ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/3/2
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ  ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠬᠠᠮᠲᠤᠷᠠᠨ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠰᠢᠨ᠎ᠡ ᠶᠢ ᠡᠭᠦᠳᠴᠦ ᠳᠦᠯᠬᠢᠨ ᠠᠬᠢᠭᠤᠯᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠷ ᠪᠠᠳᠤᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠴᠣ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠪᠡ᠃       ︽ᠬᠡᠷᠡᠭᠵᠢᠭᠦᠯᠬᠦ ᠲᠥᠰᠦᠯ︾ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠴᠢᠨᠠᠷᠳᠠᠢ ᠪᠠᠷ ᠤᠯᠠᠷᠢᠭᠤᠯᠵᠤ᠂ ᠰᠢᠨ᠎ᠡ ᠡᠬᠦᠳᠦᠯᠳᠡ ᠶᠢᠨ ᠴᠢᠨᠠᠷᠲᠠᠶ ᠬᠥᠭᠵᠢᠯᠲᠡ ᠶᠢ ᠠᠬᠢᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠡᠬᠦᠳᠦᠯᠳᠡ ᠶᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠵᠤ᠂ ᠵᠢᠭᠤᠯᠴᠢᠯᠠᠯ ᠤᠨ ᠦᠶᠯᠡᠰ ᠤᠨ ᠪᠥᠬᠦ ᠣᠷᠣᠨ ᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤᠮᠳᠠ ᠢᠳᠡᠪᠬᠢᠲᠡᠶ ᠦᠶᠯᠡᠳᠦᠯ ᠦᠵᠡᠭᠦᠯᠬᠦ ᠶᠢ ᠪᠠᠳᠤᠯᠠᠬᠤ ᠬᠡᠷᠡᠭᠳᠡᠢ᠃ 2025 ᠣᠨ ᠪᠣᠯᠬᠤ ᠳᠤ᠂ ᠪᠥᠬᠦ ᠣᠷᠣᠨ ᠤ ᠵᠢᠭᠤᠯᠴᠢᠯᠠᠯ ᠤᠨ ᠴᠢᠨᠠᠷ ᠰᠠᠶᠢᠲᠠᠶ ᠬᠠᠩᠭᠠᠯᠭ᠎ᠠ ᠶᠢ ᠨᠠᠩ ᠪᠠᠶᠠᠯᠢᠭᠵᠢᠭᠤᠯᠵᠤ᠂ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠬᠡᠭᠰᠢᠯᠡᠬᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠨᠠᠩ ᠥᠷᠭᠡᠨ ᠳᠡᠯᠭᠡᠷ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠢᠭᠢᠳᠬᠡᠯᠲᠦ ᠮᠠᠶ᠋ᠢᠭ ᠤᠨ ᠬᠥᠭᠵᠢᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠲᠠᠰᠤᠷᠠᠯᠲᠠ ᠥᠬᠡᠶ ᠪᠠᠬᠢᠵᠢᠬᠦᠯᠬᠦ ᠬᠡᠷᠡᠭᠳᠡᠢ ᠭᠡᠵᠦ ᠳᠤᠷᠠᠳᠴᠠᠢ᠃       ︽ᠬᠡᠷᠡᠭᠵᠢᠭᠦᠯᠬᠦ ᠲᠥᠰᠦᠯ︾ ᠨᠢ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠲᠣᠳᠣᠷᠬᠠᠶᠢᠯᠠᠵᠤ᠂ ᠵᠢᠭᠤᠯᠴᠢᠯᠠᠯ ᠳᠤ ᠰᠢᠨ᠎ᠡ ᠠᠭᠤᠯᠤᠭᠳᠠᠬᠤᠨ ᠢ ᠣᠷᠣᠭᠤᠯᠪᠠ︔ ᠥᠷᠲᠡᠭ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠵᠠᠮ ᠱᠤᠭᠤᠮ  ᠢ ᠪᠠᠶᠢᠭᠤᠯᠪᠠ︔ ᠵᠠᠬ᠎ᠠ ᠳᠡᠯᠭᠡᠭᠦᠷ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠪᠡ︔ ᠰᠣᠶᠣᠯ ᠵᠢᠭᠤᠯᠴᠢᠯᠠᠯ ᠤᠨ ᠠᠭᠤᠰᠤᠯᠴᠠᠯ ᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠭᠤᠤᠯ ᠴᠣᠭᠴᠠ ᠶᠢ ᠬᠦᠮᠦᠵᠢᠭᠦᠯᠪᠡ︔ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠰᠢᠨ᠎ᠡ ᠰᠠᠭᠤᠷᠢᠨ ᠭᠠᠵᠠᠷ ᠵᠡᠷᠭᠡ ᠲᠠᠪᠤᠨ ᠲᠦᠷᠦᠯ ᠤᠨ ᠠᠵᠢᠯ ᠤᠨ ᠠᠭᠤᠯᠭ᠎ᠠ ᠶᠢ ᠰᠠᠶᠢᠲᠤᠷ ᠬᠡᠷᠡᠭᠯᠡᠵᠦ᠂ ᠵᠢᠭᠤᠯᠴᠢᠯᠠᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢᠨ ᠴᠢᠬᠤᠯᠠ ᠬᠥᠳᠡᠯᠭᠡᠬᠦ ᠬᠦᠴᠦᠨ ᠪᠤᠯᠭᠠᠨ ᠠᠬᠢᠭᠤᠯᠪᠠ᠃       ︽ᠬᠡᠷᠡᠭᠵᠢᠭᠦᠯᠬᠦ ᠲᠥᠰᠦᠯ︾ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠷ ᠪᠠᠳᠤᠳᠬᠠᠬᠤ ᠲᠠᠯ᠎ᠠ ᠠᠴᠠ ᠪᠤᠳᠤᠯᠬᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠬᠦ ᠲᠠᠯ᠎ᠠ ᠪᠠᠷ ᠳᠡᠯᠭᠡᠨ ᠦᠵᠡᠬᠦᠯᠵᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠬᠡᠵᠢᠬᠦᠯᠵᠦ᠂ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠦᠬᠦ ᠲᠠᠯ᠎ᠠ ᠪᠠᠷ ᠳᠡᠯᠬᠡᠷᠡᠬᠦᠯᠵᠦ᠂ ᠬᠤᠪᠢᠰᠬᠠᠯᠲᠤ ᠵᠢᠭᠤᠯᠴᠢᠯᠠᠯ ᠢ ᠶᠡᠭᠡ ᠪᠠᠷ ᠬᠦᠭᠵᠢᠬᠦᠯᠵᠦ᠂ ᠦᠨᠳᠦᠰᠦᠲᠡᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠰᠢᠨ᠎ᠡ ᠪᠠᠷ ᠡᠭᠦᠳᠦᠨ ᠬᠦᠭᠵᠢᠬᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠬᠢᠯᠢ ᠬᠢᠵᠠᠭᠠᠷ ᠤᠨ ᠵᠢᠭᠤᠯᠴᠢᠯᠠᠯ ᠢ ᠶᠡᠭᠡ ᠪᠠᠷ ᠬᠦᠭᠵᠢᠬᠦᠯᠵᠦ᠂ ︽ᠬᠤᠶᠠᠷ ᠢ ᠪᠠᠶᠢᠭᠤᠯᠬᠤ︾ ᠵᠡᠷᠭᠡ 22 ᠲᠦᠷᠦᠯ ᠤᠨ ᠪᠣᠳᠠᠲᠠᠢ ᠠᠵᠢᠯ ᠤᠨ ᠡᠭᠦᠷᠭᠡ  ᠶᠢ ᠳᠤᠷᠠᠳᠴᠤ᠂ ᠵᠢᠭᠤᠯᠴᠢᠯᠠᠯ ᠤᠨ ᠦᠶᠯᠡᠰ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠴᠢᠬᠤᠯᠠ ᠠᠴᠢᠶᠠᠯᠠᠭᠴᠢ ᠪᠤᠯᠭᠠᠬᠤ ᠬᠡᠷᠡᠭᠳᠡᠢ ᠭᠡᠪᠡ᠃       ︽ᠬᠡᠷᠡᠭᠵᠢᠭᠦᠯᠬᠦ ᠲᠥᠰᠦᠯ︾ ᠳᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ  ᠶᠢ ᠵᠣᠬᠢᠴᠠᠭᠤᠯᠬᠤ ᠳᠤᠭᠤᠶᠢᠯᠠᠩ ᠢ ᠪᠠᠶᠢᠭᠤᠯᠵᠤ᠂ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠵᠣᠬᠢᠴᠠᠩᠭᠤᠶ ᠠᠷᠭ᠎ᠠ ᠬᠡᠮᠵᠢᠶ᠎ᠡ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠶ︔ ᠵᠢᠭᠤᠯᠴᠢᠯᠠᠯ ᠤᠨ ᠬᠠᠤᠯᠢ  ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠣᠯᠣᠨ ᠠᠷᠭ᠎ᠠ ᠬᠡᠯᠪᠡᠷᠢ ᠶᠢ ᠬᠡᠷᠡᠭᠯᠡᠨ ᠵᠢᠭᠤᠯᠴᠢᠯᠠᠯ ᠤᠨ ᠦᠶᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ  ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠪᠥᠷ ᠮᠣᠩᠭᠤᠯ ᠤᠨ ᠵᠢᠭᠤᠯᠴᠢᠯᠠᠯ ᠳᠤ ᠣᠷᠣᠯᠴᠠᠨ ᠦᠶᠯᠡᠰ ᠴᠣᠭᠴᠠᠯᠠᠵᠤ ᠡᠭᠦᠳᠦᠨ ᠪᠠᠶᠢᠭᠤᠯᠬᠤ ᠠᠮᠢᠵᠢᠷᠠᠯ  ᠤᠨ ᠬᠦᠴᠦᠨ ᠢ ᠬᠦᠭᠵᠢᠬᠡᠬᠦ ᠬᠡᠷᠡᠭᠳᠡᠢ︔ ᠵᠢᠭᠤᠯᠴᠢᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠰᠤᠷᠭᠠᠭᠤᠯᠢ ᠪᠤᠯᠤᠨ ᠠᠵᠤ ᠠᠬᠤᠶᠢᠯᠠᠯ ᠢ ᠵᠣᠯᠭᠠᠭᠤᠯᠬᠤ ᠲᠤᠭᠳᠠᠯᠴᠠᠭ᠎ᠠ ᠶᠢ ᠳᠡᠬᠦᠯᠳᠡᠷᠵᠢᠬᠦᠯᠬᠦ ᠬᠡᠷᠡᠭᠳᠡᠢ︔ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠬᠡᠵᠦ ᠱᠠᠭᠠᠷᠳᠠᠪᠠ᠃            ᠣᠷᠴᠢᠭᠤᠯᠤᠭᠴᠢ᠄ ᠣᠶᠤᠨᠰᠡᠴᠡᠨ            ᠬᠢᠨᠠᠨ ᠨᠠᠶᠢᠷᠠᠭᠤᠯᠤᠭᠴᠢ᠄ ᠠᠳᠢᠶ᠎ᠠ    ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ