3 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ | ᠤᠨ ᠳᠡᠳ᠋ ᠳᠠᠷᠤᠭ᠎ᠠ᠂ ᠤᠯᠤᠰ ᠤᠨ ᠦᠨᠳᠦᠰᠦᠲᠡᠨ ᠤ ᠵᠥᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠫᠠᠨ ᠶᠤᠸᠠᠢ ᠲᠠᠢ ᠬᠥᠬᠡᠬᠤᠲᠠ | ᠳᠤ ᠠᠭᠤᠯᠵᠠᠪᠠ᠃ | | ᠰᠦᠨ ᠱᠤᠤ ᠴᠧᠩ ᠫᠠᠨ ᠶᠤᠸᠠᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠥᠪᠥᠷ ᠮᠣᠩᠭᠤᠯ ᠶᠠᠭ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠬᠠᠨᠳᠤᠭᠤᠯᠵᠤ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ | ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠲᠤᠬᠠᠶ ᠪᠢᠳᠡ ᠨᠢᠭᠡᠨᠲᠡ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ | ᠠᠬᠢᠭᠤᠯᠵᠤ ᠪᠠᠶᠢᠨ᠎ᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠪᠢᠳᠡ ᠶᠠᠭ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠡᠩ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠵᠢᠱᠢᠶᠡᠴᠢ ᠪᠠᠨ ᠪᠦᠬᠦ ᠳᠠᠯ᠎ᠠ ᠳᠤ ᠢᠯᠡᠷᠡᠭᠦᠯᠵᠦ ᠪᠠᠶᠢᠨ᠎ᠠ᠃ ᠤᠯᠤᠰ ᠤᠨ ᠦᠨᠳᠦᠰᠦᠲᠡᠨ ᠤ ᠵᠥᠪᠯᠡᠯ ᠠᠴᠠ ᠥᠪᠥᠷ ᠮᠣᠩᠭᠤᠯ ᠳᠤ | ᠨᠡᠩ ᠤᠯᠠᠨ ᠵᠢᠯᠤᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠠᠪᠰᠤᠷᠬᠤ ᠶᠢ ᠬᠦᠰᠡᠵᠦ ᠪᠠᠶᠢᠨ᠎ᠠ ᠭᠡᠪᠡ᠃ | ᠫᠠᠨ ᠶᠤᠸᠠᠢ ᠠᠴᠠ ᠤᠯᠤᠰ ᠤᠨ ᠦᠨᠳᠦᠰᠦᠲᠡᠨ ᠤ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠭᠤᠤᠯ ᠰᠢᠵᠢᠮ ᠤᠨ ᠲᠣᠭᠤᠷᠢᠨ ᠳᠤ ᠠᠵᠢᠯ ᠢᠶᠠᠨ ᠰᠢᠨ᠎ᠡ ᠡᠭᠦᠳᠦᠯᠲᠡ ᠲᠠᠢ ᠪᠠᠷ ᠠᠬᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠵᠢᠴᠢ ᠲᠣᠰ ᠤᠳᠠᠭᠠᠨ ᠤ | ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠪᠠᠨ ᠳᠥᠭᠦᠮ ᠲᠠᠨᠢᠯᠴᠠᠭᠤᠯᠪᠠ᠃ ᠲᠡᠷᠡ᠂ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠪᠢᠳᠡ ᠥᠪᠥᠷ ᠮᠣᠩᠭᠤᠯ | ᠤᠨ ᠡᠯ᠎ᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠶᠢ ᠪᠡᠶᠡᠴᠢᠯᠡᠨ ᠣᠶᠢᠯᠠᠭᠠᠵᠤ᠂ ᠥᠪᠥᠷ ᠮᠣᠩᠭᠤᠯ ᠤᠨ ᠺᠠᠳ᠋ᠷᠴᠤᠳ ᠤᠨ ᠪᠣᠳᠠᠲᠠᠢ ᠶᠢ ᠡᠷᠬᠢᠮᠯᠡᠨ ᠵᠣᠷᠢᠭᠲᠠᠢ | ᠠᠵᠢᠯᠯᠠᠵᠤ ᠪᠠᠶᠢᠭ᠎ᠠ ᠠᠵᠢᠯ ᠤᠨ ᠰᠤᠷᠲᠠᠯ ᠢ ᠣᠶᠢᠯᠠᠭᠠᠪᠠ᠃ ᠤᠯᠤᠰ ᠤᠨ ᠦᠨᠳᠦᠰᠦᠲᠡᠨ ᠤ ᠵᠥᠪᠯᠡᠯ ᠲᠣᠰ ᠪᠡᠶ᠎ᠡ ᠶᠢᠨ ᠡᠭᠦᠷᠭᠡ ᠴᠢᠳᠠᠪᠬᠢ ᠳᠤ ᠪᠠᠨ ᠰᠠᠭᠤᠷᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠥᠲᠥᠭᠡᠨ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠶᠢ ᠥᠷᠨᠢᠭᠦᠯᠬᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠥᠷ ᠮᠣᠩᠭᠤᠯ ᠳᠤ ᠨᠠᠩ ᠣᠯᠠᠨ ᠳᠡᠮᠵᠢᠯᠭᠡ ᠦᠵᠡᠭᠦᠯᠦᠨ᠎ᠡ ᠬᠡᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠤᠢ ᠯᠢ ᠰᠢᠨ ᠠᠭᠤᠯᠵᠠᠯᠲᠠ ᠳᠤ ᠣᠷᠣᠯᠴᠠᠪᠠ᠃ | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |