ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ | ᠮᠠᠲ᠋ᠧᠷᠢᠶᠠᠯ ᠥᠪᠥᠷ ᠵᠠᠰᠠᠭ ᠠᠯᠪᠠᠨ ᠲᠠᠷᠬᠠᠭᠠᠭᠰᠠᠨ ︹2022︺ 85 ᠳ᠋ᠤᠭᠠᠷ ᠲᠣᠭᠠᠲᠤ | | | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ | ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹2019︺ 17 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠬᠠᠮᠲᠤ ᠶᠢᠨ | ᠵᠠᠰᠠᠯᠲᠠ ᠶᠢᠨ ᠪᠡᠶᠡᠯᠡᠭᠳᠡᠯ ᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ | ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠡᠳᠦᠭᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ | ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠵᠠᠰᠠᠭ ᠤᠨ | ᠣᠷᠳᠣᠨ ᠠᠴᠠ ᠠᠬᠢᠭᠤᠯᠬᠤ᠂ ᠡᠷᠬᠡ ᠲᠡᠭᠰᠢ ᠪᠠᠷ ᠥᠷᠢᠰᠦᠯᠳᠦᠬᠦ᠂ ᠣᠯᠠᠨ ᠲᠠᠯ᠎ᠠ ᠶᠢᠨ ᠬᠢᠨ ᠬᠦᠷᠲᠡᠬᠦ︾ ᠵᠠᠷᠴᠢᠮ ᠶᠣᠰᠣᠭᠠᠷ᠂ ᠢᠳᠡᠭᠡᠨ ᠤ ᠠᠮᠤᠷ ᠲᠦᠪᠰᠢᠨ ᠳᠠᠬᠢ | ᠬᠠᠷᠢᠶᠠᠲᠤ ᠣᠷᠣᠨ ᠤ ᠬᠠᠷᠢᠭᠤᠴᠠᠯᠭ᠎ᠠ ᠪᠠ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ | ᠠᠯᠬᠤᠮ ᠴᠢᠩᠭᠠᠳᠬᠠᠨ᠂ ᠳᠠᠭᠠᠳᠬᠠᠯ ᠤᠨ ᠲᠦᠭᠰᠢᠭᠦᠷᠢ ᠶᠢᠨ ᠬᠠᠮᠢᠶᠠᠷᠤᠯᠲᠠ ᠪᠠ ᠠᠵᠤ ᠠᠬᠤᠢ ᠶᠢᠨ ᠨᠥᠬᠦᠪᠦᠷᠢ ᠶᠢᠨ ᠴᠢᠳᠠᠮᠵᠢ ᠶᠢ ᠪᠠᠳᠠᠷᠠᠭᠤᠯᠵᠤ᠂ ᠢᠳᠡᠭᠡᠨ ᠤ | ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠨᠡᠷᠡᠳᠬᠦᠨ᠂ ᠦᠢᠯᠡᠴᠢᠯᠡᠭᠡ᠂ ᠬᠠᠮᠢᠶᠠᠷᠤᠯᠲᠠ ᠪᠠ ᠮᠡᠷᠭᠡᠵᠢᠯ ᠤᠨ | ᠰᠢᠨᠡᠴᠢᠯᠡᠯᠲᠡ ᠶᠢᠨ ᠴᠢᠳᠠᠪᠤᠷᠢ ᠶᠢ ᠴᠢᠩᠭᠠᠳᠬᠠᠵᠤ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠢ ᠳᠠᠭᠠᠳᠬᠠᠭᠤᠯᠬᠤ ᠪᠠᠷ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠡᠯᠪᠡᠷᠢ ᠶᠢ ᠰᠢᠯᠢᠳᠡᠭᠵᠢᠭᠦᠯᠵᠦ᠂ ᠨᠡᠶᠢᠭᠡᠮ ᠤᠨ ᠵᠠᠰᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠢᠳᠡᠭᠡᠨ ᠤ ᠠᠮᠤᠷ | ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠬᠤᠶᠠᠷ︶ ᠠᠵᠢᠯ ᠤᠨ ᠬᠠᠷᠠᠯᠲᠠ᠃ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ | ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠲᠦᠭᠡᠮᠡᠯᠵᠢᠭᠦᠯᠬᠦ ᠵᠠᠭᠪᠤᠷ ᠢ ᠪᠠᠶᠢᠭᠤᠯᠤᠨ᠂ ︽ᠳᠠᠭᠠᠳᠬᠠᠯ ᠤᠨ ᠵᠠᠷᠤᠳᠠᠯ ᠪᠠᠭ᠎ᠠ᠂ | ᠳᠠᠭᠠᠳᠬᠠᠯ ᠤᠨ ᠮᠥᠩᠭᠦ ᠶᠡᠭᠡ᠂ ᠪᠠᠲᠤᠯᠠᠬᠤ ᠬᠡᠪᠴᠢᠶ᠎ᠡ ᠥᠷᠭᠡᠨ︾ ᠢᠳᠡᠭᠡᠨ ᠤ ᠠᠮᠤᠷ ᠲᠦᠪᠰᠢᠨ ᠤ ᠬᠠᠮ ᠳᠠᠭᠠᠳᠬᠠᠯ ᠢ ᠰᠤᠳᠤᠯᠵᠤ ᠬᠥᠭᠵᠢᠭᠦᠯᠬᠦ ᠶᠢ | ᠵᠣᠷᠢᠭᠵᠢᠭᠤᠯᠵᠤ᠂ ᠣᠯᠠᠨ ᠡᠰᠢᠲᠦ ᠨᠡᠷᠡᠳᠬᠦᠨ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠰᠥᠪᠯᠡᠵᠦ᠂ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ | 2025 ᠣᠨ ᠪᠣᠯᠬᠤ ᠳᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ | ᠦᠷᠭᠦᠯᠵᠢᠯᠡᠬᠦ᠋ᠢᠴᠡ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠠᠶᠢᠭᠤᠯᠬᠤ ᠪᠠᠷ ᠴᠢᠷᠮᠠᠶᠢᠨ᠎ᠠ᠃ | ᠬᠤᠶᠠᠷ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ | ︵ᠭᠤᠷᠪᠠ︶ ᠳᠠᠭᠠᠳᠬᠠᠯ ᠤᠨ ᠨᠡᠷᠡᠳᠬᠦᠨ ᠢ ᠰᠢᠯᠢᠳᠡᠭᠵᠢᠭᠦᠯᠦᠨ᠎ᠡ᠃ ᠳᠠᠭᠠᠳᠬᠠᠯ ᠤᠨ ᠪᠠᠶᠢᠭᠤᠯᠤᠮᠵᠢ ᠨᠢ ᠳᠠᠭᠠᠳᠬᠠᠯ ᠳᠤ ᠳᠠᠭᠠᠣᠡᠬᠠᠭᠤᠯᠬᠤ ᠠᠵᠤ | ᠠᠬᠤᠶᠢᠯᠠᠯ ᠤᠨ ᠠᠵᠢᠯ ᠲᠥᠷᠥᠯ ᠤᠨ ᠲᠥᠷᠥᠯ ᠬᠡᠯᠪᠡᠷᠢ᠂ ᠦᠢᠯᠡᠳᠪᠦᠷᠢᠯᠡᠨ ᠡᠵᠡᠩᠨᠡᠬᠦ ᠬᠡᠪᠴᠢᠶ᠎ᠡ᠂ ᠥᠩᠭᠡᠷᠡᠭᠰᠡᠨ ᠤ ᠬᠤᠬᠢᠷᠠᠯ ᠵᠡᠷᠭᠡ ᠪᠠᠶᠢᠳᠠᠯ ᠢ ᠶᠡᠷᠦᠩᠬᠡᠶᠢᠯᠡᠨ | ᠪᠣᠳᠣᠯᠬᠢᠯᠠᠵᠤ᠂ ᠲᠦᠭᠰᠢᠭᠦᠷᠢ ᠶᠢᠨ ᠬᠤᠬᠢᠷᠠᠯ ᠤᠨ ᠵᠠᠷᠴᠢᠮ ᠶᠣᠰᠣᠭᠠᠷ᠂ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠬᠡᠯᠪᠡᠯᠵᠡᠯᠲᠡ ᠶᠢᠨ ᠲᠣᠭᠲᠠᠴᠠ ᠶᠢ ᠪᠠᠶᠢᠭᠤᠯᠵᠤ᠂ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ | ᠬᠥᠰᠢᠭᠦᠷᠭᠡ ᠶᠢᠨ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠨᠳᠦᠰᠦᠨ ᠬᠠᠷᠢᠭᠤᠴᠠᠯᠭ᠎ᠠ ᠶᠢᠨ ᠳᠠᠭᠠᠳᠬᠠᠯ + ᠨᠡᠮᠡᠯᠲᠡ ᠳᠠᠭᠠᠳᠬᠠᠯ︾ ᠢᠶᠠᠷ | ᠪᠦᠲᠦᠴᠡ ᠪᠣᠯᠭᠠᠨ᠂ ︽ᠰᠦᠢᠳᠦᠯ ᠤᠨ ᠲᠥᠯᠥᠪᠦᠷᠢ + ᠵᠠᠷᠤᠳᠠᠯ ᠤᠨ ᠨᠥᠬᠦᠪᠦᠷᠢ︾ ᠪᠠᠷ ᠴᠢᠭᠯᠡᠯ ᠪᠣᠯᠭᠠᠵᠤ᠂ ᠳᠠᠭᠠᠳᠬᠠᠯ ᠤᠨ ᠰᠢᠨ᠎ᠡ ᠨᠡᠷᠡᠳᠬᠦᠨ ᠢ ᠢᠳᠡᠪᠬᠢᠲᠡᠢ | ᠨᠡᠭᠡᠭᠡᠨ ᠬᠥᠭᠵᠢᠭᠦᠯᠬᠦ ᠬᠡᠷᠡᠭᠲᠡᠢ᠃ ᠢᠳᠡᠭᠡᠨ ᠦᠢᠯᠡᠳᠪᠦᠷᠢᠯᠡᠬᠦ ᠡᠵᠡᠩᠨᠡᠬᠦ ᠨᠢᠭᠡᠴᠢ ᠶᠢᠨ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠲᠥᠯᠥᠪ᠂ ᠲᠦᠭᠰᠢᠭᠦᠷᠢ ᠶᠢᠨ | ᠣᠨᠴᠠᠯᠢᠭ ᠵᠡᠷᠭᠡ ᠶᠢ ᠦᠨᠳᠦᠰᠦᠯᠡᠨ ᠨᠡᠷᠡᠳᠬᠦᠨ ᠤ ᠳᠠᠭᠠᠳᠬᠠᠯ᠂ ᠡᠭᠡᠭᠦᠯᠦᠨ ᠠᠪᠴᠤ ᠲᠥᠯᠥᠪᠦᠷᠢ ᠥᠭᠬᠦ ᠳᠠᠭᠠᠳᠬᠠᠯ᠂ ᠬᠠᠮᠲᠤ ᠴᠣᠭᠴᠠ ᠶᠢᠨ ᠳᠠᠭᠠᠳᠬᠠᠯ | ᠮᠡᠲᠦ ᠶᠢᠨ ᠣᠯᠠᠨ ᠡᠰᠢᠲᠦ ᠳᠠᠭᠠᠳᠬᠠᠯ ᠤᠨ ᠨᠡᠷᠡᠳᠬᠦᠨ ᠢ ᠲᠥᠯᠥᠪᠯᠡᠨ ᠨᠡᠭᠡᠭᠡᠨ ᠬᠥᠭᠵᠢᠭᠦᠯᠵᠦ᠂ ᠳᠠᠭᠠᠳᠬᠠᠯ ᠤᠨ ᠬᠠᠷᠢᠭᠤᠴᠠᠯᠭ᠎ᠠ ᠶᠢᠨ ᠬᠡᠪᠴᠢᠶ᠎ᠡ ᠪᠠ ᠲᠥᠯᠥᠪᠦᠷᠢ | ᠲᠥᠯᠥᠬᠦ ᠶᠠᠪᠤᠴᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯ ᠵᠤᠷᠪᠤᠰ ᠢ ᠵᠣᠬᠢᠰᠲᠠᠢ ᠪᠠᠷ ᠴᠥᠭᠡᠳᠬᠡᠨ᠂ ᠵᠠᠬ᠎ᠠ ᠳᠡᠯᠭᠡᠭᠦᠷ ᠤᠨ ᠡᠯ᠎ᠡ | ᠲᠥᠷᠥᠯ ᠤᠨ ᠭᠤᠣᠯ ᠴᠣᠭᠴᠠ ᠶᠢᠨ ᠠᠳᠠᠯᠢ ᠪᠤᠰᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠤᠰᠬᠠᠢ ᠬᠠᠷᠢᠶᠠᠯᠠᠯ ᠤᠨ | ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠵᠦ᠂ ᠤᠤᠯ ᠤᠨ ᠳᠠᠭᠠᠳᠬᠠᠯ ᠤᠨ ᠨᠡᠷᠡᠳᠬᠦᠨ ᠤ ᠬᠠᠨᠳᠤᠯᠭᠠᠲᠤ ᠴᠢᠨᠠᠷ ᠰᠤᠯᠠ᠂ ᠪᠠᠲᠤᠯᠠᠭ᠎ᠠ ᠴᠥᠭᠡᠨ᠂ ᠬᠠᠩᠰᠢ | ᠥᠨᠳᠥᠷ᠂ ᠲᠥᠯᠥᠪᠦᠷᠢ ᠲᠥᠯᠥᠬᠦ ᠳᠤ ᠬᠦᠴᠢᠷ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠳᠠᠭᠠᠳᠬᠠᠯ ᠳᠤ ᠥᠷᠭᠦᠯᠵᠢᠯᠡᠨ ᠣᠷᠤᠯᠴᠠᠬᠤ ᠠᠵᠤ | ᠠᠬᠤᠶᠢᠯᠠᠯ ᠨᠢᠭᠡᠴᠢ ᠨᠦᠭᠦᠳ ᠲᠤ ᠤᠷᠮᠠᠰᠢᠭᠤᠯᠤᠯ ᠤᠨ ᠳᠥᠷᠥ ᠶᠢᠨ ᠪᠣᠳᠣᠯᠭ᠎ᠠ ᠬᠠᠩᠭᠠᠵᠤ᠂ ᠢᠳᠡᠭᠡᠨ ᠦᠢᠯᠡᠳᠪᠦᠷᠢᠯᠡᠭᠴᠢ ᠡᠵᠡᠩᠨᠡᠭᠴᠢᠳ ᠤᠨ ᠤᠬᠠᠮᠰᠠᠷ ᠠᠴᠠ ᠪᠠᠨ | ᠳᠠᠭᠠᠳᠬᠠᠯ ᠳᠤ ᠣᠷᠤᠯᠴᠠᠬᠤ ᠳᠣᠲᠣᠭᠠᠳᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠵᠠᠬ᠎ᠠ ᠳᠡᠯᠭᠡᠭᠦᠷ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠤᠨ᠎ᠠ᠃ ᠳᠠᠭᠠᠳᠬᠠᠯ ᠤᠨ ᠵᠠᠭᠪᠤᠷ ᠤᠨ ᠰᠢᠨᠡᠴᠢᠯᠡᠯᠲᠡ ᠶᠢ ᠵᠣᠷᠢᠭᠵᠢᠭᠤᠯᠵᠤ᠂ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠢᠶᠠᠳᠠᠬᠤ ᠲᠠᠯ᠎ᠠ ᠤᠨ ᠬᠢᠨ ᠵᠠᠭᠤᠴᠢᠯᠠᠬᠤ ᠺᠤᠮᠫᠠᠨᠢ ᠶᠢ ᠲᠣᠬᠢᠷᠠᠮᠵᠢᠲᠠᠢ ᠴᠠᠭ ᠲᠤ | ᠣᠷᠣᠭᠤᠯᠤᠨ ᠠᠪᠴᠢᠷᠠᠵᠤ᠂ ᠳᠠᠭᠠᠳᠬᠠᠯ ᠤᠨ ᠪᠠᠶᠢᠭᠤᠯᠤᠮᠵᠢ ᠶᠢᠨ ︽ᠬᠠᠮᠵᠢᠶ᠎ᠠ ᠳᠠᠭᠠᠳᠬᠠᠯ ᠤᠨ ᠴᠣᠭᠴᠠ︾ ᠬᠡᠯᠪᠡᠷᠢ ᠪᠠᠷ ᠬᠠᠮᠲᠤᠷᠠᠨ ᠳᠠᠭᠠᠳᠬᠠᠯ ᠳᠠᠭᠠᠭᠠᠬᠤ ᠶᠢ ᠨᠢ | ᠵᠣᠷᠢᠭᠵᠢᠭᠤᠯᠵᠤ᠂ ᠨᠢᠭᠡᠳᠦᠯᠲᠡᠢ ᠳᠠᠭᠠᠳᠬᠠᠯ ᠤᠨ ᠲᠥᠷᠥᠯ᠂ ᠨᠢᠭᠡᠳᠦᠯᠲᠡᠢ ᠵᠠᠷᠤᠳᠠᠯ ᠤᠨ ᠨᠤᠷᠮ᠎ᠠ᠂ ᠨᠢᠭᠡᠳᠦᠯᠲᠡᠢ ᠵᠦᠢᠯ ᠵᠤᠷᠪᠤᠰ᠂ ᠨᠢᠭᠡᠳᠦᠯᠲᠡᠢ ᠪᠠᠲᠤᠯᠠᠭ᠎ᠠ ᠶᠢᠨ | ᠬᠡᠪᠴᠢᠶ᠎ᠡ ᠶᠢᠨ ᠵᠠᠭᠪᠤᠷ ᠢ ᠬᠡᠷᠡᠭᠵᠢᠭᠦᠯᠵᠦ᠂ ᠠᠵᠢᠯ ᠲᠥᠷᠥᠯ ᠢᠶᠠᠷ ᠨᠢ ᠨᠢᠭᠡᠳᠦᠯᠲᠡᠢ ᠳᠠᠭᠠᠣᠡᠬᠠᠭᠤᠯᠬᠤ᠂ ᠣᠷᠣᠨ ᠪᠦᠰᠡ ᠶᠢᠨ ᠬᠢᠨ ᠲᠥᠪᠯᠡᠷᠡᠨ ᠳᠠᠭᠠᠳᠬᠠᠯ ᠳᠤ | ᠳᠠᠭᠠᠣᠡᠬᠠᠭᠤᠯᠬᠤ ᠵᠡᠷᠭᠡ ᠬᠡᠯᠪᠡᠷᠢ ᠪᠠᠷ ᠬᠠᠮᠲᠤ ᠴᠣᠭᠴᠠ ᠪᠠᠷ ᠢᠶᠠᠨ᠂ ᠪᠥᠭᠡᠮ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠠᠬᠢᠭᠤᠯᠤᠨ᠂ ᠳᠠᠭᠠᠳᠬᠠᠯ ᠤᠨ | ᠬᠡᠪᠵᠢᠶᠡᠵᠢᠯ ᠤᠨ ᠨᠥᠯᠥᠭᠡᠯᠡᠯ ᠢ ᠳᠡᠭᠡᠭᠰᠢᠯᠡᠭᠦᠯᠵᠦ᠂ ᠳᠠᠭᠠᠳᠬᠠᠯ ᠤᠨ ᠥᠪᠡᠷ ᠤᠨ ᠦᠷᠲᠡᠭ ᠢ ᠪᠠᠭᠤᠷᠠᠭᠤᠯᠬᠤ ᠬᠡᠷᠡᠭᠲᠡᠢ᠃ | ︵ᠲᠠᠪᠤ︶ ᠳᠠᠭᠠᠳᠬᠠᠯ ᠤᠨ ᠲᠥᠯᠥᠪᠦᠷᠢ ᠲᠥᠯᠥᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠠᠭᠠᠳᠬᠠᠯ ᠤᠨ ᠦᠢᠯᠡᠴᠢᠯᠡᠭᠡᠨ ᠤ ᠬᠡᠯᠪᠡᠷᠢ ᠶᠢ ᠰᠢᠨᠡᠴᠢᠯᠡᠵᠦ᠂ | ᠳᠠᠭᠠᠳᠬᠠᠯ ᠳᠤ ᠳᠠᠭᠠᠣᠡᠬᠠᠭᠤᠯᠣᠭᠰᠠᠨ ᠢᠳᠡᠭᠡᠨ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠨᠢᠭᠡᠴᠢ ᠨᠦᠭᠦᠳ ᠲᠤ ᠲᠦᠭᠰᠢᠭᠦᠷᠢ ᠶᠢᠨ ᠬᠠᠮᠢᠶᠠᠷᠤᠯᠲᠠ ᠶᠢᠨ | ᠦᠢᠯᠡᠴᠢᠯᠡᠭᠡ ᠬᠠᠩᠭᠠᠬᠤ ᠪᠠᠨ ᠴᠢᠩᠭᠠᠳᠬᠠᠵᠤ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠨᠢᠭᠡᠴᠢ ᠨᠦᠭᠦᠳ ᠤᠨ ᠲᠦᠭᠰᠢᠭᠦᠷᠢ ᠶᠢᠨ ᠲᠤᠬᠠᠢ | ᠬᠥᠮᠦᠵᠢᠯ ᠬᠢᠬᠦ ᠪᠠ ᠠᠳᠡᠯ ᠭᠠᠷᠬᠤ ᠠᠴᠠ ᠰᠡᠷᠭᠡᠶᠢᠯᠡᠬᠦ ᠬᠠᠮᠢᠶᠠᠷᠤᠯᠲᠠ ᠥᠷᠨᠢᠭᠦᠯᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠢᠯᠤᠭᠤᠳᠴᠤ᠂ ᠳᠠᠭᠠᠳᠬᠠᠯ ᠳᠤ | ᠳᠠᠭᠠᠣᠡᠬᠠᠭᠤᠯᠣᠭᠰᠠᠣᠨ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠠᠴᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠤᠨ | ᠪᠠᠶᠢᠭᠤᠯᠤᠮᠵᠢ ᠶᠢᠨ ᠲᠥᠯᠥᠪᠦᠷᠢ ᠲᠥᠯᠥᠬᠦ ᠮᠡᠳᠡᠭᠡ ᠵᠠᠩᠭᠢᠵᠢᠯᠲᠠ ᠶᠢᠨ ᠵᠠᠮ ᠮᠥᠷ ᠤᠨ ᠪᠠᠶᠢᠭᠤᠯᠤᠯᠲᠠ ᠶᠢ ᠳᠡᠮᠵᠢᠵᠦ᠂ ᠪᠠᠭ᠎ᠠ ᠲᠣᠭᠠᠨ ᠤ ᠲᠥᠯᠥᠪᠦᠷᠢ ᠶᠢᠨ ᠲᠥᠯᠥᠬᠦ | ᠶᠠᠪᠤᠴᠠ ᠶᠢ ᠴᠣᠮᠬᠠᠳᠬᠠᠵᠤ᠂ ᠲᠦᠷᠭᠡᠨ ᠰᠢᠢᠳᠪᠦᠷᠢᠯᠡᠬᠦ ᠴᠤᠪᠤᠷᠠᠯ ᠢ ᠲᠣᠳᠣᠷᠬᠠᠶᠢᠯᠠᠨ᠂ ᠳᠠᠭᠠᠳᠬᠠᠯ ᠤᠨ ᠲᠥᠯᠥᠪᠦᠷᠢ ᠲᠥᠯᠥᠬᠦ ᠬᠠᠷᠢᠭᠤᠴᠠᠯᠭ᠎ᠠ ᠶᠢ ᠨᠢ ᠴᠠᠭ | ᠲᠤᠬᠠᠢ ᠳᠤ ᠨᠢ ᠭᠦᠢᠴᠡᠳᠬᠡᠯᠭᠡᠬᠦ ᠬᠡᠷᠡᠭᠲᠡᠢ᠃ ᠬᠠᠷᠢᠭᠤᠴᠠᠯᠭ᠎ᠠ ᠨᠢ ᠲᠣᠳᠣᠷᠬᠠᠢ ᠢᠳᠡᠭᠡᠨ ᠤ ᠠᠮᠤᠷ ᠲᠦᠪᠰᠢᠨ ᠤ ᠠᠳᠡᠯ ᠳᠤ ᠳᠠᠭᠠᠳᠬᠠᠯ ᠤᠨ ᠪᠠᠶᠢᠭᠤᠯᠤᠮᠵᠢ ᠠᠴᠠ | ᠬᠤᠬᠢᠷᠠᠭᠴᠢᠳ ᠲᠤ ᠤᠷᠢᠳ ᠢᠶᠠᠷ ᠲᠦᠯᠣᠭᠦ ᠪᠤᠶᠤ ᠲᠥᠯᠥᠪᠦᠷᠢ ᠶᠢᠨ ᠮᠥᠩᠭᠦ ᠪᠠᠨ ᠤᠷᠢᠳᠴᠢᠯᠠᠨ ᠥᠭᠴᠦ᠂ ᠲᠥᠯᠥᠪᠦᠷᠢ ᠲᠥᠯᠥᠬᠦ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠳᠠᠷᠦ᠋ᠢᠬᠠᠨ ᠰᠢᠢᠳᠪᠦᠷᠢᠯᠡᠵᠦ᠂ ᠲᠥᠯᠥᠬᠦ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠬᠡᠷᠡᠭᠲᠡᠢ᠃ | ︵ᠵᠢᠷᠭᠤᠭ᠎ᠠ︶ ᠳᠠᠭᠠᠳᠬᠠᠯ ᠳᠤ ᠣᠷᠤᠯᠴᠠᠬᠤ ᠡᠵᠡᠩᠨᠡᠯᠲᠡ ᠶᠢᠨ ᠪᠠᠶᠢᠳᠠᠯ ᠲᠥᠯᠥᠪ ᠤᠨ ᠬᠡᠪᠴᠢᠶ᠎ᠡ ᠶᠢ ᠲᠣᠳᠣᠷᠬᠠᠶᠢᠯᠠᠨ᠎ᠠ᠃ ᠡᠯ᠎ᠡ ᠭᠠᠵᠠᠷ ᠣᠷᠣᠨ ᠨᠢ | ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠡᠳᠡᠭᠡᠷ ᠤᠨ ᠪᠦᠲᠦᠭᠡᠭᠳᠡᠬᠦᠨ ᠤᠳ | ︵ᠨᠢᠷᠠᠢ ᠨᠢᠯᠬ᠎ᠠ ᠬᠡᠦᠬᠡᠳ ᠤᠨ ᠬᠡᠷᠡᠭᠯᠡᠬᠦ ᠨᠠᠶᠢᠷᠠᠯᠭ᠎ᠠ ᠲᠠᠢ ᠰᠦᠨ ᠲᠠᠯᠬ᠎ᠠ ᠪᠠᠭᠲᠠᠨ᠎ᠠ︶ ᠪᠠ ᠬᠠᠷ᠎ᠠ ᠠᠷᠢᠬᠢ ᠦᠢᠯᠡᠳᠪᠦᠷᠢᠯᠡᠬᠦ ᠠᠵᠤ ᠠᠬᠤᠶᠢᠯᠠᠯ᠂ ᠬᠠᠮᠲᠤ ᠪᠠᠷ | ᠬᠤᠭᠤᠯᠠᠯᠠᠳᠠᠭ ᠨᠢᠭᠡᠴᠢ ︵ᠰᠤᠷᠭᠠᠭᠤᠯᠢ ᠶᠢᠨ ᠬᠦᠷᠢᠶᠡᠨ ᠳᠠᠬᠢ ᠬᠤᠭᠤᠯᠠᠨ ᠭᠡᠷ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠬᠤᠭᠤᠯᠠᠨ ᠭᠡᠷ᠂ ᠬᠥᠳᠡᠭᠡ ᠲᠣᠰᠬᠤᠨ ᠤ | ᠬᠠᠮᠲᠤ ᠪᠠᠷ ᠬᠤᠭᠤᠯᠠᠯᠠᠬᠤ ᠳᠤ ᠡᠵᠡᠩᠨᠡᠵᠦ ᠪᠠᠶᠢᠭ᠎ᠠ ᠨᠢᠭᠡᠴᠢ ᠵᠡᠷᠭᠡ ᠪᠠᠭᠲᠠᠨ᠎ᠠ︶᠂ ᠪᠥᠭᠡᠮ ᠢᠳᠡᠭᠡᠨ ᠢ ᠲᠣᠬᠢᠷᠠᠭᠤᠯᠤᠨ ᠬᠦᠷᠭᠡᠬᠦ ᠨᠢᠭᠡᠴᠢ᠂ ᠬᠤᠭᠤᠯᠠᠨ ᠭᠡᠷ ᠤᠨ ᠬᠠᠮ | ᠦᠢᠯᠡᠴᠢᠯᠡᠭᠦᠷ ᠪᠠ ᠵᠠᠬᠢᠶᠠᠯᠠᠭ᠎ᠠ ᠪᠠᠷ ᠪᠣᠯᠤᠭᠰᠠᠨ ᠢᠳᠡᠭᠡᠨ ᠲᠣᠬᠢᠷᠠᠭᠤᠯᠤᠨ ᠬᠦᠷᠭᠡᠬᠦ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠳᠤ ᠤᠬᠠᠮᠰᠠᠷ ᠠᠴᠠ ᠪᠠᠨ ᠳᠠᠭᠠᠣᠡᠬᠠᠭᠤᠯᠬᠤ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ᠨᠥᠬᠦᠴᠡᠯ ᠲᠠᠢ ᠣᠷᠣᠨ ᠨᠤᠲᠤᠭ ᠨᠢ ᠬᠡᠪᠴᠢᠶᠡᠵᠢᠯ ᠠᠴᠠ | ᠳᠡᠭᠡᠭᠰᠢᠬᠢ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠮᠡᠷᠭᠡᠵᠢᠯ ᠤᠨ ᠬᠤᠷᠰᠢᠶᠠᠵᠢᠯ᠂ ᠡᠷᠡᠭᠦᠯᠵᠢᠯ ᠤᠨ ᠢᠳᠡᠭᠡᠨ ᠦᠢᠯᠡᠳᠪᠦᠷᠢᠯᠡᠬᠦ | ᠠᠵᠤ ᠠᠬᠤᠶᠢᠯᠠᠯ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠪᠣᠷᠣᠯᠠᠭᠤᠯᠬᠤ ᠰᠦᠯᠵᠢᠶᠡᠨ ᠲᠠᠪᠴᠠᠩ᠂ | ᠢᠳᠡᠭᠡᠨ ᠤᠮᠳᠠᠭᠠᠨ ᠤ ᠬᠡᠯᠬᠢᠶ᠎ᠡ ᠠᠵᠤ ᠠᠬᠤᠶᠢᠯᠠᠯ᠂ ᠬᠡᠯᠬᠢᠶ᠎ᠡ ᠬᠡᠳᠦ ᠳᠡᠯᠭᠡᠭᠦᠷ ᠵᠢᠴᠢ ᠲᠦᠭᠰᠢᠭᠦᠷᠢ ᠢᠶᠠᠷ ᠬᠠᠷᠢᠴᠠᠩᠭᠤᠢ ᠥᠨᠳᠥᠷ ᠪᠠᠶᠢᠭ᠎ᠠ ᠢᠳᠡᠭᠡᠨ | ᠦᠢᠯᠡᠳᠪᠦᠷᠢᠯᠡᠨ ᠡᠵᠡᠩᠨᠡᠬᠦ ᠪᠤᠰᠤᠳ ᠨᠢᠭᠡᠴᠢ ᠨᠦᠭᠦᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠯᠴᠠᠬᠤ ᠶᠢ ᠢᠳᠡᠪᠬᠢᠲᠡᠢ | ᠠᠬᠢᠭᠤᠯᠬᠤ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠷᠠᠭᠤᠯᠤᠨ᠎ᠠ | ︵ᠳᠣᠯᠤᠭ᠎ᠠ︶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠡᠳᠦᠷ ᠲᠣᠲᠣᠮ ᠤᠨ ᠭᠤᠣᠯᠳᠠᠯᠭ᠎ᠠ ᠪᠣᠯᠬᠤ ᠠᠵᠢᠯ ᠳᠤ ᠪᠠᠨ ᠣᠷᠣᠭᠤᠯᠬᠤ ᠶᠢ | ᠪᠦᠬᠦ ᠲᠠᠯ᠎ᠠ ᠪᠠᠷ ᠠᠬᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠪᠠᠶᠢᠷᠢᠯᠠᠭᠤᠯᠬᠤ᠂ ᠬᠡᠷᠡᠭᠵᠢᠭᠦᠯᠬᠦ ᠪᠠᠶᠢᠴᠠᠭᠠᠬᠤ ᠪᠠ ᠰᠢᠯᠭᠠᠨ | ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠨᠢᠭᠡᠳᠦᠯᠲᠡᠢ ᠲᠥᠯᠥᠪᠯᠡᠨ ᠬᠠᠮᠲᠤᠷᠠᠨ ᠠᠵᠢᠯᠯᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠳᠠᠭᠠᠳᠬᠠᠯ ᠤᠨ | ᠪᠠᠶᠢᠭᠤᠯᠤᠮᠵᠢ᠂ ᠳᠠᠭᠠᠳᠬᠠᠯ ᠳᠤ ᠣᠷᠣᠯᠴᠠᠭᠰᠠᠨ ᠨᠢᠭᠡᠴᠢ ᠵᠡᠷᠭᠡ ᠣᠯᠠᠨ ᠡᠲᠡᠭᠡᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠂ ᠬᠠᠮᠲᠤᠷᠠᠯ | ᠬᠦᠴᠦᠨ ᠢ ᠪᠦᠷᠢᠯᠳᠦᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠤᠨ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠠᠵᠢᠯ ᠤᠨ ᠡᠮᠬᠢ ᠳᠠᠷᠠᠭᠠᠯᠠᠯ ᠲᠠᠢ ᠠᠬᠢᠬᠤ ᠶᠢ ᠪᠠᠲᠤᠯᠠᠬᠤ ᠬᠡᠷᠡᠭᠲᠡᠢ᠃ | ︵ᠨᠠᠢᠮᠠ︶ ᠲᠦᠭᠰᠢᠭᠦᠷᠢ ᠶᠢᠨ ᠲᠠᠯ᠎ᠠ ᠳᠠᠬᠢ ᠬᠠᠮᠢᠶᠠᠷᠤᠯᠲᠠ ᠪᠠᠨ ᠴᠢᠩᠭᠠᠳᠬᠠᠨ᠎ᠠ᠃ ᠳᠠᠭᠠᠳᠬᠠᠯ ᠤᠨ ᠪᠠᠶᠢᠭᠤᠯᠤᠮᠵᠢ ᠨᠢ ᠲᠦᠭᠰᠢᠭᠦᠷᠢ ᠶᠢᠨ ᠲᠠᠯ᠎ᠠ ᠳᠠᠬᠢ | ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ | ᠨᠢᠭᠡᠴᠢ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠲᠦᠭᠰᠢᠭᠦᠷᠢ ᠶᠢᠨ ᠲᠠᠯ᠎ᠠ ᠶᠢᠨ ᠦᠨᠡᠯᠡᠯᠲᠡ ᠬᠢᠬᠦ ᠵᠡᠷᠭᠡ ᠬᠤᠯᠪᠣᠭᠳᠠᠯ ᠪᠦᠬᠦᠢ ᠦᠢᠯᠡᠴᠢᠯᠡᠭᠡ ᠬᠠᠩᠭᠠᠬᠤ | ᠬᠡᠷᠡᠭᠲᠡᠢ᠃ ᠳᠠᠭᠠᠳᠬᠠᠯ ᠳᠠᠭᠠᠭᠠᠬᠤ ᠠᠴᠠ ᠪᠠᠨ ᠡᠮᠦᠨ᠎ᠡ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠢᠨᠵᠢᠯᠡᠬᠦ ᠪᠠᠨ ᠴᠢᠩᠭᠠᠳᠬᠠᠵᠤ᠂ ᠳᠠᠭᠠᠳᠬᠠᠯ ᠳᠤ | ᠳᠠᠭᠠᠣᠡᠬᠠᠭᠤᠯᠬᠤ ᠨᠢᠭᠡᠴᠢ ᠳᠤ ᠲᠦᠭᠰᠢᠭᠦᠷᠢ ᠶᠢᠨ ᠦᠨᠡᠯᠡᠯᠲᠡ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠳᠠᠭᠠᠳᠬᠠᠯ ᠤᠨ | ᠪᠠᠶᠢᠭᠤᠯᠤᠮᠵᠢ ᠶᠢᠨ ᠠᠵᠢᠯ ᠤᠨ ᠬᠢᠨ ᠱᠠᠭᠠᠷᠳᠠᠯᠭ᠎ᠠ ᠠᠴᠠ ᠪᠣᠯᠵᠤ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠪᠤᠶᠤ ᠢᠳᠡᠭᠡᠨ ᠤ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠪᠠ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠣᠰᠣ ᠪᠠᠷ ᠬᠦᠷᠲᠡᠬᠦ ᠶᠢ ᠳᠡᠮᠵᠢᠵᠦ᠂ ᠲᠦᠭᠰᠢᠭᠦᠷᠢ ᠶᠢᠨ | ᠳ᠋ᠠᠶᠢᠲ᠋ᠠ ᠬᠥᠮᠥᠷᠭᠡ ᠶᠢ ᠲᠦᠷᠭᠡᠬᠡᠨ ᠪᠠᠶᠢᠭᠤᠯᠵᠤ᠂ ᠠᠵᠢᠯ ᠲᠦᠷᠦᠯ ᠤᠨ ᠬᠤᠭᠤᠷᠣᠨᠳᠤ ᠪᠠᠨ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠣᠳᠣᠯᠠᠬᠤ ᠬᠢᠷᠢ ᠲᠦᠪᠰᠢᠨ ᠪᠠ ᠲᠦᠭᠰᠢᠭᠦᠷᠢ ᠶᠢᠨ ᠲᠠᠯ᠎ᠠ ᠳᠠᠬᠢ | ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠴᠠᠭᠠᠨ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠲᠣᠪᠤᠶᠢᠮ᠎ᠠ | ᠠᠰᠠᠭᠤᠳᠠᠯ ᠤᠳ ᠢ ᠴᠠᠭ ᠲᠤᠬᠠᠢ ᠳᠤ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ | ︵ᠶᠢᠰᠦ︶ ᠤᠬᠠᠭᠤᠯᠬᠤ ᠡᠷᠴᠢᠮ ᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠳᠡᠭᠡᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠴᠢᠬᠤᠯᠠ ᠠᠴᠢ ᠬᠤᠯᠪᠣᠭᠳᠠᠯ᠂ ᠣᠷᠣᠨ ᠨᠤᠲᠤᠭ ᠤᠨ ᠲᠤᠷᠰᠢᠯᠭ᠎ᠠ᠂ ᠨᠡᠶᠢᠲᠡᠯᠢᠭ ᠵᠢᠱᠢᠶ᠎ᠡ ᠨᠦᠭᠦᠳ ᠢ | ᠥᠷᠭᠡᠨ ᠢᠶᠠᠷ ᠤᠬᠠᠭᠤᠯᠬᠤ ᠬᠡᠷᠡᠭᠲᠡᠢ᠃ ᠳᠠᠭᠠᠳᠬᠠᠯ ᠳᠤ ᠳᠠᠭᠠᠣᠡᠬᠠᠭᠤᠯᠣᠭᠰᠠᠨ ᠨᠢᠭᠡᠴᠢ ᠤᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠨᠢᠭᠡᠳᠦᠯᠲᠡᠢ ᠢᠯᠭᠠᠬᠤ ᠲᠡᠮᠳᠡᠭ ᠢ ᠵᠠᠷᠯᠠᠨ ᠨᠠᠭᠠᠬᠤ᠂ ᠵᠡᠭᠦᠯᠲᠡ ᠲᠣᠳᠣᠷᠬᠠᠶᠢᠯᠠᠯᠲᠠ ᠬᠢᠬᠦ ᠪᠤᠶᠤ ᠡᠯᠭᠦᠬᠦ ᠶᠢ ᠳᠡᠮᠵᠢᠨ᠂ ᠳᠠᠭᠠᠳᠬᠠᠯ ᠳᠤ | ᠣᠷᠣᠯᠴᠠᠭᠰᠠᠳ ᠤᠨ ᠢᠯᠭᠠᠨ ᠲᠠᠨᠢᠭᠳᠠᠬᠤ ᠬᠡᠮᠵᠢᠶ᠎ᠡ ᠶᠢ ᠨᠡᠮᠡᠭᠳᠡᠭᠦᠯᠵᠦ᠂ ᠳᠠᠭᠠᠳᠬᠠᠯ ᠳᠤ ᠳᠠᠭᠠᠣᠡᠬᠠᠭᠤᠯᠣᠭᠰᠠᠨ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ | ᠤᠳᠤᠷᠢᠳᠴᠤ ᠢᠲᠡᠭᠡᠮᠵᠢᠲᠦ ᠲᠡᠮᠳᠡᠭᠲᠦ ᠶᠢ ᠪᠣᠢ ᠪᠣᠯᠭᠠᠨ᠂ ᠦᠨᠡᠨᠴᠢ ᠢᠲᠡᠭᠡᠮᠵᠢ ᠶᠢᠨ ᠰᠣᠶᠣᠯ ᠢ ᠬᠥᠮᠥᠵᠢᠭᠦᠯᠬᠦ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ | ᠡᠭᠦᠷᠭᠡ ᠪᠠᠨ ᠤᠬᠠᠮᠰᠠᠷ ᠠᠴᠠ ᠪᠠᠨ ᠡᠭᠦᠷᠭᠡᠯᠡᠭᠰᠡᠨ᠂ ᠳᠠᠭᠠᠳᠬᠠᠯ ᠳᠤ ᠢᠳᠡᠪᠬᠢᠲᠡᠢ ᠳᠠᠭᠠᠣᠡᠬᠠᠭᠤᠯᠣᠭᠰᠠᠨ ᠨᠢᠭᠡ ᠪᠦᠯᠦᠭ ᠠᠵᠤ ᠠᠬᠤᠶᠢᠯᠠᠯ ᠤᠳ ᠣᠨᠴᠠᠭᠠᠶᠢᠯᠠᠨ | ᠨᠡᠷ᠎ᠡ ᠨᠥᠯᠥᠭᠡ ᠲᠠᠢ ᠠᠵᠤ ᠠᠬᠤᠶᠢᠯᠠᠯ ᠤᠳ ᠢ ᠰᠠᠶᠢᠰᠢᠶᠠᠨ ᠬᠥᠬᠢᠭᠦᠯᠵᠦ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ | ᠲᠤᠰ ᠰᠠᠨᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠠᠭᠠᠳᠬᠠᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2016︺ 49 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ | ᠪᠣᠯᠭᠠᠨ᠎ᠠ᠃ | 2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠠᠭᠤᠯᠤᠨ ᠢᠯᠡᠭᠡᠬᠦ ᠨᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ | ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠦ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 12 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ | | | | | |