ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2023 ᠣᠨ ᠤ ᠦᠨᠳᠦᠰᠦᠲᠡᠨ ᠤ ᠭᠠᠵᠠᠷ ᠣᠷᠣᠨ ᠤ ᠰᠣᠨᠢᠨ ᠮᠡᠳᠡᠭᠡᠨ ᠤ ᠵᠠᠯᠠᠭᠤ ᠠᠵᠢᠯᠲᠠᠳ ᠤᠨ ᠲᠣᠭᠤᠷᠢᠨ ᠪᠠᠶᠢᠴᠠᠭᠠᠬᠤ ᠠᠵᠢᠯᠯᠠᠭ᠎ᠠ ᠳᠤ ᠠᠵᠢᠯᠲᠠᠨ ᠲᠣᠮᠢᠯᠠᠵᠤ ᠣᠷᠣᠯᠴᠠᠭᠤᠯᠪᠠ
ᠨᠡᠶᠢᠲᠡᠯᠡᠭᠰᠡᠨ ᠴᠠᠭ᠄
2023/3/22
      3 ᠳ᠋ᠤᠭᠠᠷ ᠰᠠᠷ᠎ᠠ ᠶᠢᠨ 10 ᠤ ᠡᠳᠦᠷ᠂ ︽ᠰᠢᠨ᠎ᠡ ᠡᠷᠡᠨ ᠰᠢᠯᠢᠳᠡᠭ ᠵᠠᠯᠠᠭᠤᠴᠤᠳ᠂ ᠠᠨᠠᠷ ᠤᠨ ᠴᠡᠴᠡᠭ ᠳᠡᠯᠭᠡᠷᠡᠨᠡᠮ︾ ᠭᠡᠬᠦ 2023 ᠣᠨ ᠤ ᠦᠨᠳᠦᠰᠦᠲᠡᠨ ᠤ ᠭᠠᠵᠠᠷ ᠣᠷᠣᠨ ᠤ ᠰᠣᠨᠢᠨ ᠮᠡᠳᠡᠭᠡᠨ ᠤ ᠵᠠᠯᠠᠭᠤ ᠠᠵᠢᠯᠲᠠᠳ ᠤᠨ ᠲᠣᠭᠤᠷᠢᠨ ᠪᠠᠶᠢᠴᠠᠭᠠᠬᠤ ᠠᠵᠢᠯᠯᠠᠭ᠎ᠠ ᠪᠡᠭᠡᠵᠢᠩ ᠤᠨ ᠦᠨᠳᠦᠰᠦᠲᠡᠨ ᠤ ᠰᠣᠶᠣᠯ ᠤᠨ ᠣᠷᠳᠣᠨ ᠳᠤ ᠡᠬᠢᠯᠡᠯᠲᠡ ᠶᠢᠨ ᠶᠣᠰᠣᠯᠠᠯ ᠶᠠᠪᠤᠭᠤᠯᠪᠠ᠂ ᠤᠯᠤᠰ ᠤᠨ ᠦᠨᠳᠦᠰᠦᠲᠡᠨ ᠤ ᠵᠥᠪᠯᠡᠯ ᠤᠨ ᠰᠣᠶᠣᠯ ᠤᠬᠠᠭᠤᠯᠭ᠎ᠠ ᠶᠢᠨ ᠵᠤᠷᠭᠠᠨ ᠤ ᠳᠠᠷᠤᠭ᠎ᠠ ᠭᠦᠸᠧ ᠵᠢᠶᠠᠨ ᠮᠢᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠤᠷᠭᠠᠨ ᠤ ᠳᠡᠳ᠋ ᠳᠠᠷᠤᠭ᠎ᠠ ᠶᠠᠩ ᠰᠢᠶᠠᠨ ᠡᠾᠦ᠋ᠢ᠂ ᠳᠤᠮᠳᠠᠳᠤ ᠶᠢᠨ ᠦᠨᠳᠦᠰᠦᠲᠡᠨ ᠰᠣᠨᠢᠨ ᠤ ᠬᠤᠷᠢᠶᠠᠨ ᠳᠠᠷᠤᠭ᠎ᠠ ᠯᠢ ᡁᠢ ᠸᠧᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠶᠠᠷᠢᠪᠠ᠃      ᠲᠣᠰ ᠤᠳᠠᠭᠠᠨ ᠤ ᠠᠵᠢᠯᠯᠠᠭ᠎ᠠ ᠶᠢ ᠤᠯᠤᠰ ᠤᠨ ᠦᠨᠳᠦᠰᠦᠲᠡᠨ ᠤ ᠵᠥᠪᠯᠡᠯ ᠠᠴᠠ ᠵᠢᠭᠠᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠰᠣᠨᠢᠨ ᠤ ᠬᠤᠷᠢᠶ᠎ᠠ ᠠᠴᠠ ᠭᠤᠣᠯᠯᠠᠨ ᠡᠷᠭᠢᠯᠡᠵᠦ᠂ ᠤᠯᠤᠰ ᠤᠨ ᠦᠨᠳᠦᠰᠦᠲᠡᠨ ᠤ ᠵᠥᠪᠯᠡᠯ ᠤᠨ ︽ᠭᠤᠷᠪᠠᠨ ᠵᠦᠢᠯ ᠤᠨ ᠲᠥᠯᠥᠪᠯᠡᠭᠡ︾ ᠳᠣᠲᠣᠷᠠᠬᠢ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ᠳᠠᠬᠢ ᠵᠢᠱᠢᠶ᠎ᠡ ᠦᠵᠡᠭᠦᠯᠬᠦ ᠲᠤᠷᠰᠢᠯᠲᠠ ᠶᠢᠨ ᠲᠥᠷᠥᠯ ᠵᠦᠢᠯ ᠪᠣᠯᠣᠨ᠎ᠠ᠃ ᠯᠢ ᡁᠢ ᠸᠧᠢ ᠭᠤᠣᠯᠯᠠᠨ ᠡᠷᠬᠢᠯᠡᠭᠰᠡᠡ ᠪᠠᠶᠢᠭᠤᠯᠭ᠎ᠠ ᠶᠢ ᠲᠥᠯᠥᠭᠡᠯᠡᠨ ᠠᠵᠢᠯᠯᠠᠭ᠎ᠠ ᠳᠤ ᠣᠷᠣᠯᠴᠠᠭᠰᠠᠨ ᠠᠵᠢᠯᠲᠠᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠵᠣᠷᠢᠯᠭ᠎ᠠ ᠪᠣᠯᠣᠨ ᠠᠴᠢ ᠬᠤᠯᠪᠣᠭᠳᠠᠯ ᠢ ᠲᠠᠨᠢᠯᠴᠠᠭᠤᠯᠵᠤ᠂ ᠰᠣᠨᠢᠨ ᠮᠡᠳᠡᠭᠡᠨ ᠤ ᠠᠵᠢᠯᠲᠠᠳ ᠤᠨ ᠲᠤᠰ ᠤᠳᠠᠭᠠᠨ ᠤ ᠲᠣᠭᠤᠷᠢᠨ ᠪᠠᠶᠢᠴᠠᠭᠠᠬᠤ ᠠᠵᠠ ᠲᠣᠬᠢᠶᠠᠯ ᠢ ᠰᠠᠶᠢᠲᠤᠷ ᠠᠰᠢᠭᠯᠠᠨ ᠪᠣᠯᠪᠠᠰᠤᠷᠠᠯ ᠢᠶᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠤᠯᠠᠮᠵᠢᠯᠠᠬᠤ ᠶᠢ ᠵᠣᠷᠢᠭᠵᠢᠭᠤᠯᠪᠠ᠃      ᠲᠣᠰ ᠤᠳᠠᠭᠠᠨ ᠤ ᠪᠠᠶᠢᠴᠠᠭᠠᠬᠤ ᠪᠦᠯᠬᠦᠮ ᠨᠢ ᠰᠢᠨᠵᠢᠶᠠᠩ᠂ ᠲᠥᠪᠡᠳ᠂ ᠥᠪᠥᠷ ᠮᠣᠩᠭᠤᠯ᠂ ᠭᠠᠨᠰᠤ ᠠᠴᠠ ᠢᠷᠡᠭᠰᠡᠨ ᠡᠯ᠎ᠡ ᠦᠨᠳᠦᠰᠦᠲᠡᠨ ᠤ 20 ᠰᠣᠨᠢᠨ ᠮᠡᠳᠡᠭᠡᠨ ᠤ ᠵᠠᠯᠠᠭᠤ ᠠᠵᠢᠯᠲᠠᠨ ᠢᠶᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠵᠢᠴᠢ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠵᠥᠪᠯᠡᠯ ᠤᠨ ᠮᠡᠳᠡᠭᠡ ᠵᠠᠩᠭᠢ ᠤᠬᠠᠭᠤᠯᠬᠤ ᠠᠵᠢᠯ ᠢ ᠪᠣᠳᠠᠲᠠᠢ ᠬᠠᠷᠢᠭᠤᠴᠠᠵᠤ ᠪᠠᠶᠢᠭ᠎ᠠ 4 ᠨᠥᠬᠦᠳ ᠠᠵᠢᠯᠯᠠᠭ᠎ᠠ ᠳᠤ ᠣᠷᠣᠯᠴᠠᠪᠠ᠃ 9 ᠡᠳᠦᠷ ᠤᠨ ᠠᠵᠢᠯᠯᠠᠭᠠᠨ ᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠪᠦᠯᠬᠦᠮ ᠤᠨ ᠬᠢᠨ ᠬᠠᠭᠠᠨ ᠤ ᠣᠷᠳᠣᠨ ᠤ ᠮᠦᠽᠧᠢ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠳᠤᠷᠠᠰᠬᠠᠯ ᠤᠨ ᠣᠷᠳᠣᠨ ᠢᠶᠠᠷ ᠲᠣᠭᠤᠷᠢᠵᠤ᠂ ᠴᠠᠭᠠᠨ ᠬᠡᠷᠡᠮ ᠭᠤᠣᠯ ᠰᠡᠳᠦᠪᠲᠦ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠥᠷᠨᠢᠭᠦᠯᠪᠡ᠂ ᠪᠠᠰᠠ ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ ᠪᠠᠷ ᠰᠤᠷᠪᠤᠯᠵᠢᠯᠠᠵᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠶᠢ ᠰᠣᠨᠣᠰᠴᠤ᠂ ᠪᠡᠭᠡᠵᠢᠩ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠵᠠᠯᠠᠭᠤ ᠠᠵᠢᠯᠲᠠᠳ ᠲᠠᠢ ᠬᠠᠮᠲᠤ ᠪᠠᠷ ᠰᠤᠷᠤᠯᠴᠠᠵᠤ ᠬᠠᠮᠲᠤ ᠪᠠᠷ ᠵᠤᠭᠠᠴᠠᠵᠤ ᠬᠠᠷᠢᠯᠴᠠᠨ ᠰᠠᠨᠠᠯ ᠢᠶᠠᠨ ᠰᠣᠯᠢᠯᠴᠠᠪᠠ᠃          ᠣᠷᠴᠢᠭᠤᠯᠤᠭᠴᠢ᠄ ᠴᠢᠮᠡᠭ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠠᠯᠪᠠᠨ ᠬᠡᠷ