ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 256 ᠳ᠋ᠤᠭᠠᠷ ᠲᠣᠭᠠᠲᠤ | ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠨᠢᠭᠡᠨᠲᠡ 2022 ᠣᠨ ᠤ 9 ᠳ᠋ᠦ᠋ᠭᠡᠷ ᠰᠠᠷ᠎ᠠ ᠶᠢᠨ 7 ᠤ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2022 ᠣᠨ ᠤ 10 ᠳ᠋ᠤᠭᠠᠷ ᠰᠠᠷ᠎ᠠ ᠶᠢᠨ 21 ᠤ ᠡᠳᠦᠷ | | ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ | | | ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠄ | ᠨᠢᠭᠡ᠂ ᠵᠠᠰᠠᠭ ᠤᠨ ᠣᠷᠳᠣᠨ ᠤ 3 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠤᠳ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶ | ᠬᠤᠶᠠᠷ᠂ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠨ᠎ᠠ᠃ ︵ᠳᠠᠭᠠᠯᠳᠤᠭᠤᠯᠤᠯ 2︶ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ︾ ᠳᠤ ᠲᠤᠰ | ᠲᠣᠭᠲᠠᠭᠠᠯ ᠢ ᠦᠨᠳᠦᠰᠦᠯᠡᠨ ᠵᠣᠬᠢᠬᠤ ᠵᠠᠰᠠᠪᠤᠷᠢ ᠣᠷᠣᠭᠤᠯᠵᠤ᠂ ᠲᠠᠬᠢᠨ ᠨᠡᠶᠢᠲᠡᠯᠡᠨ᠎ᠡ᠃ | ᠳᠠᠭᠠᠯᠳᠤᠭᠤᠯᠤᠯ᠄ | 1᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠣᠭᠲᠠᠭᠠᠯ ᠳᠦᠷᠢᠮ | 2᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠣᠭᠲᠠᠭᠠᠯ ᠳᠦᠷᠢᠮ | | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ | ᠳᠦᠷᠢᠮ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠣᠭᠲᠠᠭᠠᠯ︾ ᠤᠨ ᠨᠠᠢᠮᠠᠳᠤᠭᠠᠷ | ᠵᠦᠢᠯ ᠤᠨ ᠨᠢᠭᠡᠳᠦᠭᠡᠷ ᠵᠤᠷᠪᠤᠰ ᠲᠤ᠄ ︽ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ | ᠲᠤᠰᠬᠠᠢ ᠲᠤᠰᠢᠶᠠᠯᠲᠤ ᠠᠵᠢᠯᠲᠠᠨ ᠲᠣᠬᠢᠷᠠᠭᠤᠯᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠶᠢᠰᠦᠳᠦᠭᠡᠷ ᠵᠦᠢᠯ ᠳᠤ᠄ ︽ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠬᠤᠯᠪᠣᠭᠳᠠᠯ ᠪᠦᠬᠦᠢ ᠲᠠᠯ᠎ᠠ ᠶᠢᠨ ᠲᠤᠰᠬᠠᠢ ᠮᠡᠷᠭᠡᠵᠢᠯᠲᠡᠳ᠂ | ᠡᠷᠳᠡᠮᠲᠡᠳ ᠢ ᠲᠠᠳᠠᠡ ᠣᠷᠣᠯᠴᠠᠭᠤᠯᠬᠤ ᠬᠡᠷᠡᠭᠲᠡᠢ᠃ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠬᠤ ᠳᠤ ᠪᠠᠨ ᠲᠤᠰᠬᠠᠢ ᠲᠤᠰᠢᠶᠠᠯᠲᠠᠨ ᠢᠶᠠᠷ ᠭᠤᠣᠯᠯᠠᠭᠤᠯᠵᠤ᠂ | ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ | ᠨᠠᠶᠢᠷᠠᠭᠤᠯᠬᠤ ᠠᠵᠢᠯᠲᠠᠳ ᠵᠣᠬᠢᠬᠤ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠᠨ ᠨᠢᠭᠡᠳᠦᠭᠡᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠨᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠦᠪᠵᠢᠭᠦᠯᠭᠡ ᠪᠠ ᠨᠠᠶᠢᠷᠠᠭᠤᠯᠬᠤ ᠲᠥᠰᠥᠯ ᠢ ᠬᠠᠷᠢᠭᠤᠴᠠᠨ | ᠲᠤᠭᠤᠷᠪᠢᠨ ᠲᠣᠭᠲᠠᠭᠠᠬᠤ ᠬᠡᠷᠡᠭᠲᠡᠢ᠃︾ | ︽ᠠᠶᠢᠮᠠᠭ ᠬᠤᠳᠠ ᠶᠢᠨ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ᠂ ᠬᠤᠰᠢᠭᠤ ᠰᠢᠶᠠᠨ ᠤ ᠱᠠᠲᠤᠨ ᠤ ᠣᠷᠣᠨ | ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠶᠢᠨ ᠲᠤᠭᠤᠷᠪᠢᠨ ᠲᠣᠭᠲᠠᠭᠠᠭᠰᠠᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠲᠥᠯᠥᠪᠯᠡᠭᠡ ᠪᠠ | ᠨᠠᠶᠢᠷᠠᠭᠤᠯᠬᠤ ᠲᠥᠰᠥᠯ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠳᠤ ᠮᠡᠳᠡᠭᠦᠯᠵᠦ ᠪᠦᠷᠢᠳᠬᠡᠨ | ᠳᠠᠩᠰᠠᠯᠠᠭᠤᠯᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠᠨ ᠳᠣᠯᠣᠳᠤᠭᠠᠷ ᠵᠦᠢᠯ᠂ ᠠᠷᠪᠠᠨ ᠨᠠᠢᠮᠠᠳᠤᠭᠠᠷ ᠵᠦᠢᠯ ᠢ ᠬᠠᠰᠤᠪᠠ᠃ | ᠬᠤᠷᠢᠨ ᠵᠢᠷᠭᠤᠳᠤᠭᠠᠷ ᠵᠦᠢᠯ ᠢ ᠬᠤᠷᠢᠨ ᠳᠥᠷᠪᠡᠳᠦᠭᠡᠷ ᠵᠦᠢᠯ ᠪᠣᠯᠭᠠᠨ ᠬᠤᠪᠢᠷᠠᠭᠤᠯᠬᠤ ᠪᠥᠭᠡᠳ᠄ ︽ᠨᠠᠶᠢᠷᠠᠭᠤᠯᠬᠤ ᠨᠢᠭᠡᠴᠢ ᠳᠤ ᠳᠠᠷᠠᠭᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ︔ ᠦᠢᠯᠡ | ᠪᠠᠶᠢᠳᠠᠯ ᠨᠢ ᠬᠦᠨᠳᠦ ᠨᠣᠴᠢᠲᠠᠢ ᠪᠣᠯ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ | ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ᠄ | ︵ᠨᠢᠭᠡ︶ ᠣᠷᠣᠨ ᠨᠤᠲᠤᠭ ᠤᠨ ᠣᠶᠢᠯᠠᠯᠭ᠎ᠠ ᠨᠠᠶᠢᠷᠠᠭᠤᠯᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠪᠤᠶᠤ ᠣᠷᠣᠨ ᠨᠤᠲᠤᠭ ᠤᠨ ᠣᠶᠢᠯᠠᠯᠭ᠎ᠠ ᠶᠢ | ᠨᠠᠶᠢᠷᠠᠭᠤᠯᠬᠤ ᠡᠭᠦᠷᠭᠡ ᠪᠠᠨ ᠲᠣᠭᠲᠠᠭᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠦᠭᠡᠢ︔ | ︵ᠬᠤᠶᠠᠷ︶ ᠦᠨᠡᠯᠡᠨ ᠬᠢᠨᠠᠵᠤ ᠰᠢᠯᠭᠠᠨ ᠬᠤᠷᠢᠶᠠᠬᠤ ᠶᠢ ᠳᠠᠮᠵᠢᠭᠰᠠᠨ ᠦᠭᠡᠢ ᠪᠠᠷ ᠳᠤᠷ᠎ᠠ ᠮᠡᠳᠡᠨ ᠬᠡᠪᠯᠡᠭᠦᠯᠦᠭᠰᠡᠨ︔ | ︵ᠭᠤᠷᠪᠠ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠰᠢᠯᠭᠠᠨ ᠬᠤᠷᠢᠶᠠᠭᠰᠠᠨ ᠤ ᠳᠠᠷᠠᠭ᠎ᠠ᠂ ᠠᠭᠤᠯᠭ᠎ᠠ ᠶᠢ ᠨᠢ ᠳᠤᠷ᠎ᠠ ᠪᠠᠷ ᠨᠥᠬᠦᠪᠦᠷᠢᠯᠡᠭᠰᠡᠨ᠂ | ᠬᠠᠰᠤᠭᠰᠠᠨ᠂ ᠥᠭᠡᠷᠡᠴᠢᠯᠡᠭᠰᠡᠨ᠃︾ ᠭᠡᠵᠦ ᠵᠠᠰᠠᠪᠤᠷᠢ ᠣᠷᠣᠭᠤᠯᠪᠠ᠃ | ᠬᠤᠷᠢᠨ ᠨᠠᠢᠮᠠᠳᠤᠭᠠᠷ ᠵᠦᠢᠯ ᠢ ᠬᠤᠷᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠰᠠᠨ ᠪᠥᠭᠡᠳ᠄ ︽ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠢ | ᠬᠠᠷᠢᠭᠤᠴᠠᠵᠤ ᠪᠠᠶᠢᠭ᠎ᠠ ᠪᠠᠶᠢᠭᠤᠯᠤᠮᠵᠢ ᠵᠢᠴᠢ ᠠᠵᠢᠯᠲᠠᠨ ᠳᠤ ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠡᠭᠦᠨ ᠤ ᠠᠵᠢᠯᠯᠠᠵᠤ ᠪᠠᠶᠢᠭ᠎ᠠ ᠨᠢᠭᠡᠴᠢ | ᠪᠤᠶᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠯᠠᠷᠠᠭᠤᠯᠬᠤ ᠪᠠᠷ ᠵᠠᠷᠯᠢᠭᠳᠠᠨ᠎ᠠ︔ ᠪᠠᠶᠢᠳᠠᠯ ᠨᠢ ᠬᠦᠨᠳᠦ ᠨᠣᠴᠢᠲᠠᠢ ᠪᠣᠯ᠂ | ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠬᠤ ᠬᠥᠮᠥᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ | ᠥᠭᠭᠦᠨ᠎ᠡ᠄ | ︵ᠨᠢᠭᠡ︶ ᠵᠢᠭᠠᠨ ᠵᠢᠯᠤᠭᠤᠳᠬᠤ ᠪᠠ ᠰᠢᠮᠳᠠᠭᠤᠯᠤᠨ ᠪᠠᠶᠢᠴᠠᠭᠠᠬᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ︔ | ︵ᠬᠤᠶᠠᠷ︶ ᠣᠷᠣᠨ ᠨᠤᠲᠤᠭ ᠤᠨ ᠣᠶᠢᠯᠠᠯᠭ᠎ᠠ ᠶᠢᠨ ᠪᠢᠴᠢᠭ ᠢ ᠲᠣᠭᠲᠠᠭᠠᠯ ᠶᠣᠰᠣᠭᠠᠷ ᠦᠨᠡᠯᠡᠨ ᠬᠢᠨᠠᠵᠤ ᠰᠢᠯᠭᠠᠨ ᠬᠤᠷᠢᠶᠠᠭᠰᠠᠨ ᠦᠭᠡᠢ︔ | ︵ᠭᠤᠷᠪᠠ︶ ᠮᠠᠲ᠋ᠧᠷᠢᠶᠠᠯ ᠤᠳ ᠢ ᠲᠣᠭᠲᠠᠭᠠᠯ ᠶᠣᠰᠣᠭᠠᠷ ᠬᠤᠷᠢᠶᠠᠨ ᠴᠤᠭᠯᠠᠭᠤᠯᠵᠤ ᠬᠠᠳᠠᠭᠠᠯᠠᠭᠰᠠᠨ ᠦᠭᠡᠢ︔ | ︵ᠳᠥᠷᠪᠡ︶ ᠣᠷᠣᠨ ᠨᠤᠲᠤᠭ ᠤᠨ ᠣᠶᠢᠯᠠᠯᠭ᠎ᠠ ᠶᠢᠨ ᠡᠬᠡ ᠪᠢᠴᠢᠭ ᠢ ᠬᠤᠪᠢ ᠬᠥᠮᠥᠨ ᠤ ᠪᠦᠲᠦᠭᠡᠯ ᠪᠣᠯᠭᠠᠨ ᠨᠡᠶᠢᠲᠡᠯᠡᠭᠰᠡᠨ᠃︾ ᠭᠡᠵᠦ ᠵᠠᠰᠠᠪᠤᠷᠢ | ᠣᠷᠣᠭᠤᠯᠪᠠ᠃ | ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ | ᠭᠡᠳᠡᠭ ᠢ ᠴᠥᠮ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠵᠦ ᠵᠠᠰᠠᠵᠤ᠂ ︽ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠳᠡᠭ ᠢ ᠴᠥᠮ ︽ᠲᠤᠰ ᠱᠠᠲᠤᠨ ᠤ ᠣᠷᠣᠨ | ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠵᠦ ᠵᠠᠰᠠᠵᠤ᠂ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠳᠡᠭ ᠢ ᠴᠥᠮ ︽ᠲᠤᠰ ᠱᠠᠲᠤᠨ ᠤ ᠪᠤᠶᠤ ᠳᠡᠭᠡᠷ᠎ᠡ ᠨᠢᠭᠡ ᠱᠠᠲᠤᠨ ᠤ ᠣᠷᠣᠨ | ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠵᠦ ᠵᠠᠰᠠᠵᠤ᠂ ︽ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ | ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠳᠡᠭ ᠢ ᠴᠥᠮ ︽ᠠᠳᠠᠯᠢ ᠱᠠᠲᠤᠨ ᠤ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ︾ ᠭᠡᠵᠦ | ᠵᠠᠰᠠᠵᠤ᠂ ︽ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ᠴᠥᠮ | ︽ᠲᠤᠰ ᠱᠠᠲᠤᠨ ᠤ ᠰᠣᠨᠢᠨ ᠮᠡᠳᠡᠭᠡ ᠬᠡᠪᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ︾ ᠭᠡᠵᠦ ᠵᠠᠰᠠᠪᠤᠷᠢ ᠣᠷᠣᠭᠤᠯᠪᠠ᠃ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ | ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠠᠷᠭ᠎ᠠ︾ ᠶᠢᠨ ᠳᠥᠷᠪᠡᠳᠦᠭᠡᠷ ᠵᠦᠢᠯ ᠳᠤ᠄ ︽ᠣᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠵᠢᠭᠰᠠᠭᠠᠨ ᠣᠷᠣᠭᠤᠯᠪᠠᠯ ᠵᠣᠬᠢᠨ᠎ᠠ︾ ᠭᠡᠵᠦ ᠵᠠᠰᠠᠪᠤᠷᠢ ᠣᠷᠣᠭᠤᠯᠪᠠ᠃ | ᠳᠣᠯᠣᠳᠤᠭᠠᠷ ᠵᠦᠢᠯ ᠳᠤ᠄ ︽ᠳᠠᠷᠠᠭᠠᠬᠢ ᠲᠠᠯᠠᠪᠤᠷ᠂ ᠭᠠᠵᠠᠷ ᠪᠠ ᠣᠷᠣᠨ ᠪᠠᠶᠢᠷᠢ ᠨᠤᠭᠤᠳ ᠲᠤ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ | ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠬᠡᠷᠡᠭᠲᠡᠢ᠄ | ︵ᠨᠢᠭᠡ︶ ᠷᠠᠳᠢᠣ᠋᠂ ᠲᠧᠯᠸᠢᠰ᠂ ᠴᠠᠬᠢᠯᠭᠠᠨ ᠬᠤᠯᠪᠣᠭ᠎ᠠ᠂ ᠰᠢᠤᠳᠠᠨ ᠵᠡᠷᠭᠡ ᠰᠢᠰᠲ᠋ᠧᠮ ᠤᠳ ᠤᠨ ᠴᠢᠬᠤᠯᠠ ᠣᠷᠣᠨ ᠪᠠᠶᠢᠷᠢ︔ | ︵ᠬᠤᠶᠠᠷ︶ ᠤᠯᠤᠰ ᠤᠨ ᠪᠠᠲᠤᠯᠠᠨ ᠬᠠᠮᠠᠭᠠᠯᠠᠯᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠬᠤᠯᠠ ᠦᠢᠯᠡᠳᠬᠦᠨ ᠢ | ᠰᠤᠳᠤᠯᠤᠨ ᠦᠢᠯᠡᠳᠬᠦ᠂ ᠦᠢᠯᠡᠳᠪᠦᠷᠢᠯᠡᠬᠦ ᠲᠠᠯᠠᠪᠤᠷ ᠭᠠᠵᠠᠷ︔ | ︵ᠭᠤᠷᠪᠠ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰᠤᠨ ᠤ ᠬᠥᠮᠥᠷᠭᠡ᠂ ᠡᠵᠡᠩᠨᠡᠯᠲᠡ ᠶᠢᠨ ᠲᠠᠯᠠᠪᠤᠷ ᠪᠠ ᠲᠡᠭᠦᠨ ᠤ ᠴᠢᠬᠤᠯᠠ ᠣᠷᠣᠨ ᠪᠠᠶᠢᠷᠢ | ᠵᠢᠴᠢ ᠵᠣᠭᠤᠰ ᠮᠥᠩᠭᠦ ᠶᠢ ᠬᠠᠮᠠᠭᠠᠯᠠᠨ ᠲᠡᠭᠡᠭᠡᠪᠦᠷᠢᠯᠡᠬᠦ ᠲᠡᠷᠭᠡ ᠬᠥᠰᠬᠡ ᠵᠡᠷᠭᠡ︔ | ︵ᠳᠥᠷᠪᠡ︶ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠵᠠᠰᠠᠮᠠᠯ ᠵᠠᠮᠲᠤ ᠵᠠᠮ ᠬᠠᠷᠢᠯᠴᠠᠭ᠎ᠠ᠂ ᠲᠡᠮᠦᠷ ᠵᠠᠮᠲᠤ ᠵᠡᠮ ᠬᠠᠷᠢᠯᠴᠠᠭ᠎ᠠ᠂ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠴᠢᠬᠤᠯᠠ ᠣᠷᠣᠨ ᠪᠠᠶᠢᠷᠢ᠂ ᠤᠯᠡᠠ ᠨᠡᠶᠢᠲᠡ ᠶᠢᠨ ᠵᠡᠮ ᠬᠠᠷᠢᠯᠴᠠᠭᠠᠨ ᠤ ᠪᠠᠭᠠᠵᠢ︔ | ︵ᠲᠠᠪᠤ︶ ᠴᠢᠬᠤᠯᠠ ᠡᠳ᠋ ᠪᠣᠳᠠᠰ ᠤᠨ ᠬᠥᠮᠥᠷᠭᠡ ᠪᠠ ᠠᠮᠤ ᠪᠤᠳᠠᠭᠠᠨ ᠤ ᠰᠠᠩ ᠬᠦᠮᠣᠷᠭᠡ︔ | ︵ᠵᠢᠷᠭᠤᠭ᠎ᠠ︶ ᠠᠶᠤᠯᠲᠠᠢ ᠪᠣᠳᠠᠰ ᠢ ᠰᠤᠳᠤᠯᠤᠨ ᠦᠢᠯᠡᠳᠬᠦ᠂ ᠦᠢᠯᠡᠳᠪᠦᠷᠢᠯᠡᠬᠦ᠂ ᠪᠣᠷᠣᠯᠠᠭᠤᠯᠬᠤ᠂ ᠬᠠᠳᠠᠭᠠᠯᠠᠬᠤ ᠲᠠᠯᠠᠪᠤᠷ ᠭᠠᠵᠠᠷ ᠪᠤᠶᠤ ᠬᠠᠯᠳᠠᠪᠤᠷᠢᠲᠤ | ᠴᠢᠨᠠᠷᠲᠠᠢ ᠪᠠᠺᠲ᠋ᠧᠷᠢ ᠶᠢᠨ ᠦᠷ᠎ᠡ᠂ ᠬᠤᠣᠷᠲᠤ ᠦᠷ᠎ᠡ ᠶᠢ ᠲᠤᠷᠰᠢᠬᠤ᠂ ᠬᠠᠮᠠᠭᠠᠯᠠᠨ ᠬᠠᠳᠠᠭᠠᠯᠠᠬᠤ ᠨᠢᠭᠡᠴᠢ ᠶᠢᠨ ᠴᠢᠬᠤᠯᠠ ᠣᠷᠣᠨ ᠪᠠᠶᠢᠷᠢ︔ | ︵ᠲᠤᠯᠤᠭ᠎ᠠ︶ ᠲᠣᠮᠣ ᠬᠡᠯᠪᠡᠷᠢᠲᠦ ᠡᠨᠧᠷᠭᠢ ᠶᠢᠨ ᠬᠥᠳᠡᠯᠭᠡᠭᠴᠢ ᠬᠦᠴᠦᠨ ᠤ ᠲᠥᠬᠦᠭᠡᠷᠦᠮᠵᠢ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠠ ᠬᠤᠳᠠ ᠶᠢᠨ | ᠤᠰᠤ᠂ ᠴᠠᠬᠢᠯᠭᠠᠨ᠂ ᠰᠢᠲᠠᠭᠠᠯᠭ᠎ᠠ ᠶᠢᠨ ᠲᠣᠰᠣ ︵ᠰᠢᠲᠠᠮᠠᠬᠠᠢ ᠬᠡᠢ︶᠂ ᠢᠯᠴᠢ ᠶᠢᠨ ᠬᠦᠴᠦᠨ ᠤ ᠬᠠᠩᠭᠠᠯᠭ᠎ᠠ ᠶᠢᠨ ᠲᠥᠬᠦᠭᠡᠷᠦᠮᠵᠢ︔ | ︵ᠨᠠᠢᠮᠠ︶ ᠠᠶᠠᠨᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠢᠭᠤᠯᠴᠢᠯᠠᠯ ᠤᠨ ᠦᠵᠡᠮᠵᠢᠲᠦ ᠣᠷᠣᠨ᠂ ᠰᠣᠶᠣᠯ ᠴᠡᠩᠭᠡᠯ ᠤᠨ ᠲᠠᠯᠠᠪᠤᠷ ᠤᠨ ᠣᠷᠣᠵᠤ | ᠭᠠᠷᠬᠤ ᠭᠤᠣᠯ ᠡᠭᠦᠳᠡ ᠪᠠ ᠨᠡᠪᠲᠡᠷᠡᠯ ᠵᠠᠮ︔ | ︵ᠶᠢᠰᠦ︶ ᠮᠦᠽᠧᠢ᠂ ᠲᠡᠩᠰᠠ ᠡᠪᠬᠡᠮᠡᠯ ᠤᠨ ᠣᠷᠳᠣᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠵᠢᠴᠢ ᠴᠢᠬᠤᠯᠠ ᠡᠳ᠋ ᠪᠣᠳᠠᠰ ᠢ | ᠬᠠᠳᠠᠭᠠᠯᠠᠵᠤ ᠪᠠᠶᠢᠭ᠎ᠠ ᠳᠤᠷᠠᠰᠬᠠᠯ ᠤᠨ ᠣᠷᠳᠣᠨ ᠪᠠ ᠦᠵᠡᠰᠬᠦᠯᠡᠩ ᠤᠨ ᠣᠷᠳᠣᠨ ᠵᠡᠷᠭᠡ ᠲᠠᠯᠠᠪᠤᠷ ᠭᠠᠵᠠᠷ︔ | ︵ᠠᠷᠪᠠ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠨᠠᠰᠤᠲᠠᠳ ᠢ ᠠᠰᠠᠷᠠᠬᠤ ᠪᠠᠶᠢᠭᠤᠯᠤᠮᠵᠢ ᠵᠢᠴᠢ ᠠᠷᠠᠳ ᠤᠨ ᠶᠠᠪᠤᠳᠠᠯ ᠤᠨ | ᠦᠢᠯᠡᠴᠢᠯᠡᠭᠡᠨ ᠤ ᠪᠤᠰᠤᠳ ᠪᠠᠶᠢᠭᠤᠯᠤᠮᠵᠢ᠂ ᠴᠡᠴᠡᠷᠯᠢᠭ᠂ ᠬᠤᠳᠠ ᠶᠢᠨ ᠠᠭᠤᠳᠠᠮ ᠲᠠᠯᠠᠪᠠᠢ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠭᠠᠵᠠᠷ ᠳᠣᠣᠷᠠᠬᠢ ᠶᠠᠪᠠᠭᠠᠨ | ᠵᠠᠮ ᠵᠡᠷᠭᠡ ᠬᠥᠮᠥᠨ ᠤᠯᠠᠨ ᠲᠠᠯᠠᠪᠤᠷ ᠭᠠᠵᠠᠷ︔ | ︵ᠠᠷᠪᠠᠨ ᠨᠢᠭᠡ︶ ᠲᠥᠷᠦ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠢᠯ ᠦᠢᠯᠡᠰ ᠤᠨ ᠨᠢᠭᠡᠴᠢ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠤᠯᠡᠠ ᠨᠡᠶᠢᠲᠡ ᠶᠢᠨ ᠣᠷᠣᠨ ᠪᠦᠰᠡ ᠪᠠ ᠴᠢᠬᠤᠯᠠ ᠣᠷᠣᠨ ᠪᠠᠶᠢᠷᠢ︔ | ︵ᠠᠷᠪᠠᠨ ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠠᠮᠤᠷ ᠢ ᠬᠠᠮᠠᠭᠠᠯᠠᠬᠤ | ᠭᠤᠣᠯᠳᠠᠯᠭ᠎ᠠ ᠪᠣᠯᠬᠤ ᠨᠢᠭᠡᠴᠢ ᠨᠦᠭᠦᠳ ᠤᠨ ᠪᠤᠰᠤᠳ ᠬᠠᠮᠢᠶ᠎ᠠ ᠪᠦᠬᠦᠢ ᠲᠠᠯᠠᠪᠤᠷ ᠭᠠᠵᠠᠷ ᠪᠤᠶᠤ ᠣᠷᠣᠨ ᠪᠠᠶᠢᠷᠢ︔ | ︵ᠠᠷᠪᠠᠨ ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠣᠯᠠᠨ ᠨᠡᠶᠢᠲᠡ ᠶᠢᠨ ᠠᠮᠤᠷ ᠲᠦᠪᠰᠢᠨ ᠤ | ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ ᠪᠤᠰᠤᠳ ᠲᠠᠯᠠᠪᠤᠷ ᠭᠠᠵᠠᠷ ᠪᠤᠶᠤ ᠣᠷᠣᠨ ᠪᠠᠶᠢᠷᠢ᠃︾ | ᠭᠡᠵᠦ ᠵᠠᠰᠠᠪᠤᠷᠢ ᠣᠷᠣᠭᠤᠯᠪᠠ᠃ | ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ᠃ | ᠠᠷᠪᠠᠨ ᠨᠠᠢᠮᠠᠳᠤᠭᠠᠷ ᠵᠦᠢᠯ ᠳᠤ᠄ ︽ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ | ᠰᠢᠰᠲ᠋ᠧᠮ ᠢ ᠬᠡᠷᠡᠭᠯᠡᠬᠦ ᠨᠢᠭᠡᠴᠢ ᠨᠢ ᠳᠠᠷᠠᠭᠠᠬᠢ ᠠᠷᠭ᠎ᠠ ᠬᠡᠮᠵᠢᠶ᠎ᠡ ᠨᠦᠭᠦᠳ ᠢ ᠠᠪᠴᠤ᠂ ᠰᠢᠰᠲ᠋ᠧᠮ ᠤᠨ ᠠᠶᠤᠯ ᠦᠭᠡᠢ ᠪᠠᠷ ᠠᠵᠢᠯᠯᠠᠬᠤ ᠶᠢ ᠪᠠᠲᠤᠯᠠᠬᠤ ᠬᠡᠷᠡᠭᠲᠡᠢ᠄ | ︵ᠨᠢᠭᠡ︶ ᠵᠢᠵᠢᠭᠦᠷᠯᠡᠬᠦ᠂ ᠡᠳᠦᠷ ᠲᠤᠳᠤᠮ ᠤᠨ ᠪᠠᠶᠢᠴᠠᠭᠠᠯᠲᠠ ᠬᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠵᠤ ᠬᠠᠮᠠᠭᠠᠯᠠᠬᠤ᠂ ᠵᠢᠷᠤᠭ ᠳᠦᠷᠰᠦᠲᠦ | ᠮᠡᠳᠡᠭᠡ ᠵᠠᠩᠭᠢ ᠶᠢ ᠬᠡᠷᠡᠭᠯᠡᠬᠦ ᠶᠢ ᠪᠦᠷᠢᠳᠬᠡᠨ ᠳᠠᠩᠰᠠᠯᠠᠬᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠳᠦᠷᠢᠮ ᠢ ᠪᠠᠶᠢᠭᠤᠯᠬᠤ ᠬᠡᠷᠡᠭᠲᠡᠶ︔ | ︵ᠬᠤᠶᠠᠷ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠠᠷᠠᠴᠢᠯᠠᠵᠤ | ᠬᠠᠮᠠᠭᠠᠯᠠᠬᠤ ᠪᠠ ᠠᠵᠢᠯᠯᠠᠭᠴᠢ ᠠᠵᠢᠯᠲᠠᠨ ᠲᠤᠰᠬᠠᠢ ᠮᠡᠷᠭᠡᠵᠢᠯ ᠤᠨ ᠪᠣᠯᠪᠠᠰᠤᠷᠠᠯ ᠭᠥᠷᠳᠡᠭᠰᠡᠨ ᠪᠠᠶᠢᠬᠤ ᠬᠡᠷᠡᠭᠲᠡᠶ︔ | ︵ᠭᠤᠷᠪᠠ︶ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠣᠭᠲᠠᠭᠠᠵᠤ᠂ ᠰᠣᠷᠢᠯᠲᠠ ᠬᠢᠬᠦ ᠠᠵᠢᠯ ᠢ | ᠲᠣᠭᠲᠠᠮᠠᠯ ᠬᠤᠭᠤᠴᠠᠭ᠎ᠠ ᠲᠠᠢ ᠵᠣᠬᠢᠶᠠᠨ ᠪᠠᠶᠢᠭᠤᠯᠬᠤ ᠬᠡᠷᠡᠭᠲᠡᠢ︔ | ︵ᠳᠥᠷᠪᠡ︶ ᠰᠢᠰᠲ᠋ᠧᠮ ᠳᠤ ᠵᠢᠷᠤᠭ ᠳᠦᠷᠰᠦ ᠬᠠᠳᠠᠭᠠᠯᠠᠬᠤ ᠴᠠᠭ ᠪᠠ ᠶᠠᠰᠤ ᠴᠢᠨᠠᠷ ᠨᠢ ᠬᠠᠮᠢᠶ᠎ᠠ ᠪᠦᠬᠦᠢ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ᠂ ᠠᠩᠬᠠᠨ ᠤ ᠵᠢᠷᠤᠭ ᠳᠦᠷᠰᠦᠲᠦ ᠮᠡᠳᠡᠭᠡ ᠵᠠᠩᠭᠢ ᠶᠢ ᠬᠠᠳᠠᠭᠠᠯᠠᠬᠤ ᠴᠠᠭ ᠨᠢ ᠭᠤᠴᠢᠨ ᠡᠳᠦᠷ ᠠᠴᠠ ᠳᠡᠭᠡᠭᠰᠢ ᠪᠠᠶᠢᠬᠤ ᠬᠡᠷᠡᠭᠲᠡᠢ᠃ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠪᠤᠶᠤ ᠤᠯᠤᠰ ᠠᠴᠠ ᠠᠰᠲᠠᠭᠠᠨ ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ︔ | ︵ᠲᠠᠪᠤ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢᠶᠠᠨ ᠪᠤᠰᠤᠳ | ᠨᠢᠭᠡᠴᠢ ᠳᠤ ᠨᠠᠶᠢᠳᠠᠨ ᠠᠵᠢᠯᠯᠠᠭᠤᠯᠬᠤ᠂ ᠠᠷᠠᠴᠢᠯᠠᠵᠤ ᠬᠠᠮᠠᠭᠠᠯᠠᠭᠤᠯᠬᠤ ᠳᠤ᠂ ᠬᠤᠶᠠᠷ ᠲᠠᠯ᠎ᠠ ᠪᠠᠷ ᠢᠶᠠᠨ ᠰᠢᠰᠲ᠋ᠧᠮ ᠢ ᠠᠮᠤᠷ ᠲᠦᠪᠰᠢᠨ ᠢᠶᠠᠷ ᠠᠵᠢᠯᠯᠠᠭᠤᠯᠬᠤ ᠶᠢ | ᠪᠠᠲᠤᠯᠠᠬᠤ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃ | ᠠᠷᠪᠠ ᠶᠢᠰᠦᠳᠦᠭᠡᠷ ᠵᠦᠢᠯ ᠳᠤ᠄ ︽ᠶᠠᠮᠠᠷᠪᠠ ᠨᠢᠭᠡᠴᠢ ᠪᠠ ᠬᠤᠪᠢ ᠬᠥᠮᠥᠨ ᠳᠤ ᠳᠠᠷᠠᠭᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ᠄ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ | ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠪᠡᠯᠡᠳᠬᠡᠮᠵᠢ᠂ ᠲᠥᠬᠦᠭᠡᠷᠦᠮᠵᠢ ᠶᠢ ᠬᠠᠤᠯᠢ ᠶᠣᠰᠣᠭᠠᠷ | ᠠᠰᠢᠭᠯᠠᠬᠤ ᠵᠢᠴᠢ ᠵᠢᠷᠤᠭ ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ᠂ ᠬᠠᠷᠰᠢᠯᠠᠭᠰᠠᠨ︔ | ︵ᠬᠤᠶᠠᠷ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ | ᠥᠭᠡᠷᠡᠴᠢᠯᠡᠭᠰᠡᠨ᠂ ᠵᠣᠷᠢᠭᠤᠳᠠ ᠨᠢᠭᠤᠭᠰᠠᠨ᠂ ᠡᠪᠳᠡᠯᠡᠵᠦ ᠬᠠᠶᠠᠭᠰᠠᠨ︔ | ︵ᠭᠤᠷᠪᠠ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠠᠵᠢᠯᠯᠠᠭᠠᠨ ᠤ ᠵᠢᠷᠤᠮ ᠪᠠ ᠲᠡᠮᠳᠡᠭᠯᠡᠯ ᠢ ᠡᠪᠳᠡᠭᠰᠡᠨ︔ | ︵ᠳᠥᠷᠪᠡ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠨᠢᠭᠤᠴᠠ ᠶᠢ ᠵᠠᠳᠠᠷᠠᠭᠤᠯᠤᠭᠰᠠᠨ︔ | ︵ᠲᠠᠪᠤ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠮᠠᠲ᠋ᠧᠷᠢᠶᠠᠯ ᠤᠳ ᠢ ᠬᠠᠤᠯᠢ | ᠪᠤᠰᠤ ᠪᠠᠷ ᠬᠠᠩᠭᠠᠭᠰᠠᠨ᠂ ᠬᠡᠷᠡᠭᠯᠡᠭᠰᠡᠨ᠂ ᠳᠠᠮᠵᠢᠭᠤᠯᠤᠭᠰᠠᠨ᠂ ᠪᠠᠭᠤᠯᠭᠠᠭᠰᠠᠨ︔ | ︵ᠵᠢᠷᠭᠤᠭ᠎ᠠ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠬᠡᠷᠡᠭᠴᠡᠭᠡ᠂ ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔ | ︵ᠳᠣᠯᠤᠭ᠎ᠠ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠬᠡᠪ ᠤᠨ ᠠᠵᠢᠯᠯᠠᠭᠠᠨ ᠢ | ᠨᠥᠯᠥᠭᠡᠯᠡᠬᠦ ᠪᠤᠰᠤᠳ ᠦᠢᠯᠡ ᠠᠵᠢᠯᠯᠠᠭ᠎ᠠ ᠨᠤᠭᠤᠳ᠃︾ ᠭᠡᠵᠦ ᠵᠠᠰᠠᠪᠤᠷᠢ ᠣᠷᠣᠭᠤᠯᠪᠠ᠃ | ︽ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ | ᠪᠣᠳᠠᠲᠠᠢ ᠲᠣᠭᠲᠠᠭᠠᠯ ᠤᠳ ᠢ ᠨᠢᠭᠡᠨᠲᠡ ᠲᠣᠭᠲᠠᠭᠠᠭᠰᠠᠨ ᠪᠠᠶᠢᠪᠠᠯ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃︾ ᠭᠡᠬᠦ ᠵᠦᠢᠯ ᠢ ᠰᠢᠨ᠎ᠡ ᠪᠠᠷ ᠨᠡᠮᠡᠵᠦ ᠬᠤᠷᠢᠨ | ᠨᠢᠭᠡᠳᠦᠭᠡᠷ ᠵᠦᠢᠯ ᠪᠣᠯᠭᠠᠪᠠ᠃ | ᠬᠤᠷᠢᠨ ᠨᠢᠭᠡᠳᠦᠭᠡᠷ ᠵᠦᠢᠯ ᠢ ᠬᠤᠷᠢᠨ ᠬᠤᠶᠠᠳᠤᠭᠠᠷ ᠵᠦᠢᠯ ᠪᠣᠯᠭᠠᠵᠤ᠄ ︽ᠲᠤᠰ ᠠᠷᠭ᠎ᠠ ᠶᠢᠨ ᠳᠣᠯᠣᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ | ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠴᠢᠬᠤᠯᠠᠲᠠᠢ | ᠪᠠᠶᠢᠬᠤ ᠳᠤ ᠤᠭᠰᠠᠷᠠᠭᠰᠠᠨ ᠦᠭᠡᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠲᠣᠭᠲᠠᠭᠰᠠᠨ ᠬᠤᠭᠤᠴᠠᠭᠠᠨ ᠳᠤ ᠵᠠᠯᠠᠷᠠᠭᠤᠯᠬᠤ ᠪᠠᠷ ᠵᠠᠷᠯᠢᠭᠳᠠᠨ᠎ᠠ︔ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ᠂ | ᠪᠠᠶᠢᠭᠤᠯᠭ᠎ᠠ ᠶᠢ ᠨᠢ 5000 ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ︔ ᠬᠦᠨᠳᠦ ᠨᠣᠴᠢᠲᠠᠢ ᠦᠷ᠎ᠡ | ᠨᠥᠯᠥᠭᠡ ᠭᠠᠷᠭᠠᠭᠰᠠᠨ ᠪᠠᠶᠢᠪᠠᠯ᠂ ᠪᠠᠶᠢᠭᠤᠯᠭ᠎ᠠ ᠶᠢ ᠨᠢ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ | ᠲᠣᠷᠭᠠᠵᠤ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︾ ᠭᠡᠵᠦ ᠵᠠᠰᠠᠪᠤᠷᠢ ᠣᠷᠣᠭᠤᠯᠪᠠ᠃ | ᠬᠤᠷᠢᠨ ᠬᠤᠶᠠᠳᠤᠭᠠᠷ ᠵᠦᠢᠯ ᠢ ᠬᠠᠰᠤᠪᠠ᠃ | ᠬᠤᠷᠢᠨ ᠳᠥᠷᠪᠡᠳᠦᠭᠡᠷ ᠵᠦᠢᠯ ᠳᠤ᠄ ︽ᠲᠤᠰ ᠠᠷᠭ᠎ᠠ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠳᠠᠷᠠᠭᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ | ᠨᠢᠭᠡᠴᠢ ᠠᠴᠠ ᠪᠠᠶᠢᠭᠤᠯᠭ᠎ᠠ ᠶᠢ ᠨᠢ 5000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠵᠤ᠂ ᠬᠤᠪᠢ | ᠬᠥᠮᠥᠨ ᠢ ᠨᠢ ᠮᠢᠩᠭᠠᠨ ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢᠬᠢ ᠵᠣᠭᠤᠰ ᠮᠥᠩᠭᠦ ᠪᠠᠷ ᠲᠣᠷᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ᠂ | ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠤᠯᠠᠨ ᠨᠡᠶᠢᠲᠡ ᠶᠢᠨ ᠠᠮᠤᠷ | ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ ᠲᠥᠬᠦᠭᠡᠷᠦᠮᠵᠢ᠂ ᠪᠡᠯᠡᠳᠬᠡᠮᠵᠢ ᠶᠢ ᠬᠠᠤᠯᠢ ᠶᠣᠰᠣᠭᠠᠷ ᠬᠡᠷᠡᠭᠯᠡᠬᠦ | ᠵᠢᠴᠢ ᠵᠢᠷᠤᠭ ᠳᠦᠷᠰᠦᠲᠦ ᠮᠡᠳᠡᠭᠡ ᠵᠠᠩᠭᠢ ᠶᠢ ᠰᠢᠯᠵᠢᠭᠦᠯᠦᠨ ᠠᠪᠬᠤ ᠶᠢ ᠲᠡᠪᠴᠢᠭᠰᠡᠨ᠂ ᠬᠠᠷᠰᠢᠯᠠᠭᠰᠠᠨ︔ | ︵ᠬᠤᠶᠠᠷ︶ ᠬᠠᠳᠠᠭᠠᠯᠠᠯᠲᠠ ᠶᠢᠨ ᠬᠤᠭᠤᠴᠠᠭᠠᠨ ᠳᠠᠬᠢ ᠵᠢᠷᠤᠭ ᠳᠦᠷᠰᠦᠲᠦ ᠮᠡᠳᠡᠭᠡ ᠵᠠᠩᠭᠢ ᠶᠢᠨ ᠠᠩᠬᠠᠨ ᠤ ᠲᠡᠮᠳᠡᠭᠯᠡᠯ ᠢ ᠳᠤᠷ᠎ᠠ ᠪᠠᠷ ᠢᠶᠠᠨ ᠬᠠᠰᠤᠵᠤ | ᠥᠭᠡᠷᠡᠴᠢᠯᠡᠭᠰᠡᠨ᠂ ᠵᠣᠷᠢᠭᠤᠳᠠ ᠨᠢᠭᠤᠭᠰᠠᠨ᠂ ᠡᠪᠳᠡᠯᠡᠵᠦ ᠬᠠᠶᠠᠭᠰᠠᠨ︔ | ︵ᠭᠤᠷᠪᠠ︶ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠮᠠᠲ᠋ᠧᠷᠢᠶᠠᠯ ᠤᠳ ᠢ | ᠬᠠᠤᠯᠢ ᠪᠤᠰᠤ ᠪᠠᠷ ᠬᠠᠩᠭᠠᠭᠰᠠᠨ᠂ ᠬᠡᠷᠡᠭᠯᠡᠭᠰᠡᠨ᠂ ᠳᠠᠮᠵᠢᠭᠤᠯᠤᠭᠰᠠᠨ᠂ ᠪᠠᠭᠤᠯᠭᠠᠭᠰᠠᠨ︔ | ︵ᠳᠥᠷᠪᠡ︶ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ ᠵᠠᠩᠭᠢ ᠶᠢᠨ ᠰᠢᠰᠲ᠋ᠧᠮ ᠤᠨ | ᠬᠡᠷᠡᠭᠴᠡᠭᠡ᠂ ᠡᠷᠬᠡ ᠶᠢᠨ ᠬᠢᠵᠠᠭᠠᠷ ᠪᠠ ᠬᠡᠪᠴᠢᠶ᠎ᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ᠃︾ ᠭᠡᠵᠦ ᠵᠠᠰᠠᠪᠤᠷᠢ ᠣᠷᠣᠭᠤᠯᠪᠠ᠃ | ᠬᠤᠷᠢᠨ ᠲᠠᠪᠤᠳᠤᠭᠠᠷ ᠵᠦᠢᠯ ᠢ ᠬᠠᠰᠤᠪᠠ᠃ | ᠬᠤᠷᠢᠨ ᠵᠢᠷᠭᠤᠳᠤᠭᠠᠷ ᠵᠦᠢᠯ ᠢ ᠬᠤᠷᠢᠨ ᠲᠠᠪᠤᠳᠤᠭᠠᠷ ᠵᠦᠢᠯ ᠪᠣᠯᠭᠠᠨ ᠬᠤᠪᠢᠷᠠᠭᠤᠯᠵᠤ᠄ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠲᠡᠭᠦᠨ ᠤ | ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠵᠢᠷᠤᠭ ᠳᠦᠷᠰᠦᠲᠦ ᠮᠡᠳᠡᠭᠡ | ᠵᠠᠩᠭᠢ ᠶᠢᠨ ᠰᠢᠰᠲ᠋ᠧᠮ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ᠂ ᠡᠰᠡᠬᠦᠯ᠎ᠡ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ | ᠵᠥᠷᠢᠴᠡᠭᠰᠡᠨ ᠪᠠᠶᠢᠪᠠᠯ᠂ ᠬᠠᠷᠢᠭᠤᠴᠠᠯᠭ᠎ᠠ ᠡᠭᠦᠷᠭᠡᠯᠡᠵᠦ ᠪᠦᠬᠦᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠬᠠᠤᠯᠢ | ᠶᠣᠰᠣᠭᠠᠷ ᠰᠢᠢᠳᠬᠡᠯ ᠥᠭᠬᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃︾ ᠭᠡᠵᠦ ᠵᠠᠰᠠᠪᠤᠷᠢ | ᠣᠷᠣᠭᠤᠯᠪᠠ᠃ | ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ︾ ᠶᠢ ᠴᠥᠮ ︽ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ︾ ᠭᠡᠵᠦ ᠵᠠᠰᠠᠪᠤᠷᠢ ᠣᠷᠣᠭᠤᠯᠪᠠ᠃ | ᠭᠤᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ︾ ᠶᠢᠨ ᠭᠤᠷᠪᠠᠳᠤᠭᠠᠷ ᠵᠦᠢᠯ ᠳᠤ᠄ | ︽ᠷᠠᠳᠢᠣ᠋ ᠲᠧᠯᠸᠢᠰ ᠤᠨ ᠠᠵᠢᠯ ᠦᠢᠯᠡᠰ ᠨᠢ ᠠᠷᠠᠳ ᠲᠦᠮᠡᠨ ᠳᠤ ᠦᠢᠯᠡᠴᠢᠯᠡᠬᠦ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠳᠤ ᠦᠢᠯᠡᠴᠢᠯᠡᠬᠦ ᠶᠢ ᠪᠠᠷᠢᠮᠲᠠᠯᠠᠨ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ | ᠳᠤᠪᠤᠶᠢᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠦᠨᠳᠦᠰᠦᠨ ᠵᠠᠷᠴᠢᠮ ᠢ ᠪᠠᠷᠢᠮᠲᠠᠯᠠᠬᠤ | ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠲᠠᠪᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠭᠤᠣᠯ ᠰᠡᠳᠦᠪᠲᠦ ᠷᠠᠳᠢᠣ᠋ ᠲᠧᠯᠸᠢᠰ ᠤᠨ ᠫᠷᠣᠭ᠍ᠷᠠᠮ ᠤᠳ ᠢ ᠪᠦᠲᠦᠭᠡᠨ ᠦᠢᠯᠡᠳᠪᠦᠷᠢᠯᠡᠬᠦ ᠶᠢ ᠵᠣᠷᠢᠭᠵᠢᠭᠤᠯᠤᠨ ᠲᠡᠳᠬᠦᠵᠦ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠤᠯᠠᠨ ᠵᠠᠮ ᠮᠥᠷ᠂ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ︾ ᠭᠡᠵᠦ ᠵᠠᠰᠠᠪᠤᠷᠢ | ᠣᠷᠣᠭᠤᠯᠪᠠ᠃ | ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠲᠤ᠄ ︽ᠷᠠᠳᠢᠣ᠋ ᠲᠧᠯᠸᠢᠰ ᠤᠨ ᠦᠷᠳᠡᠭᠡ ᠪᠠᠶᠢᠭᠤᠯᠬᠤ ᠳᠤ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ | ᠬᠠᠷᠭᠤᠭᠤᠯᠵᠤ᠂ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃ | ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠵᠤᠷᠪᠤᠰ ᠢ ᠬᠠᠰᠤᠪᠠ᠃ | ᠬᠤᠷᠢᠳᠤᠭᠠᠷ ᠵᠦᠢᠯ ᠳᠤ᠄ ︽ᠷᠠᠳᠢᠣ᠋ ᠲᠧᠯᠸᠢᠰ ᠬᠤᠷᠢᠶ᠎ᠠ ᠨᠢ ᠥᠪᠡᠷᠰᠡᠳ ᠢᠶᠠᠨ ᠡᠷᠬᠢᠯᠡᠭᠰᠡᠨ ᠫᠷᠣᠭ᠍ᠷᠠᠮ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠭᠤᠣᠯ ᠰᠡᠳᠦᠪᠲᠦ ᠫᠷᠣᠭ᠍ᠷᠠᠮ ᠢ ᠨᠡᠮᠡᠭᠳᠡᠭᠦᠯᠬᠦ ᠬᠡᠷᠡᠭᠲᠡᠢ︾ ᠭᠡᠵᠦ ᠵᠠᠰᠪᠣᠷᠢ ᠣᠷᠣᠭᠤᠯᠪᠠ᠃ | ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ᠄ ︽ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠬᠦ ᠳᠤ ᠪᠠᠨ ᠠᠯᠢ ᠴᠢᠳᠠᠬᠤ ᠪᠠᠷ ᠷᠠᠳᠢᠣ᠋ | ᠲᠧᠯᠸᠢᠰ ᠤᠨ ᠪᠡᠯᠡᠳᠬᠡᠮᠵᠢ ᠠᠴᠠ ᠵᠠᠶᠢᠯᠠᠰᠬᠢᠬᠦ ᠬᠡᠷᠡᠭᠲᠡᠢ᠃ ᠦᠨᠡᠨ ᠬᠦ ᠵᠠᠶᠢᠯᠠᠰᠬᠢᠬᠦ ᠶᠢᠨ ᠠᠷᠭ᠎ᠠ ᠦᠭᠡᠢ ᠠᠴᠠ ᠪᠣᠯᠵᠤ ᠷᠠᠳᠢᠣ᠋ ᠲᠧᠯᠸᠢᠰ ᠤᠨ ᠪᠡᠯᠡᠳᠬᠡᠮᠵᠢ ᠶᠢ | ᠰᠢᠯᠵᠢᠭᠦᠯᠬᠦ ᠴᠢᠬᠤᠯᠠᠲᠠᠢ ᠪᠠᠶᠢᠪᠠᠯ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠵᠥᠪᠰᠢᠶᠡᠷᠡᠬᠦ ᠠᠴᠠ ᠪᠠᠨ ᠡᠮᠦᠨ᠎ᠡ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠣᠭᠰᠠᠨ ᠪᠠᠶᠢᠵᠤ᠂ ᠨᠡᠭᠦᠯᠭᠡᠨ | ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠷᠠᠳᠢᠣ᠋ ᠲᠧᠯᠸᠢᠰ ᠤᠨ ᠪᠡᠯᠡᠳᠬᠡᠮᠵᠢ ᠶᠢ ᠨᠡᠭᠦᠯᠭᠡᠨ ᠪᠠᠶᠢᠭᠤᠯᠬᠤ ᠪᠣᠯᠭᠠᠭᠰᠠᠨ ᠨᠢᠭᠡᠴᠢ ᠠᠴᠠ ᠳᠠᠭᠠᠭᠠᠨ ᠡᠭᠦᠷᠭᠡᠯᠡᠬᠦ ᠬᠡᠷᠡᠭᠲᠡᠢ︾ | ᠭᠡᠵᠦ ᠵᠠᠰᠠᠪᠤᠷᠢ ᠣᠷᠣᠭᠤᠯᠪᠠ᠃ | ᠳᠥᠴᠢᠨ ᠳᠣᠯᠣᠳᠤᠭᠠᠷ ᠵᠦᠢᠯ ᠢ ᠬᠠᠰᠤᠪᠠ᠃ | | ᠳᠠᠭᠠᠯᠳᠤᠭᠤᠯᠤᠯ 2 | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ | ᠲᠣᠭᠲᠠᠭᠠᠯ ᠳᠦᠷᠢᠮ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠯᠭᠠᠨ ᠦᠨᠡᠯᠡᠭᠦ | ᠠᠷᠭ᠎ᠠ︾ ︵2017 ᠣᠨ ᠤ 2 ᠳ᠋ᠤᠭᠠᠷ ᠰᠠᠷ᠎ᠠ ᠶᠢᠨ 17 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ ᠤᠨ 223 ᠳ᠋ᠤᠭᠠᠷ ᠲᠣᠭᠠᠲᠤ ᠪᠠᠷ ᠨᠡᠶᠢᠲᠡᠯᠡᠪᠡ︶ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠢᠴᠡᠳᠬᠡᠯ | ᠲᠣᠭᠠᠨ ᠤ ᠲᠣᠭᠲᠠᠯᠴᠠᠭ᠎ᠠ ︵2016 — 2020 ᠣᠨ︶︾ ︵2017 ᠣᠨ ᠤ 4 ᠳ᠋ᠦ᠋ᠭᠡᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 225 ᠳ᠋ᠤᠭᠠᠷ ᠲᠣᠭᠠᠲᠤ ᠪᠠᠷ ᠨᠡᠶᠢᠲᠡᠯᠡᠪᠡ︶ | | ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠡᠷᠬᠢᠯᠡᠭᠴᠢ᠂ ᠳᠡᠳ᠋ ᠡᠷᠬᠢᠯᠡᠭᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠡ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ | ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ | ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠳᠣᠷᠣ ᠶᠢᠨ ᠵᠥᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 10 ᠳ᠋ᠤᠭᠠᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ | | | | | |