3 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠤᠯ ᠬᠡᠷᠡᠭᠯᠡᠬᠡᠨ | ᠤ ᠲᠥᠪ ᠤᠨ ᠨᠠᠮ ᠤᠨ ᠡᠭᠦᠷ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠠᠷᠤ | ᠲᠠᠯ᠎ᠠ ᠶᠢᠨ ᠦᠶᠯᠡᠴᠢᠯᠡᠭᠡᠨ ᠤ ᠲᠥᠪ ᠤᠨ ᠨᠠᠮ ᠤᠨ ᠡᠭᠦᠷ ᠲᠦᠮᠡᠳ ᠵᠡᠭᠦᠨ ᠬᠤᠰᠢᠭᠤᠨ ᠤ ᠴᠠᠭᠠᠨ ᠰᠦᠮ᠎ᠡ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ | ᠳᠤ ᠬᠦᠷᠴᠦ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠯᠢᠭᠡᠷ ᠳᠠᠭᠤᠷᠢᠶᠠᠯ ᠤᠨ ᠬᠦᠴᠦᠨ ᠢ ᠦᠶᠯᠡᠳᠦᠯᠭᠡᠵᠢᠭᠦᠯᠬᠦ︾ ᠰᠠᠶᠢᠨ ᠳᠤᠷ᠎ᠠ ᠶᠢᠨ | ᠦᠶᠯᠡᠴᠢᠯᠡᠭᠡᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠪᠠ᠂ ᠲᠤᠰ ᠤᠳᠠᠭᠠᠨ ᠤ ᠠᠵᠢᠯᠯᠠᠭ᠎ᠠ ᠳᠤ 20 ᠭᠠᠷᠤᠶ ᠨᠠᠮ ᠤᠨ ᠭᠡᠰᠢᠭᠦᠨ | ᠤᠷᠤᠯᠴᠠᠵᠠᠢ᠃ | ᠠᠵᠢᠯᠯᠠᠭ᠎ᠠ ᠳᠤᠮᠳᠠ᠂ ᠰᠠᠶᠢᠨ ᠳᠤᠷᠠᠴᠤᠳ ᠨᠠᠰᠤᠲᠠᠶᠢᠴᠤᠳ ᠲᠤ ᠵᠢᠮᠢᠰ᠂ ᠬᠥᠪᠥᠩ ᠬᠤᠪᠴᠠᠰᠤ᠂ ᠠᠷᠢᠭᠤᠳᠬᠠᠬᠤ ᠬᠡᠷᠡᠭᠰᠡᠯ ᠵᠡᠷᠭᠡ ᠠᠮᠢᠳᠤᠷᠠᠯ ᠤᠨ ᠡᠳ᠋ | ᠪᠣᠳᠠᠰ ᠬᠦᠷᠭᠡᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠵᠢᠯᠲᠠᠳ ᠲᠠᠢ ᠬᠠᠮᠲᠤ ᠪᠠᠷ ᠬᠠᠶᠢᠷ᠎ᠠ ᠬᠠᠯᠠᠮᠵᠢ ᠶᠢᠨ ᠪᠠᠩᠰᠢ ᠪᠠᠷᠢᠵᠤ᠂ ᠨᠠᠰᠤᠳᠠᠳ ᠲᠤ ᠬᠠᠯᠠᠭᠤᠨ | ᠠᠭᠤᠷ ᠰᠠᠪᠰᠠᠯᠠᠭᠰᠠᠨ ᠪᠠᠩᠰᠢ ᠢᠳᠡᠭᠦᠯᠵᠡᠢ᠃ | | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠮᠦᠷᠳᠡᠬᠡᠨ ᠨᠠᠰᠤᠳᠠᠳ ᠲᠤ ᠬᠠᠯᠠᠭᠤᠨ | ᠲᠤᠯᠠᠭᠠᠨ ᠬᠠᠶᠢᠷ᠎ᠠ ᠬᠠᠯᠠᠮᠵᠢ ᠬᠦᠷᠬᠡᠵᠦ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠬᠦᠨᠳᠦᠳᠬᠡᠬᠦ᠂ ᠨᠠᠰᠤᠳᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠵᠠᠩ | ᠰᠤᠷᠲᠠᠯ ᠪᠠ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷ ᠤᠨ ᠡᠬᠦᠷᠬᠡ ᠬᠠᠷᠢᠭᠤᠴᠠᠯᠭ᠎ᠠ ᠶᠢ ᠢᠯᠡᠷᠡᠬᠦᠯᠵᠡᠢ᠂ ᠰᠤᠳᠤᠯᠤᠯ ᠬᠡᠷᠡᠭᠯᠡᠭᠡᠨ ᠤ ᠲᠥᠪ ︽ᠪᠦᠬᠦ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠵᠢᠱᠢᠶᠡᠴᠢ ᠳᠠᠭᠠᠭᠤᠯᠤᠭᠴᠢ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠬᠦᠯᠦᠨ ᠳᠠᠭᠠᠭᠤᠯᠬᠤ ᠦᠶᠯᠡᠳᠦᠯ ᠵᠢᠴᠢ ︽︿ᠠᠨᠠᠷ ᠤᠨ ᠦᠷ᠎ᠡ e ᠳᠠᠪᠴᠠᠩ﹀ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠬᠥᠭ ᠠᠶᠠᠰ ᠢ ᠬᠠᠩᠭᠢᠨᠠᠭᠤᠯᠬᠤ︾ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠤᠨᠴᠠᠯᠢᠭᠳᠤ ᠰᠢᠨ᠎ᠡ | ᠶᠢ ᠡᠭᠦᠳᠦᠭᠰᠡᠨ ᠵᠢᠱᠢᠶ᠎ᠡ ᠶᠢᠨ ᠬᠥᠲᠥᠯᠥᠨ ᠳᠠᠭᠠᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠯᠧᠢ ᠹᠧᠩ | ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠶ ᠡᠵᠡᠮᠰᠢᠬᠦ ᠶᠢ ᠬᠥᠲᠥᠯᠥᠨ ᠵᠢᠯᠤᠭᠤᠳᠴᠦ᠂ ︽ᠬᠥᠮᠦᠨ ᠪᠦᠬᠦᠨ ᠰᠠᠶᠢᠨ ᠳᠤᠷ᠎ᠠ ᠶᠢᠨ | ᠦᠶᠯᠡᠴᠢᠯᠡᠭᠡ ᠳᠤ ᠣᠷᠣᠯᠴᠠᠬᠤ᠂ ᠬᠥᠮᠦᠨ ᠪᠦᠬᠦᠨ ᠤᠳᠤ ᠦᠶ᠎ᠡ ᠶᠢᠨ ᠬᠤᠰᠢᠭᠤᠴᠢ ᠪᠣᠯᠬᠤ ᠪᠠᠷ ᠴᠢᠷᠮᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠪᠠᠨ ᠠᠭᠤᠰᠬᠠᠨ ᠪᠠᠶᠢᠩᠭᠤᠵᠢᠭᠤᠯᠵᠤ᠂ ᠯᠧᠢ ᠹᠧᠩ ᠤᠨ ᠵᠣᠷᠢᠭ | ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠢᠯᠡᠭᠦᠦ ᠤᠯᠠᠮᠵᠢᠯᠠᠨ ᠪᠠᠳᠠᠷᠠᠭᠤᠯᠬᠤ ᠪᠠᠷ ᠴᠢᠷᠮᠠᠶᠢᠪᠠ᠃ | | | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |