠᠨ ᠳᠠᠩᠰᠠᠯᠠᠭᠤᠯᠤᠭᠰᠠᠨ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠵᠢᠯ ᠤᠨ ᠲᠤᠰᠢᠶᠠᠬᠤ | ᠭᠠᠶᠢᠯᠢ ᠳᠠᠬᠢ ᠥᠪᠡᠷᠲᠡᠭᠡᠨ ᠵᠠᠰᠠᠬᠤ ᠣᠷᠣᠨ ᠤ ᠬᠤᠪᠢᠳᠠᠯ ᠤᠨ ᠨᠡᠮᠡᠭᠳᠡᠭᠰᠡᠨ ᠬᠡᠰᠡᠭ ᠢᠶᠠᠷ ᠳᠠᠩᠰᠠᠯᠠᠭᠤᠯᠤᠭᠰᠠᠨ ᠪᠠᠶᠢᠭ᠎ᠠ ᠭᠠᠵᠠᠷ ᠤᠨ ᠠᠶᠢᠮᠠᠭ ᠬᠤᠲᠠ ᠳᠤ ᠱᠠᠩᠨᠠᠨ | ᠨᠥᠬᠦᠪᠦᠷᠢᠯᠡᠵᠦ᠂ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠰᠦᠯᠵᠢᠶᠡᠨ ᠤ ᠠᠴᠢᠶ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠬᠦᠷᠢᠶ᠎ᠡ ᠴᠠᠷᠠᠭ᠎ᠠ ᠪᠠ ᠬᠡᠪᠴᠢᠶ᠎ᠡ ᠶᠢ ᠦᠨᠳᠦᠰᠦᠯᠡᠨ᠂ ᠠᠪᠬᠤ ᠪᠠᠷᠢᠮᠲᠠ ᠶᠢᠨ ᠲᠥᠷᠥᠯ ᠵᠦᠢᠯ᠂ ᠲᠤᠭ᠎ᠠ ᠬᠡᠮᠵᠢᠶ᠎ᠡ ᠪᠠᠨ ᠲᠣᠭᠲᠠᠭᠠᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠥᠷᠪᠡ︶ ᠭᠠᠴᠠᠭ᠎ᠠ ᠲᠣᠰᠬᠤᠨ ᠳᠤ ᠲᠦᠷᠭᠡᠨ ᠬᠦᠷᠭᠡᠯᠲᠡ ᠲᠠᠢ ᠪᠣᠯᠬᠤ ᠶᠢ ᠲᠡᠮᠵᠢᠬᠦ ᠬᠡᠷᠡᠭᠲᠡᠢ᠃ ᠨᠡᠮᠡᠭᠦᠷᠢ ᠦᠵᠡᠭᠦᠯᠦᠭᠰᠡᠨ ᠤ ᠳᠠᠷᠠᠭᠠᠬᠢ | ᠣᠷᠣᠨ ᠪᠦᠰᠡ ᠳᠠᠬᠢ ᠲᠤᠬᠠᠶᠢᠯᠠᠭᠰᠠᠨ ᠠᠵᠢᠯ ᠤᠨ ᠣᠯᠵᠤ ᠠᠯᠳᠠᠭᠰᠠᠨ ᠢ ᠶᠡᠷᠦᠩᠬᠡᠢ ᠳᠤ ᠨᠢ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ | ᠡᠵᠡᠩᠨᠡᠬᠦ ᠵᠡᠷᠭᠡ ᠵᠠᠷᠴᠢᠮ ᠢᠶᠠᠷ᠂ ᠲᠦᠷᠭᠡᠨ ᠬᠦᠷᠭᠡᠯᠲᠡ ᠶᠢᠨ ᠲᠣᠰᠬᠤᠨ ᠳᠤ ᠬᠦᠷᠭᠡᠭᠰᠡᠨ ᠤᠳᠠᠭ᠎ᠠ ᠪᠦᠷᠢ ᠶᠢᠨ ᠪᠠᠷᠠᠭᠠᠨ ᠤ ᠲᠤᠭ᠎ᠠ ᠬᠡᠮᠵᠢᠶ᠎ᠡ᠂ ᠭᠠᠭᠴᠠ ᠲᠦᠷᠦᠯ ᠤᠨ | ᠲᠠᠸᠠᠷ ᠤᠨ ᠥᠪᠡᠷ ᠤᠨ ᠥᠷᠲᠡᠭ᠂ ᠬᠦᠷᠭᠡᠭᠰᠡᠨ ᠵᠠᠢ ᠪᠠ ᠬᠦᠷᠲᠡᠭᠡᠭᠰᠡᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ | ᠬᠦᠷᠭᠡᠯᠲᠡ ᠶᠢᠨ ᠲᠣᠰᠬᠤᠨ ᠳᠤ ᠬᠦᠷᠭᠡᠭᠰᠡᠨ ᠲᠤᠬᠠᠶᠢᠯᠠᠭᠰᠠᠨ ᠠᠵᠢᠯ ᠤᠨ ᠪᠣᠳᠠᠲᠠᠢ ᠦᠢᠯᠡᠴᠢᠯᠡᠭᠡ ᠳᠤ ᠨᠢ ᠤᠳᠠᠭ᠎ᠠ ᠪᠦᠷᠢ 0.3 ᠲᠥᠭᠦᠷᠢᠭ ᠠᠴᠠ ᠬᠡᠲᠦᠷᠡᠭᠦᠯᠬᠦ | ᠦᠭᠡᠢ ᠪᠠᠷ᠂ ᠡᠯ᠎ᠡ ᠠᠶᠢᠮᠠᠭ ᠬᠤᠲᠠ ᠨᠢ ᠬᠤᠵᠢᠭᠤ ᠨᠡᠮᠡᠭᠦᠷᠢ ᠶᠢᠨ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ︵ᠥᠪᠥᠷ | ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠲᠠᠪᠤ︶ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠪᠠᠷᠢᠮᠵᠢᠶᠠᠵᠢᠭᠤᠯᠬᠤ ᠬᠢᠷᠢ ᠲᠦᠪᠰᠢᠨ ᠢ ᠲᠡᠬᠡᠭᠰᠢᠯᠡᠬᠦᠯᠬᠦ ᠬᠡᠷᠡᠭᠲᠡᠢ᠃ ︽ᠤᠯᠤᠰ ᠤᠨ | ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ︾ | ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠤᠳᠠᠯᠳᠤᠭᠠᠨ ᠤ ᠶᠠᠪᠤᠳᠠᠯ ᠤᠨ ᠭᠤᠣᠯᠳᠠᠯᠭ᠎ᠠ ᠪᠣᠯᠬᠤ ᠠᠵᠢᠯ ᠤᠨ ᠡᠭᠦᠷᠭᠡ ᠲᠠᠢ ᠤᠶᠠᠯᠳᠤᠭᠤᠯᠤᠨ᠂ ᠪᠥᠬᠦ | ᠣᠷᠣᠨ ᠤ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠪᠠᠷᠢᠮᠵᠢᠶᠠᠲᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠭᠡᠷ ᠠᠬᠤᠢ ᠶᠢᠨ | ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ ᠪᠣᠯᠬᠤ ᠬᠦᠷᠢᠶᠡᠨ ᠤ ᠲᠣᠭᠤᠷᠢᠨ ᠳᠤ᠂ ᠲᠡᠷᠢᠭᠦᠨ ᠤ ᠪᠠ ᠬᠡᠷᠡᠭᠯᠡᠬᠦ ᠳᠤ ᠲᠣᠬᠢᠷᠠᠬᠤ ᠣᠷᠣᠨ ᠨᠤᠲᠤᠭ ᠤᠨ | ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠤᠯᠤᠰ ᠤᠨ ᠲᠠᠰ ᠤᠨ ᠦᠢᠯᠡᠴᠢᠯᠡᠭᠡᠨ ᠤ ᠦᠢᠯᠡᠰ ︵ᠠᠷᠠᠯᠵᠢᠶ᠎ᠠ ᠬᠤᠳᠠᠯᠳᠤᠭ᠎ᠠ ᠶᠢᠨ ᠭᠦᠢᠯᠭᠡᠭᠡᠨ ᠤ ᠲᠤᠰᠬᠠᠢ | ᠵᠦᠢᠯ︶ ᠤᠨ ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠲᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠨ᠂ | ᠪᠠᠷᠢᠮᠵᠢᠶ᠎ᠠ ᠶᠢ ᠬᠡᠷᠡᠭᠵᠢᠭᠦᠯᠬᠦ ᠦᠷ᠎ᠡ ᠴᠢᠳᠠᠮᠵᠢ ᠪᠠᠨ ᠳᠡᠬᠡᠭᠰᠢᠯᠡᠬᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | ︵ᠠᠷᠪᠠᠨ ᠵᠢᠷᠭᠤᠭ᠎ᠠ︶ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠤᠰᠬᠠᠢ ᠮᠡᠷᠭᠡᠵᠢᠯ ᠪᠠ | ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠬᠠᠮ | ᠬᠡᠯᠪᠡᠷᠢ ᠶᠢᠨ ᠤᠷ᠎ᠠ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ | ᠬᠢᠭᠡᠳ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠬᠦᠷᠢᠶᠡᠨ ᠳᠤ ᠬᠤᠷᠰᠢᠯᠴᠠᠨ ᠰᠤᠷᠭᠠᠭᠤᠯᠢ ᠡᠷᠬᠢᠯᠡᠬᠦ ᠪᠠ ᠴᠢᠳᠠᠪᠤᠷᠢᠲᠠᠨ ᠬᠥᠮᠥᠵᠢᠭᠦᠯᠬᠦ ᠠᠵᠢᠯ ᠥᠷᠨᠢᠭᠦᠯᠬᠦ ᠶᠢ ᠨᠢ ᠵᠣᠷᠢᠭᠵᠢᠭᠤᠯᠬᠤ ᠬᠡᠷᠡᠭᠲᠡᠢ᠃ ᠠᠵᠤ ᠠᠬᠤᠶᠢᠯᠠᠯ᠂ | ᠶᠡᠭᠡ ᠳᠡᠭᠡᠳᠦ ᠰᠤᠷᠭᠠᠭᠤᠯᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠪᠣᠯᠪᠠᠰᠤᠷᠠᠯ ᠢ | ᠬᠠᠮᠲᠤᠷᠠᠨ ᠥᠷᠨᠢᠭᠦᠯᠬᠦ ᠶᠢ ᠨᠢ ᠵᠣᠷᠢᠭᠵᠢᠭᠤᠯᠬᠤ ᠬᠡᠷᠡᠭᠲᠡᠢ᠃ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠢ | ᠣᠷᠣᠭᠤᠯᠵᠤ ᠠᠪᠴᠢᠷᠠᠬᠤ ᠪᠠ ᠬᠥᠮᠥᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ ᠨᠡᠶᠢᠴᠡᠭᠰᠡᠨ ᠳᠤ ᠨᠢ ᠴᠢᠳᠠᠪᠤᠷᠢᠲᠠᠨ ᠤ ᠲᠠᠯ᠎ᠠ ᠪᠠᠷ ᠬᠢ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠬᠠᠮᠲᠤ ᠳᠤ ᠪᠠᠨ ᠭᠥᠷᠳᠡᠬᠦ ᠡᠭᠦᠯᠡᠨ ᠬᠥᠮᠥᠷᠭᠡ ᠶᠢᠨ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ | ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠮᠡᠳᠡᠭᠡ ᠵᠠᠩᠭᠢᠴᠢᠯᠠᠯᠲᠠ᠂ ᠰᠦᠯᠵᠢᠶᠡᠵᠢᠯᠲᠡ ᠶᠢᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠶᠢ ᠨᠢ ᠵᠣᠷᠢᠭᠵᠢᠭᠤᠯᠵᠤ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ᠂ ᠪᠣᠬᠢᠷᠳᠤᠯ ᠦᠭᠡᠢ ᠲᠦᠷᠭᠡᠨ ᠬᠦᠷᠭᠡᠯᠲᠡ᠂ ᠪᠣᠬᠢᠷᠳᠤᠯ ᠦᠭᠡᠢ ᠪᠣᠭᠤᠳᠠᠯ | ᠪᠠᠭᠯᠠᠭ᠎ᠠ ᠶᠢ ᠲᠦᠷᠭᠡᠳᠬᠡᠨ ᠠᠬᠢᠭᠤᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠳᠤ ᠲᠤᠰᠬᠠᠶᠢᠵᠢᠭᠰᠠᠨ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠬᠠᠩᠭᠠᠬᠤ | ᠬᠡᠷᠡᠭᠲᠡᠢ︔ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠤᠨ ᠭᠤᠷᠪᠠᠨ ᠵᠢᠯ ᠤᠨ ᠪᠣᠳᠠᠲᠠᠢ ᠣᠷᠣᠭᠤᠯᠤᠯᠲᠠ ᠶᠢᠨ ᠬᠢᠨ 30% ᠶᠢᠨ ᠶᠣᠰᠣᠭᠠᠷ᠂ 300 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠥᠬᠦᠪᠦᠷᠢ ᠥᠭᠴᠦ᠂ ᠨᠥᠬᠦᠪᠦᠷᠢ ᠶᠢᠨ ᠪᠡᠯᠡ ᠮᠥᠩᠭᠦ ᠶᠢ ᠡᠯᠧᠺᠲᠷᠤᠨ ᠬᠤᠳᠠᠯᠳᠤᠭᠠᠨ ᠤ ᠲᠦᠷᠭᠡᠨ ᠬᠦᠷᠭᠡᠯᠲᠡ ᠶᠢᠨ | ᠪᠠᠷᠠᠭᠠᠨ ᠤ ᠭᠦᠢᠯᠭᠡᠭᠡ ᠶᠢ ᠡᠮᠬᠢᠯᠡᠨ ᠨᠡᠶᠢᠯᠡᠭᠦᠯᠬᠦ ᠪᠠ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠢ ᠪᠥᠭᠡᠮᠨᠡᠷᠡᠭᠦᠯᠬᠦ᠂ ᠴᠢᠬᠤᠯᠠ ᠪᠦᠬᠦᠢ ᠡᠵᠡᠩᠨᠡᠯᠲᠡ ᠶᠢᠨ | ᠣᠷᠴᠢᠨ ᠨᠥᠬᠦᠴᠡᠯ ᠪᠠ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠵᠢᠴᠢ ᠵᠣᠬᠢᠬᠤ ᠦᠢᠯᠡᠴᠢᠯᠡᠭᠡ ᠶᠢ ᠥᠭᠡᠷᠡᠴᠢᠯᠡᠨ ᠲᠡᠭᠦᠯᠳᠡᠷᠵᠢᠭᠦᠯᠬᠦ ᠶᠢ ᠪᠠᠭᠲᠠᠭᠠᠭᠰᠠᠨ | ᠬᠠᠮᠲᠤ ᠳᠤ ᠪᠠᠨ ᠭᠥᠷᠳᠡᠬᠦ ᠡᠭᠦᠯᠡᠨ ᠬᠥᠮᠥᠷᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠦᠷᠭᠦᠯᠵᠢᠯᠡᠨ ᠬᠡᠷᠡᠭᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠵᠠᠰᠠᠭ ᠤᠨ ᠣᠷᠳᠣᠨ ᠤ ᠲᠡᠳᠬᠦᠨ ᠳᠡᠮᠵᠢᠬᠦ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠬᠤ ᠬᠡᠷᠡᠭᠲᠡᠢ | ︵ᠠᠷᠪᠠᠨ ᠨᠠᠢᠮᠠ︶ ᠪᠡᠯᠡ ᠮᠥᠩᠭᠦ ᠪᠠᠷ ᠲᠡᠳᠬᠦᠨ ᠲᠡᠮᠵᠢᠬᠦ ᠪᠠᠨ ᠰᠢᠯᠢᠳᠡᠭᠵᠢᠭᠦᠯᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠵᠢᠯ ᠪᠦᠷᠢ ᠪᠡᠯᠡ ᠮᠥᠩᠭᠦ ᠲᠣᠬᠢᠷᠠᠭᠤᠯᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ | ᠠᠬᠢᠭᠤᠯᠵᠤ᠂ ᠲᠡᠳᠬᠦᠨ ᠳᠡᠮᠵᠢᠭᠰᠡᠨ ᠪᠡᠯᠡ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠪᠠᠨ ᠴᠢᠩᠭᠠᠳᠬᠠᠨ᠂ ᠪᠡᠯᠡ ᠮᠥᠩᠭᠦ ᠪᠠᠷ | ᠲᠡᠳᠬᠦᠨ ᠳᠡᠮᠵᠢᠬᠦ ᠶᠢᠨ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠪᠡᠯᠡ ᠮᠥᠩᠭᠦ ᠪᠠᠷ ᠲᠡᠳᠬᠦᠨ ᠳᠡᠮᠵᠢᠬᠦ ᠶᠢᠨ ᠪᠦᠲᠦᠮᠵᠢᠲᠦ ᠴᠢᠨᠠᠷ ᠢ ᠴᠢᠩᠭᠠᠷᠠᠭᠤᠯᠤᠨ᠂ | ᠵᠠᠰᠠᠭ ᠤᠨ ᠣᠷᠳᠣᠨ ᠤ ᠪᠡᠯᠡ ᠮᠥᠩᠭᠦᠨ ᠤ ᠤᠷᠮᠠᠰᠢᠭᠤᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠ ᠶᠢᠰᠦ︶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠢᠶᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠤ | ᠠᠬᠤᠶᠢᠯᠠᠯ ᠢᠶᠠᠷ ᠮᠠᠭᠠᠳᠯᠠᠨ ᠲᠣᠭᠲᠠᠭᠠᠯᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ᠠᠵᠤ ᠠᠬᠤᠶᠢᠯᠠᠯ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠳᠤ ᠬᠡᠷᠡᠭᠯᠡᠭᠰᠡᠨ ᠮᠥᠷᠲᠡᠭᠡᠨ ᠭᠠᠶᠢᠯᠢ ᠶᠢᠨ ᠬᠠᠤᠯᠢ ᠶᠢᠨ | ᠲᠣᠭᠲᠠᠭᠠᠯ ᠳᠤ ᠨᠡᠶᠢᠴᠡᠭᠰᠡᠨ ᠰᠤᠳᠤᠯᠤᠨ ᠨᠡᠭᠡᠭᠡᠬᠦ ᠵᠠᠷᠤᠳᠠᠯ ᠳᠤ ᠨᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠡᠮᠡᠨ ᠪᠣᠳᠣᠵᠤ ᠰᠠᠭᠤᠯᠭᠠᠨ ᠠᠪᠬᠤ | ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ᠃ ᠤᠯᠤᠰ ᠤᠨ ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠭᠦ ᠭᠠᠶᠢᠯᠢ ᠲᠠᠲᠠᠪᠤᠷᠢ ᠶᠢᠨ ᠤᠷᠮᠠᠰᠢᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠲᠤᠬᠠᠢ ᠶᠢᠨ ᠵᠢᠯ ᠳᠤ ᠭᠠᠷᠭᠠᠨ ᠠᠪᠤᠭᠰᠠᠨ ᠤ ᠬᠠᠮᠲᠤ ᠪᠣᠳᠠᠲᠠᠢ | ᠬᠡᠷᠡᠭᠯᠡᠭᠰᠡᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ | ᠲᠤᠰᠢᠶᠠᠬᠤ ᠠᠴᠠ ᠨᠢ ᠡᠮᠦᠨ᠎ᠡ ᠰᠠᠭᠤᠯᠭᠠᠨ ᠠᠪᠬᠤ ᠬᠡᠷᠡᠭᠲᠡᠢ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶ | ᠲᠣᠰ ᠠᠷᠭ᠎ᠠ ᠬᠡᠮᠵᠢᠶ᠎ᠡ ᠨᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ᠂ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠣᠨ᠎ᠠ᠂ ᠠᠷᠭ᠎ᠠ ᠬᠡᠮᠵᠢᠶ᠎ᠡ ᠳᠤ | ᠬᠤᠯᠪᠣᠭᠳᠠᠭᠰᠠᠨ ᠱᠠᠩᠨᠠᠯ ᠨᠥᠬᠦᠪᠦᠷᠢ ᠶᠢᠨ ᠵᠦᠢᠯ ᠵᠤᠷᠪᠤᠰ ᠤᠨ ᠬᠡᠷᠡᠭᠵᠢᠭᠦᠯᠬᠦ ᠬᠡᠪᠴᠢᠶ᠎ᠡ ᠶᠢ ᠲᠤᠬᠠᠢ ᠶᠢᠨ ᠵᠢᠯ ᠤᠨ ᠳᠡᠮᠵᠢᠬᠦ ᠴᠢᠭᠯᠡᠯ ᠪᠠ ᠨᠡᠶᠢᠲᠡᠯᠡᠭᠰᠡᠨ | ᠭᠤᠶᠤᠴᠢᠯᠠᠯ ᠤᠨ ᠵᠦᠭᠯᠡᠭᠦᠷ ᠢᠶᠠᠷ ᠪᠠᠷᠢᠮᠵᠢᠶ᠎ᠠ ᠪᠣᠯᠭᠠᠨ᠎ᠠ︔ ᠱᠠᠩᠨᠠᠵᠤ ᠨᠥᠬᠦᠪᠦᠷᠢᠯᠡᠬᠦ ᠳᠤ ᠬᠤᠯᠪᠣᠭᠳᠠᠭᠰᠠᠨ ᠬᠠᠷᠢᠴᠠᠯ ᠪᠠ ᠬᠢᠵᠠᠭᠠᠷ ᠲᠤᠭ᠎ᠠ ᠨᠢ ᠴᠥᠮ ᠳᠡᠭᠡᠷ᠎ᠡ | ᠬᠢᠵᠠᠭᠠᠷ ᠪᠠᠶᠢᠵᠤ᠂ ᠱᠠᠩᠨᠠᠵᠤ ᠨᠥᠬᠦᠪᠦᠷᠢᠯᠡᠬᠦ ᠶᠢᠨ ᠪᠣᠳᠠᠲᠠᠢ ᠬᠠᠷᠢᠴᠠᠯ ᠪᠠ ᠵᠣᠭᠤᠰ ᠤᠨ ᠲᠤᠭ᠎ᠠ ᠨᠢ ᠣᠨ ᠤ ᠪᠡᠯᠡ ᠮᠥᠩᠭᠦᠨ ᠤ ᠲᠥᠰᠥᠪ ᠠᠴᠠ ᠲᠣᠭᠲᠠᠭᠠᠭᠳᠠᠵᠤ᠂ | ᠬᠡᠷᠡᠭᠵᠢᠭᠦᠯᠬᠦ ᠶᠠᠪᠤᠴᠠ ᠳᠤ ᠢᠯᠡᠷᠡᠭᠦ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠵᠤ | ᠲᠠᠶᠢᠯᠪᠤᠷᠢᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ | ᠣᠷᠣᠨ ᠤ ᠪᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠪᠣᠯᠣᠨ᠎ᠠ᠃ | 2022 ᠣᠨ ᠤ 6 ᠳ᠋ᠤᠭᠠᠷ ᠰᠠᠷ᠎ᠠ ᠶᠢᠨ 6 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |