ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ 2023 ᠣᠨ ᠤ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠢ  ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/31
      3 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ 2023 ᠣᠨ ᠤ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ 2023 ᠣᠨ ᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠢᠶᠠᠨ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠭᠡᠯᠲᠡᠰ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠯᠢᠦ ᠯᠢ ᠭᠦᠸᠧ ᠨᠥᠬᠦᠷ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠭᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ 2022 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠠᠵᠢᠯ ᠤᠨ ᠭᠤᠣᠯᠳᠠᠯᠭ᠎ᠠ ᠶᠢᠨ ᠢᠶᠠᠨ ᠲᠣᠭᠤᠷᠢᠨ ᠳᠤ ᠡᠩᠨᠡᠭᠡ ᠶᠢ ᠪᠦᠲᠦᠭᠡᠨ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠬᠦᠭᠵᠢᠭᠦᠯᠬᠦ ᠶᠢ ᠠᠬᠢᠭᠤᠯᠪᠠ᠃ 2023 ᠣᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠤᠳᠤᠷᠢᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠪᠠᠷ ᠬᠥᠲᠥᠯᠥᠮᠵᠢ ᠪᠣᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠤᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠲᠡᠨ ᠤ ᠵᠦᠪᠯᠡᠯ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠨᠠᠷ ᠰᠠᠶᠢᠲᠠᠢ ᠦᠢᠯᠡᠴᠢᠯᠡᠭᠡ ᠪᠠ ᠪᠠᠲᠤᠯᠠᠭ᠎ᠠ ᠬᠠᠩᠭᠠᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
微信图片_20230331104210.jpg     
      ᠬᠤᠷᠠᠯ ᠤᠨ ᠠᠬᠤᠢ ᠲᠠᠯᠠᠪᠠᠢ           ᠬᠤᠷᠠᠯ ᠠᠴᠠ᠂ ᠨᠢᠭᠡ ᠳᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠲᠡᠨ ᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠵᠡᠯ ᠰᠠᠨᠠᠭ᠎ᠠ᠂ ᠣᠯᠣᠰ ᠲᠦᠷᠦ᠂ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠶᠢ ᠭᠤᠶᠢᠪᠢᠰᠢ ᠦᠭᠡᠢ ᠪᠠᠷᠢᠮᠲᠠᠯᠠᠬᠤ ᠶᠢ ᠦᠨᠡᠨ ᠬᠦ ᠪᠡᠶᠡᠯᠡᠭᠦᠯᠵᠦ᠂ ᠲᠠᠪᠤᠨ ᠶᠡᠭᠡ ᠡᠭᠦᠷᠭᠡ ᠶᠢ ᠨᠠᠶᠢᠲᠠᠪᠤᠷᠢᠵᠢᠭᠤᠯᠬᠤ᠂ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠲᠥᠷᠥᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ᠂ ᠵᠣᠷᠢᠭ ᠵᠣᠷᠢᠯᠲᠠ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠯ᠎ᠡ ᠲᠥᠷᠥᠯ ᠤᠨ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠳᠥᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠠ ᠵᠤᠬᠢᠶᠠᠨ ᠪᠠᠶᠢᠭᠤᠯᠬᠤ ᠴᠢᠳᠠᠪᠬᠢ ᠶᠢ ᠴᠢᠩᠭᠠᠳᠬᠠᠵᠤ᠂ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠪᠠᠷ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ᠂ ᠦᠨᠳᠦᠰᠦᠲᠡᠨ ᠤ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠠᠲᠤ ᠪᠠᠬᠢᠵᠢᠭᠦᠯᠬᠦ ᠬᠡᠷᠡᠭᠲᠡᠢ᠃ ᠤᠬᠠᠭᠤᠯᠭ᠎ᠠ ᠬᠦᠮᠦᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠪᠦᠬᠦ ᠣᠷᠣᠨ ᠤ ᠦᠨᠳᠦᠰᠦᠲᠡᠨ ᠤ ᠵᠦᠪᠯᠡᠯ ᠤᠨ ᠬᠦᠴᠦᠨ ᠢ ᠳᠠᠶᠢᠴᠢᠯᠠᠵᠤ᠂ ︽ᠲᠠᠪᠤᠨ ᠦᠭᠡ︾ ᠶᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠲᠠᠢ ᠪᠠᠨ ᠰᠡᠳᠬᠢᠯ ᠨᠢᠭᠡᠲᠡᠢ ᠪᠠᠶᠢᠳᠠᠭ᠂ ᠨᠠᠮ ᠤᠨ ᠲᠥᠪ ᠬᠤᠷᠢᠶ᠎ᠠ  ᠲᠠᠢ ᠪᠠᠨ ᠰᠡᠳᠬᠢᠯ ᠨᠢᠭᠡᠲᠡᠢ ᠪᠠᠶᠢᠳᠠᠭ ᠬᠤᠪᠢᠰᠬᠠᠯᠲᠤ ᠤᠳᠤᠮᠰᠢᠯ ᠢᠶᠠᠨ ᠦᠷᠭᠦᠯᠵᠢᠯᠡᠨ ᠰᠠᠶᠢᠲᠤᠷ ᠤᠯᠠᠮᠵᠢᠯᠠᠵᠤ᠂ ᠥᠪᠥᠷ ᠮᠣᠩᠭᠤᠯ ᠤᠨ ᠦᠨᠳᠦᠰᠦᠲᠡᠨ ᠤ ᠪᠥᠯᠬᠦᠮᠳᠡᠯ ᠤᠨ ᠢᠷᠠᠭᠤ ᠠᠯᠳᠠᠷ ᠲᠠᠢ ᠤᠯᠠᠮᠵᠢᠯᠠᠯ ᠪᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ ᠮᠡᠳᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠨᠠᠮᠪᠠ ᠶᠢ ᠴᠢᠬᠤᠯᠠᠴᠢᠯᠠᠬᠤ᠂ ᠬᠤᠪᠢ ᠨᠡᠮᠡᠷᠢ ᠦᠵᠡᠭᠦᠯᠬᠦ᠂ ᠡᠭᠦᠷᠭᠡ ᠬᠠᠷᠢᠴᠠᠭᠤᠯᠭ᠎ᠠ ᠲᠠᠢ ᠡᠷᠬᠢᠮ ᠨᠠᠨᠳᠢᠨ ᠴᠢᠨᠠᠷ ᠢ ᠨᠢ ᠰᠠᠶᠢᠲᠤᠷ ᠪᠠᠳᠠᠷᠠᠭᠤᠯᠵᠤ᠂ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ᠃ ᠳᠥᠷᠪᠡ ᠳᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠨᠠᠢᠮᠠᠨ ᠲᠥᠷᠥᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠥᠷᠢᠮ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠡᠷᠡᠭᠵᠢᠭᠦᠯᠬᠦ ᠠᠷᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠪᠦᠲᠦᠮᠵᠢᠭᠰᠡᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠪᠠ ︽ᠰᠢᠨ᠎ᠡ ᠰᠤᠷᠲᠠᠯ︾ ᠢ ᠪᠤᠢ ᠪᠤᠯᠭᠠᠬᠤ ᠶᠢ ᠬᠠᠮᠲᠤ ᠳᠤ ᠨᠢ ᠪᠠᠷᠢᠮᠲᠠᠯᠠᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠪᠠᠲᠤᠲᠠᠢ ᠰᠢᠢᠳᠪᠦᠷᠢᠯᠡᠵᠦ᠂ ︽ᠠᠵᠢᠯ ᠤᠨ ᠴᠢᠳᠠᠪᠤᠷᠢ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠰᠢᠯᠢᠳᠡᠭᠵᠢᠭᠦᠯᠬᠦ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠮᠠᠨ ᠤ ᠵᠦᠪᠯᠡᠯ ᠤᠨ ᠪᠠᠶᠢᠭᠤᠯᠭ᠎ᠠ ᠶᠢᠨ ᠡᠯ᠎ᠡ ᠲᠥᠷᠥᠯ ᠤᠨ ᠠᠵᠢᠯ ᠢ ︽ᠳᠦᠷᠢᠮᠵᠢᠭᠦᠯᠬᠦ᠂ ᠴᠣᠮᠬᠠᠳᠬᠠᠬᠤ᠂ ᠲᠦᠷᠭᠡᠳᠬᠡᠬᠦ︾ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ ᠤ ᠵᠦᠪᠯᠡᠯ ᠤᠨ ᠰᠢᠰᠲ᠋ᠧᠮ ᠤᠨ ᠺᠠᠳ᠋ᠷ ᠤᠨ ᠰᠠᠶᠢᠨ ᠰᠠᠶᠢᠬᠠᠨ ᠳᠦᠷᠢ ᠲᠦᠷᠬᠦ ᠶᠢ ᠪᠤᠢ ᠪᠣᠯᠭᠠᠬᠤ ᠬᠡᠷᠡᠭᠲᠡᠢ᠃ ᠲᠠᠪᠤ ᠳᠤ᠂ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠡᠬᠢᠯᠡᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ᠂ ᠨᠠᠮ ᠤᠨ ᠡᠭᠦᠷ ᠤᠨ ᠱᠦᠵᠢ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠬᠤ ᠲᠤᠭᠲᠠᠯᠴᠠᠭ᠎ᠠ ᠶᠢ ᠪᠦᠲᠦᠮᠵᠢᠲᠡᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠲᠤᠬᠠᠶᠢᠯᠠᠭᠰᠠᠨ ᠠᠵᠢᠯ ᠲᠠᠢ ᠵᠡᠷᠭᠡ ᠪᠠᠷ ᠲᠥᠯᠥᠪᠯᠡᠵᠦ᠂ ᠵᠡᠷᠭᠡ ᠪᠠᠷ ᠨᠠᠶᠢᠲᠠᠪᠤᠷᠢᠵᠢᠭᠤᠯᠵᠤ᠂ ᠬᠢᠨᠠᠨ ᠰᠢᠯᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ 2022 ᠣᠨ ᠤ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠦᠮᠦᠨ ᠢ ᠰᠠᠶᠢᠰᠢᠶᠠᠨ ᠬᠦᠬᠢᠭᠦᠯᠬᠦ ᠰᠢᠢᠳᠪᠦᠷᠢ︾ ᠶᠢ ᠤᠩᠰᠢᠨ ᠵᠠᠷᠯᠠᠪᠠ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ ᠤᠨ ᠪᠦᠬᠦ ᠨᠠᠮ ᠤᠨ ᠭᠡᠰᠢᠭᠦᠨ ᠺᠠᠳ᠋ᠷ᠂ ᠵᠥᠪᠯᠡᠯ ᠤᠨ ᠡᠯ᠎ᠡ ᠬᠠᠷᠢᠶ᠎ᠠ ᠨᠢᠭᠡᠴᠢ ᠶᠢᠨ ᠭᠠᠵᠠᠷ ᠤᠨ ᠳᠡᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃          ᠣᠷᠴᠢᠭᠤᠯᠤᠭᠴᠢ᠄ ᠴᠢᠨᠳᠠᠮᠤᠨᠢ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ