︽ᠤᠯᠠᠭᠠᠨ ᠪᠣᠭᠴᠣ︾ ᠨᠠᠮ ᠤᠨ ᠳᠠᠭᠤᠨ ᠢ ᠲᠠᠯ᠎ᠠ ᠨᠤᠲᠤᠭ ᠤᠨ ᠭᠦᠨ ᠳᠤ ᠴᠤᠤᠷᠢᠶᠠᠲᠤᠭᠤᠯᠪᠠ
ᠨᠡᠶᠢᠲᠡᠯᠡᠭᠰᠡᠨ ᠴᠠᠭ᠄
2023/3/21
      ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤᠨ ᠤ ᠪᠠᠶ᠋ᠬᠠᠭᠤᠯᠠ ᠭᠠᠴᠠᠭᠠᠨ ᠳᠤ᠂ ᠬᠠᠭᠠᠰ ᠵᠠᠭᠤᠨ ᠤ ᠲᠤᠷᠰᠢ ᠤᠯᠠᠮᠵᠢᠯᠠᠭᠳᠠᠭᠰᠠᠨ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠤᠢ᠂ 51 ᠵᠢᠯ ᠤᠨ ᠲᠤᠷᠰᠢ᠂ ︽ᠤᠯᠠᠭᠠᠨ ᠪᠣᠭᠴᠣ︾ ᠰᠠᠶᠢᠨ ᠳᠤᠷᠠᠴᠤᠳ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠪᠣᠭᠴᠣᠨ ᠳᠤ ᠪᠠᠨ ᠬᠢᠵᠦ᠂ ᠲᠠᠯ᠎ᠠ ᠨᠤᠲᠤᠭ ᠤᠨ ᠮᠠᠯᠴᠢᠨ ᠲᠠᠷᠢᠶᠠᠴᠢᠨ ᠳᠤ ᠳᠠᠮᠵᠢᠭᠤᠯᠪᠠ᠃
“红书包”,让党的声音响彻草原深处1.jpg 
      ︽ᠤᠯᠠᠭᠠᠨ ᠪᠣᠭᠴᠣ︾ ᠨᠢ 20 ᠳ᠋ᠤᠭᠠᠷ ᠵᠠᠭᠤᠨ ᠤ ᠳᠠᠯᠠᠭᠠᠳ ᠣᠨ ᠤ ᠦᠶ᠎ᠡ ᠶᠢᠨ ᠰᠥᠨᠢᠳ ᠤᠨ ᠲᠠᠯ᠎ᠠ ᠨᠤᠲᠤᠭ ᠠᠴᠠ ᠢᠷᠡᠯᠲᠡ ᠲᠠᠢ᠃ ᠲᠤᠬᠠᠢ ᠶᠢᠨ ᠦᠶ᠎ᠡ ᠶᠢᠨ ᠰᠠᠩᠪᠤᠯᠠᠭ ᠰᠤᠮᠤᠨ ᠤ ᠪᠠᠶ᠋ᠬᠠᠭᠤᠯᠠ ᠭᠠᠴᠠᠭᠠᠨ ᠤ ᠨᠠᠮ ᠤᠨ ᠡᠭᠦᠷ ᠤᠨ ᠬᠢᠨ ᠮᠠᠯᠵᠢᠬᠤ ᠣᠷᠣᠨ ᠪᠤᠶᠢᠳᠠ ᠪᠥᠭᠯᠡᠭᠦᠦ᠂ ᠨᠤᠲᠤᠭ ᠠᠭᠤᠳᠠᠮ ᠬᠥᠮᠥᠨ ᠴᠥᠭᠡᠨ᠂ ᠬᠥᠮᠥᠨ ᠠᠷᠠᠳ ᠨᠢ ᠲᠠᠷᠠᠬᠠᠢ ᠪᠤᠲᠠᠷᠬᠠᠢ ᠣᠷᠣᠰᠢᠨ ᠰᠠᠭᠤᠷᠢᠰᠢᠭᠰᠠᠨ ᠣᠨᠴᠠᠯᠢᠭ ᠲᠤ ᠴᠢᠭᠯᠡᠭᠦᠯᠵᠦ᠂ ︽ᠤᠯᠠᠭᠠᠨ ᠪᠣᠭᠴᠣ︾ ᠰᠤᠷᠤᠯᠴᠠᠯᠭ᠎ᠠ ᠬᠦᠷᠭᠡᠬᠦ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠨᠠᠮ ᠤᠨ ᠳᠠᠭᠤᠨ ᠢ ᠳᠠᠮᠵᠢᠭᠤᠯᠵᠤ᠂ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠵᠤ ᠪᠠᠶᠢᠪᠠ᠃ ᠬᠠᠶᠢᠷ᠎ᠠ ᠬᠠᠯᠠᠮᠵᠢ ᠬᠦᠷᠭᠡᠬᠦ᠂ ᠦᠢᠯᠡᠴᠢᠯᠡᠭᠡ ᠬᠦᠷᠭᠡᠬᠦ᠂ ᠰᠡᠳᠬᠢᠯ ᠤᠨ ᠦᠭᠡ ᠶᠢ ᠳᠠᠮᠵᠢᠭᠤᠯᠬᠤ᠂ ᠲᠥᠷᠥ ᠶᠢᠨ ᠪᠣᠳᠣᠯᠭ᠎ᠠ ᠶᠢ ᠤᠯᠠᠮᠵᠢᠯᠠᠬᠤ ᠪᠣᠯ ︽ᠤᠯᠠᠭᠠᠨ ᠪᠣᠭᠴᠣ︾ ᠶᠢᠨ ᠡᠭᠦᠳᠦᠨ ᠪᠠᠶᠢᠭᠤᠯᠤᠭᠳᠠᠭᠰᠠᠨ 51 ᠵᠢᠯ ᠤᠨ ᠲᠤᠷᠰᠢᠬᠢ ᠬᠤᠪᠢᠷᠠᠰᠢ ᠦᠭᠡᠢ ᠬᠠᠶᠢᠷ᠎ᠠ ᠰᠡᠳᠬᠢᠯᠭᠡ ᠪᠠ ᠤᠭ ᠰᠠᠨᠠᠭ᠎ᠠ ᠶᠤᠮ᠃
“红书包”,让党的声音响彻草原深处2.jpg     
      ᠳᠡᠭᠡᠷ᠎ᠡ ᠵᠠᠭᠤᠨ ᠤ ᠳᠠᠯᠠᠭᠠᠳ ᠣᠨ ᠳᠤ ︽ᠤᠯᠠᠭᠠᠨ ᠪᠣᠭᠴᠣ︾ ᠰᠥᠨᠢᠳ ᠤᠨ ᠲᠠᠯ᠎ᠠ ᠨᠤᠲᠤᠭ ᠲᠤ ᠮᠡᠨᠳᠦᠯᠡᠵᠡᠢ᠃ ︵ᠮᠠᠲ᠋ᠧᠷᠢᠶᠠᠯ ᠤᠨ ᠵᠢᠷᠤᠭ︶
“红书包”,让党的声音响彻草原深处3.jpg     
      ︵ᠮᠠᠲ᠋ᠧᠷᠢᠶᠠᠯ ᠤᠨ ᠵᠢᠷᠤᠭ︶
“红书包”,让党的声音响彻草原深处4.jpg     
      ︵ᠮᠠᠲ᠋ᠧᠷᠢᠶᠠᠯ ᠤᠨ ᠵᠢᠷᠤᠭ︶     2 ᠳ᠋ᠤᠭᠠᠷ ᠰᠠᠷ᠎ᠠ ᠶᠢᠨ 2 ᠤᠨ ᠡᠳᠦᠷ᠂ ᠭᠠᠴᠠᠭᠠᠨ ᠤ ᠠᠬᠠᠮᠠᠳ ᠨᠠᠮ ᠤᠨ ᠭᠡᠰᠢᠭᠦᠨ ᠪᠠᠲᠤᠵᠢᠷᠭᠠᠯ ᠬᠦᠦ ᠳᠡᠯᠭᠡᠷᠴᠣᠭᠲᠤ ᠲᠠᠢ ᠪᠠᠨ ︽ᠤᠯᠠᠭᠠᠨ ᠪᠣᠭᠴᠣ︾ ᠪᠠᠨ ᠡᠭᠦᠷᠴᠦ᠂ ᠮᠠᠰᠢᠨ ᠲᠡᠷᠭᠡ ᠪᠠᠷ ᠢᠶᠠᠨ ᠨᠠᠮ ᠤᠨ ᠭᠡᠰᠢᠭᠦᠨ ᠤ ᠠᠵᠢᠯᠯᠠᠭᠠᠨ ᠤ ᠥᠷᠦᠭᠡᠨ ᠳᠤ ᠬᠦᠷᠴᠦ ᠢᠷᠡᠪᠡ᠃     ᠠᠵᠢᠯᠯᠠᠭᠠᠨ ᠤ ᠥᠷᠥᠭᠡᠨ ᠳᠤ᠂ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠬᠦᠷᠦᠯᠴᠡᠨ ᠢᠷᠡᠭᠰᠡᠨ ᠮᠠᠯᠴᠢᠨ ᠲᠦᠮᠡᠨ ᠳᠤ ᠳᠠᠭᠤᠤ ᠪᠦᠵᠢᠭ ᠤᠨ ᠲᠣᠭᠯᠠᠯᠲᠠ ᠭᠠᠷᠭᠠᠵᠤ᠂ ᠮᠣᠩᠭᠤᠯ ᠭᠡᠷ ᠲᠤ ᠪᠠᠶᠠᠷ ᠬᠦᠷ ᠢᠶᠠᠷ ᠪᠢᠯᠬᠠᠵᠤ ᠪᠠᠶᠢᠯ᠎ᠠ᠃
“红书包”,让党的声音响彻草原深处5.jpg
“红书包”,让党的声音响彻草原深处12.jpg
      ᠲᠣᠭᠯᠠᠯᠲᠠ ᠶᠢᠨ ᠳᠠᠷᠠᠭ᠎ᠠ᠂ ᠳᠡᠯᠭᠡᠷᠴᠣᠭᠲᠤ ᠭᠠᠴᠠᠭᠠᠨ ᠤ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠭᠡᠰᠢᠭᠦᠳ ᠵᠢᠴᠢ ᠤᠯᠠᠭᠠᠨᠮᠥ᠋ᠴᠢᠷ ᠤᠨ ᠭᠡᠰᠢᠭᠦᠳ ᠲᠠᠢ ᠬᠠᠮᠲᠤ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠣᠯᠲᠠ ᠲᠥᠷᠥᠭᠳᠡᠯ ᠢᠶᠠᠨ ᠰᠣᠯᠢᠯᠴᠠᠪᠠ᠃      ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠨ ᠸᠠᠩ ᠯᠧᠢ᠂ ᠮᠠᠨ ᠤ ᠤᠯᠠᠭᠠᠨᠮᠥ᠋ᠴᠢᠷ ᠪᠥᠬᠦ ᠤᠯᠤᠰ ᠤᠨ ᠠᠩᠬᠠᠳᠠᠭᠴᠢ ᠤᠯᠠᠭᠠᠨᠮᠥ᠋ᠴᠢᠷ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠣᠯᠠᠨ ᠲᠦᠮᠡᠨ ᠳᠤ ᠦᠢᠯᠡᠴᠢᠯᠡᠬᠦ ᠪᠣᠯ ᠮᠠᠨ ᠤ ᠰᠢᠯᠢᠳᠡᠭ ᠤᠯᠠᠮᠵᠢᠯᠠᠯ ᠮᠥᠨ᠂ ᠡᠨᠡ ᠨᠢ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠵᠣᠷᠢᠯᠲᠠ ᠲᠠᠢ ᠠᠳᠠᠯᠢ ᠶᠤᠮ᠃ ᠪᠢᠳᠡ ᠬᠠᠷᠢᠯᠴᠠᠨ ᠰᠤᠷᠤᠯᠴᠠᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠨᠡᠩ ᠰᠠᠶᠢᠨ ᠦᠢᠯᠡᠴᠢᠯᠡᠨ᠎ᠡ ᠭᠡᠵᠦ ᠬᠡᠯᠡᠪᠡ᠃ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠤᠨ ᠳᠣᠲᠣᠷᠠᠬᠢ ᠣᠯᠠᠩᠬᠢ ᠨᠢ ᠣᠷᠣᠨ ᠨᠤᠲᠤᠭ ᠤᠨ ᠡᠷᠦᠬᠡ ᠶᠢᠨ ᠴᠡᠷᠢᠭ ᠤᠨ ᠭᠤᠣᠯᠯᠠᠭᠴᠢ ᠬᠦᠴᠦᠨ ᠪᠣᠯᠣᠨ᠎ᠠ᠃ ᠲᠣᠰ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠳ᠋ᠦ᠋ ᠱᠧᠩ᠂ ᠣᠷᠣᠨ ᠨᠤᠲᠤᠭ ᠤᠨ ᠡᠷᠦᠬᠡ ᠶᠢᠨ ᠴᠡᠷᠢᠭ ᠤᠨ ᠦᠢᠯᠡᠳᠦᠯ ᠢ ᠨᠠᠩ ᠶᠡᠭᠡ ᠪᠠᠷ ᠪᠠᠳᠠᠷᠠᠭᠤᠯᠬᠤ ᠶᠢᠨ ᠲᠥᠯᠥᠭᠡ᠂ ᠪᠢᠳᠡ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠴᠢᠯᠡᠭᠡᠨ ᠤ ᠭᠤᠣᠯᠳᠠᠯᠭ᠎ᠠ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠵᠤ ᠪᠠᠬᠢᠵᠢᠭᠦᠯᠦᠨ ᠥᠷᠭᠡᠳᠬᠡᠵᠦ᠂ ︽ᠬᠤᠶᠠᠷ ᠬᠠᠯᠬᠠᠪᠴᠢ︾ ᠶᠢ ᠨᠠᠩ ᠪᠠᠲᠤ ᠪᠠᠬᠢ ᠪᠣᠯᠭᠠᠨ᠎ᠠ ᠭᠡᠵᠦ ᠬᠡᠯᠡᠪᠡ᠃
“红书包”,让党的声音响彻草原深处6.jpg     
      ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ᠂ ᠪᠠᠶ᠋ᠬᠠᠭᠤᠯᠠ ᠭᠠᠴᠠᠭᠠᠨ ᠤ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ︽ᠰᠤᠷᠤᠯᠴᠠᠯᠭ᠎ᠠ ᠬᠦᠷᠭᠡᠬᠦ︾ ᠠᠭᠤᠯᠭ᠎ᠠ ᠪᠠᠨ ᠥᠷᠭᠡᠳᠬᠡᠵᠦ᠂ ᠡᠮᠴᠢᠯᠡᠭᠡ᠂ ᠮᠠᠯ ᠡᠮᠨᠡᠯᠭᠡ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠦᠢᠯᠡᠴᠢᠯᠡᠭᠡ ᠵᠡᠷᠭᠡ ᠶᠢ ᠨᠡᠮᠡᠭᠳᠡᠭᠦᠯᠦᠭᠰᠡᠨ ᠨᠢ ︽ᠤᠯᠠᠭᠠᠨ ᠪᠣᠭᠴᠣ︾ ᠶᠢᠨ ᠦᠢᠯᠡᠳᠦᠯ ᠢ ᠨᠠᠩ ᠠᠮᠢᠳᠤᠯᠢᠭ ᠪᠣᠯᠭᠠᠵᠤ᠂ ᠡᠩᠨᠡᠭᠡ ᠪᠠᠨ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠦᠢᠯᠡᠴᠢᠯᠡᠭᠡᠨ ᠤ ᠴᠢᠳᠠᠮᠵᠢ ᠪᠠᠨ ᠴᠢᠩᠭᠠᠳᠬᠠᠵᠤ᠂ ᠣᠷᠣᠨ ᠨᠤᠲᠤᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠢᠨ᠎ᠡ ᠬᠡᠪ ᠨᠠᠮᠪᠠ ᠪᠠ ᠭᠤᠣᠯ ᠨᠠᠷᠠᠲᠤ ᠲᠡᠮᠳᠡᠭ ᠪᠣᠯᠵᠠᠢ᠃
“红书包”,让党的声音响彻草原深处7.jpg
“红书包”,让党的声音响彻草原深处8.jpg
      ᠲᠥᠯ ᠲᠤᠰᠬᠤ ᠤᠯᠠᠷᠢᠯ ᠳᠤ᠂ ︽ᠬᠡᠳᠦᠢ ᠲᠥᠯ ᠲᠤᠰᠪᠠ ᠦᠦ︖ ᠡᠪᠡᠰᠦ ᠪᠣᠷᠳᠤᠭ᠎ᠠ ᠪᠠᠨ ᠭᠦᠢᠴᠡᠳ ᠪᠡᠯᠡᠳᠬᠡᠭᠰᠡᠨ ᠦᠦ︖ ᠬᠠᠪᠰᠤᠷᠤᠭᠤᠯᠬᠤ ᠠᠵᠢᠯ ᠪᠠᠶᠢᠨ᠎ᠠ ᠦᠦ︖ ᠁︾ ᠭᠡᠵᠦ᠂ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠮᠠᠯᠴᠢᠨ ᠳ᠋ᠠᠨᠠ ᠶᠢᠨ ᠬᠢᠨ ᠳᠤ ᠢᠷᠡᠵᠤ᠂ ᠲᠡᠭᠦᠨ ᠳᠤ ᠬᠠᠪᠰᠤᠷᠤᠯᠭ᠎ᠠ ᠦᠵᠡᠭᠦᠯᠪᠡ᠃      ᠳ᠋ᠠᠨᠠ ᠶᠢᠨ ᠬᠢᠨ ᠣᠳᠣ ᠨᠢᠭᠡᠨᠲᠡ 40 ᠭᠠᠷᠤᠢ ᠲᠥᠯ ᠲᠤᠰᠪᠠ᠃ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠦᠷᠭᠦᠯᠵᠢ ᠮᠠᠯᠴᠢᠳ ᠤᠨ ᠭᠡᠷ ᠲᠤ ᠨᠢ ᠬᠦᠷᠴᠦ ᠬᠠᠪᠰᠤᠷᠤᠯᠭ᠎ᠠ ᠦᠵᠡᠭᠦᠯᠵᠦ᠂ ᠡᠪᠡᠰᠦ ᠪᠣᠷᠳᠤᠭ᠎ᠠ ᠶᠢ ᠨᠢ ᠪᠠᠭᠤᠯᠭᠠᠵᠤ᠂ ᠬᠤᠨᠢᠨ ᠤ ᠬᠦᠷᠢᠶ᠎ᠡ ᠬᠠᠰᠢᠶ᠎ᠠ ᠶᠢ ᠨᠢ ᠴᠡᠪᠡᠷᠯᠡᠵᠦ᠂ ᠮᠠᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠵᠤ᠂ ᠲᠥᠯ ᠢ ᠨᠢ ᠬᠠᠪᠰᠤᠷᠴᠤ ᠲᠣᠰᠴᠣ ᠥᠭᠳᠡᠭ᠂ ᠮᠠᠯᠴᠢᠳ ︽ᠤᠯᠠᠭᠠᠨ ᠪᠣᠭᠴᠣ︾ ᠶᠢᠨ ᠭᠡᠰᠢᠭᠦᠳ ᠢ ᠳᠠᠭᠤᠳᠠᠮᠠᠭᠴᠠ ᠲᠡᠳᠡᠨ ᠬᠦᠷᠦᠯᠴᠡᠨ ᠢᠷᠡᠵᠦ᠂ ᠮᠠᠯᠴᠢᠳ ᠢ ᠬᠠᠪᠰᠤᠷᠤᠨ ᠡᠯ᠎ᠡ ᠵᠦᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠲᠤᠶᠢᠯ ᠤᠨ ᠶᠡᠭᠡ ᠲᠥᠬᠦᠮ ᠦᠵᠡᠭᠦᠯᠳᠡᠭ᠃      ᠳ᠋ᠠᠨᠠ᠄ ︽ᠲᠠᠳᠠ ᠡᠨᠡ ᠤᠳᠠᠭ᠎ᠠ ᠬᠤᠷᠠᠭ᠎ᠠ ᠢᠰᠢᠭᠡᠨ ᠤ ᠱᠠᠯᠵᠠ ᠬᠤᠷᠣᠬᠠᠢ ᠶᠢᠨ ᠠᠰᠠᠭᠤᠳᠠᠯ ᠢ ᠣᠯᠵᠤ ᠮᠡᠳᠡᠭᠡᠳ ᠡᠪᠡᠳᠴᠢᠨ ᠳᠤ ᠨᠢ ᠲᠠᠭᠠᠷᠠᠭᠤᠯᠵᠤ ᠡᠮ ᠥᠭᠭᠦᠭᠡᠳ᠂ ᠮᠠᠨ ᠤ ᠭᠡᠷ ᠢ ᠨᠢᠭᠡ ᠤᠳᠠᠭᠠᠨ ᠤ ᠬᠤᠬᠢᠷᠠᠯ ᠠᠴᠠ ᠵᠠᠶᠢᠯᠠᠭᠤᠯᠤᠭᠰᠠᠨ ᠶᠤᠮ︾ ᠭᠡᠵᠦ ᠪᠠᠶᠠᠷᠲᠠᠢ ᠬᠡᠯᠡᠨ᠎ᠡ᠃
“红书包”,让党的声音响彻草原深处9.jpg     
     ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠨ ᠤᠷᠠᠨᠭᠤᠸ᠎ᠠ ᠮᠠᠯᠴᠢᠨ ᠵᠠᠮᠪᠠᠯᠵᠠᠪ ᠤᠨ ᠭᠡᠷ ᠲᠤ ᠢᠷᠡᠭᠡᠳ ︽ᠡᠨᠡ ᠬᠦ ᠬᠠᠯᠠᠭᠤᠨ ᠢ ᠲᠠᠭᠤᠬᠤ ᠡᠮ ᠤᠨ ᠭᠤᠣᠯ ᠦᠢᠯᠡᠳᠦᠯ ᠨᠢ ᠬᠤᠭᠤᠯᠠᠢ ᠬᠠᠪᠤᠳᠴᠤ᠂ ᠰᠢᠳᠦ ᠡᠪᠡᠳᠬᠦ ᠳᠤ ᠵᠣᠬᠢᠬᠤ ᠦᠢᠯᠡᠳᠦᠯ ᠲᠠᠢ ᠁︾ ᠭᠡᠵᠦ᠂ ᠲᠡᠭᠦᠨ ᠳᠤ ᠡᠮ ᠤᠨ ᠦᠢᠯᠡᠳᠦᠯ ᠪᠠ ᠬᠡᠷᠡᠭᠯᠡᠬᠦ ᠠᠷᠭ᠎ᠠ ᠶᠢ ᠲᠠᠶᠢᠯᠪᠤᠷᠢᠯᠠᠨ ᠥᠭᠪᠡ᠂ ᠪᠠᠰᠠ ᠨᠠᠰᠤᠲᠠᠨ ᠤ ᠬᠤᠶᠠᠷ ᠭᠠᠷ ᠤᠨ ᠬᠠᠭᠠᠷᠠᠭᠰᠠᠨ ᠢ ᠨᠢ ᠦᠵᠡᠭᠡᠳ᠂ ᠨᠠᠷᠢᠨ ᠪᠠᠶᠢᠴᠠᠭᠠᠭᠰᠠᠨ ᠤ ᠳᠠᠷᠠᠭ᠎ᠠ ᠲᠡᠭᠦᠨ ᠢ ︽ᠸᠢᠲ᠋ᠠᠮᠢᠨ C ᠢᠯᠡᠭᠦᠦ ᠢᠳᠡᠭᠡᠷᠡᠢ︾ ᠭᠡᠵᠦ ᠵᠠᠬᠢᠪᠠ᠃ ᠵᠠᠮᠪᠠᠯᠵᠠᠪ ᠤᠨ ᠴᠢᠰᠤᠨ ᠳᠠᠷᠤᠯᠲᠠ ᠨᠢ ᠥᠨᠳᠥᠷ ᠲᠤᠯᠠ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠦᠷᠭᠦᠯᠵᠢ ᠭᠡᠷ ᠲᠤ ᠨᠢ ᠢᠷᠡᠵᠦ ᠲᠡᠭᠦᠨ ᠳᠤ ᠡᠮᠴᠢᠯᠡᠭᠡ ᠶᠢᠨ ᠦᠢᠯᠡᠴᠢᠯᠡᠭᠡ ᠬᠦᠷᠭᠡᠳᠡᠭ᠃ ᠨᠠᠰᠤᠲᠠᠨ ᠤ ᠬᠥᠪᠡᠭᠦᠨ ᠰᠦᠯᠡ᠄ ︽︿ᠤᠯᠠᠭᠠᠨ ᠪᠣᠭᠴᠣ﹀ ᠶᠢᠨ ᠬᠠᠪᠰᠤᠷᠤᠯᠭ᠎ᠠ ᠪᠠᠷ ᠨᠠᠰᠤᠲᠠᠨ ᠤ ᠡᠪᠡᠳᠴᠢᠨ ᠤ ᠪᠠᠶᠢᠳᠠᠯ ᠢ ᠲᠣᠭᠲᠠᠭᠤᠨ ᠪᠠᠶᠢᠯᠭᠠᠵᠤ ᠴᠢᠳᠠᠭᠰᠠᠨ ᠶᠤᠮ︾ ᠭᠡᠵᠦ ᠪᠠᠶᠠᠷᠲᠠᠢ ᠬᠡᠯᠡᠪᠡ᠃
“红书包”,让党的声音响彻草原深处10.jpg     
      ᠰᠠᠩᠪᠤᠯᠠᠭ ᠰᠤᠮᠤ ᠶᠢᠨ ᠨᠠᠮ ᠤᠨ ᠬᠤᠷᠢᠶᠠᠨ ᠤ ᠱᠦᠵᠢ ᠰᠦᠮᠪᠦᠷ᠄ ︽ᠪᠢᠳᠡ ᠨᠠᠮ ᠤᠨ ᠪᠠᠶᠢᠭᠤᠯᠤᠯᠲᠠ ᠪᠣᠯᠣᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠰᠠᠭᠤᠷᠢᠯᠠᠨ ᠠᠳᠠᠯᠢ ᠲᠠᠪᠲᠠᠮᠵᠢ ᠪᠠᠷ ᠵᠡᠷᠭᠡ ᠪᠠᠷ ᠤᠷᠤᠭᠰᠢᠯᠠᠵᠤ᠂ ᠨᠢᠭᠡ ᠴᠢᠭᠯᠡᠯ ᠢᠶᠠᠷ ᠬᠦᠴᠦᠯᠡᠵᠦ᠂ ᠤᠤᠯ ᠤᠨ ︿ᠤᠯᠠᠭᠠᠨ ᠪᠣᠭᠴᠣ﹀ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ ᠳᠡᠭᠡᠷ᠎ᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠡᠪᠴᠢᠶ᠎ᠡ ᠶᠢ ᠢᠳᠡᠪᠬᠢᠲᠡᠢ ᠥᠷᠭᠡᠳᠬᠡᠵᠦ᠂ ︿ᠤᠯᠠᠭᠠᠨ ᠪᠣᠭᠴᠣ﹀ ᠶᠢᠨ ᠰᠤᠷᠤᠯᠴᠠᠯᠭ᠎ᠠ ᠬᠦᠷᠭᠡᠬᠦ ᠦᠢᠯᠡᠴᠢᠯᠡᠭᠡ ᠶᠢ ︿ᠠᠷᠠᠳ ᠠᠴᠠ ᠵᠠᠰᠠᠭ ᠤᠨ ᠶᠠᠪᠤᠳᠠᠯ ᠢ ᠠᠰᠠᠭᠤᠬᠤ᠂ ᠠᠷᠠᠳ ᠠᠴᠠ ᠬᠡᠷᠡᠭᠴᠡᠭᠡ ᠶᠢ ᠠᠰᠠᠭᠤᠬᠤ᠂ ᠠᠷᠠᠳ ᠠᠴᠠ ᠠᠷᠭ᠎ᠠ ᠪᠣᠳᠣᠯᠭ᠎ᠠ ᠶᠢ ᠠᠰᠠᠭᠤᠬᠤ﹀ ᠶᠢᠨ ᠪᠦᠲᠦᠮᠵᠢᠲᠡᠢ ᠠᠴᠢᠶᠠᠯᠠᠭᠴᠢ ᠪᠣᠯᠭᠠᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ︿ᠤᠯᠠᠭᠠᠨ ᠪᠣᠭᠴᠣ﹀ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠵᠦ᠂ ᠮᠠᠯᠴᠢᠨ ᠲᠠᠷᠢᠶᠠᠴᠢᠨ ᠳᠤ ᠨᠠᠩ ᠰᠠᠶᠢᠨ ᠦᠢᠯᠡᠴᠢᠯᠡᠨ᠎ᠡ︾ ᠭᠡᠵᠦ ᠬᠡᠯᠡᠪᠡ᠃
“红书包”,让党的声音响彻草原深处11.jpg
      ᠮᠣᠷᠢ ᠪᠠᠷ ᠰᠤᠷᠤᠯᠴᠠᠭ᠎ᠠ ᠬᠦᠷᠭᠡᠵᠦ ᠪᠠᠶᠢᠭᠰᠠᠨ ᠠᠴᠠ ᠲᠡᠷᠭᠡ ᠵᠢᠯᠤᠭᠤᠳᠴᠤ ᠰᠤᠷᠤᠯᠴᠠᠯᠭ᠎ᠠ ᠬᠦᠷᠭᠡᠬᠦ᠂ ᠠᠬᠢᠭᠠᠳ ᠰᠦᠯᠵᠢᠶᠡᠨ ᠳᠡᠭᠡᠷ᠎ᠡ ᠰᠤᠷᠤᠯᠴᠠᠭ᠎ᠠ ᠬᠦᠷᠭᠡᠬᠦ ᠮᠡᠲᠦ ᠪᠠᠷ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠭ᠎ᠠ ᠲᠠᠰᠤᠷᠠᠯᠳᠡ ᠦᠭᠡᠢ ᠪᠠᠶᠠᠯᠢᠭᠵᠢᠵᠤ᠂ ᠠᠵᠢᠯᠯᠠᠭᠠᠨ ᠤ ᠵᠠᠮ ᠮᠥᠷ ᠲᠠᠰᠤᠷᠠᠯᠳᠡ ᠦᠭᠡᠢ ᠥᠷᠭᠡᠳᠴᠦ᠂ ᠬᠦᠰᠡᠯ ᠡᠷᠡᠮᠡᠯᠵᠡᠯ ᠢᠶᠠᠷ ᠪᠢᠯᠬᠠᠮ᠎ᠠ ︽ᠤᠯᠠᠭᠠᠨ ᠪᠣᠭᠴᠣ︾ ᠨᠢ ᠭᠠᠴᠠᠭ᠎ᠠ ᠨᠤᠭᠤᠳ ᠤᠨ ᠭᠠᠵᠠᠷ ᠪᠣᠯᠭᠠᠨ ᠢᠶᠠᠷ ᠶᠠᠪᠤᠵᠤ᠂ ᠨᠠᠮ ᠤᠨ ᠤᠨᠤᠯ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠵᠦ ᠦᠷ᠎ᠡ ᠵᠢᠮᠢᠰ ᠰᠠᠭᠤᠯᠭᠠᠪᠠ᠃ ︽ᠤᠯᠠᠭᠠᠨ ᠪᠣᠭᠴᠣ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠬᠠᠯᠠᠭᠤᠨ ᠬᠦᠢᠲᠡᠨ ᠡᠳᠦᠷ ᠬᠤᠨᠤᠭ ᠢ ᠥᠩᠭᠡᠷᠡᠭᠡᠵᠦ᠂ ᠦᠶ᠎ᠡ ᠤᠯᠠᠷᠢᠨ ᠤᠯᠠᠮᠵᠢᠯᠠᠭᠳᠠᠨ᠎ᠠ ᠁      ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠼᠦᠩ ᠮᠧᠶ᠄ ︽ᠪᠢᠳᠡ ︿ᠤᠯᠠᠭᠠᠨ ᠪᠣᠭᠴᠣ﹀ ᠨᠡᠭᠦᠳᠡᠯ ᠪᠣᠯᠪᠠᠰᠤᠨ ᠤ ᠦᠢᠯᠡᠳᠦᠯᠭᠡ ᠶᠢᠨ ᠵᠠᠭᠪᠤᠷ ᠢ ᠦᠷᠭᠦᠯᠵᠢᠯᠡᠨ ᠳᠡᠯᠭᠡᠷᠡᠭᠦᠯᠵᠦ᠂ ︿ᠤᠯᠠᠭᠠᠨ ᠪᠣᠭᠴᠣ﹀ ᠪᠠᠷ ᠳᠠᠮᠵᠢᠭᠤᠯᠤᠨ ᠮᠠᠯᠴᠢᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠵᠤ᠂ ︿ᠤᠯᠠᠭᠠᠨ ᠪᠣᠭᠴᠣ﹀ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠣᠯᠠᠨ ᠲᠦᠮᠡᠨ ᠳᠤ ᠦᠢᠯᠡᠴᠢᠯᠡᠬᠦ ᠦᠢᠯᠡᠳᠦᠯ ᠢ ᠦᠨᠡᠨ ᠬᠦ ᠳᠡᠯᠭᠡᠷᠡᠭᠦᠯᠦᠨ ᠥᠷᠭᠡᠳᠬᠡᠨ᠎ᠡ︾ ᠭᠡᠵᠦ ᠬᠡᠯᠡᠪᠡ᠃          ᠣᠷᠴᠢᠭᠤᠯᠤᠭᠴᠢ᠄ ᠴᠢᠮᠡᠭ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠨᠤᠲᠤᠭ ᠪᠡᠯᠴᠢᠭᠡᠷ ᠤᠨ ᠬᠠᠮ ᠵᠠᠭᠤᠴᠢᠯᠠᠭᠤᠷ