ᠪᠤᠭᠤᠲᠤ ᠬᠤᠲᠠ ᠶᠢᠨ ᠦᠨᠳᠦᠰᠦᠲᠡᠨ ᠤ ᠵᠥᠪᠯᠡᠯ ᠪᠣᠯᠤᠨ ᠢᠴᠠᠩ ᠬᠤᠲᠠ ᠶᠢᠨ ᠦᠨᠳᠤᠰᠤᠳᠠᠨ ᠱᠠᠰᠢᠨ ᠰᠤᠷᠲᠠᠬᠤᠨ ᠤ ᠵᠥᠪᠯᠡᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠨᠥᠬᠦᠷᠰᠡᠭ ᠬᠠᠮᠵᠢᠯᠴᠠᠭᠠᠨ ᠤ ᠰᠠᠨᠠᠭᠤᠯᠤᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/3/31
      3 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠦᠨᠳᠤᠰᠤᠳᠠᠨ ᠤ ᠵᠥᠪᠯᠡᠯ ᠪᠣᠯᠤᠨ ᠬᠤᠪᠸᠢ ᠮᠤᠵᠢ ᠶᠢᠨ ᠢᠴᠠᠩ ᠬᠤᠲᠠ ᠶᠢᠨ ᠦᠨᠳᠤᠰᠤᠳᠠᠨ ᠱᠠᠰᠢᠨ ᠰᠤᠷᠲᠠᠬᠤᠨ ᠤ ᠵᠥᠪᠯᠡᠯ ᠬᠠᠮᠲᠤ ᠪᠠᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠦᠶᠯᠡᠰ ᠤᠨ ᠨᠥᠬᠦᠷᠰᠡᠭ ᠬᠠᠮᠵᠢᠯᠴᠠᠭᠠᠨ ᠤ ᠰᠠᠨᠠᠭᠤᠯᠤᠮᠵᠢ ᠶᠢᠨ ᠪᠢᠴᠢᠭ︾ ᠲᠤ ᠭᠠᠷ ᠤᠨ ᠥᠰᠥᠭ ᠵᠢᠷᠤᠵᠦ᠂ ᠦᠨᠳᠦᠰᠦᠲᠡᠨ ᠤ ᠠᠵᠢᠯ ᠤᠨ ᠣᠷᠣᠨ ᠪᠦᠰᠡ ᠠᠯᠤᠰᠯᠠᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠨᠥᠬᠦᠪᠥᠷᠢᠯᠡᠬᠦ ᠦᠶᠯᠡᠴᠢᠯᠡᠭᠡᠨ ᠤ ᠲᠠᠪᠴᠠᠩ ᠢ  ᠪᠠᠶᠢᠭᠤᠯᠵᠦ᠂ ᠨᠡᠭᠦᠳᠡᠯ ᠬᠦᠮᠦᠰ ᠲᠤ ᠠᠵᠢᠯ ᠣᠯᠭᠤᠬᠤ ᠡᠷᠦᠬᠡ ᠠᠮᠠ ᠪᠠᠨ ᠳᠠᠩᠰᠠᠯᠠᠭᠤᠯᠬᠤ᠂ ᠨᠡᠶᠢᠭᠡᠮ ᠤᠨ ᠪᠠᠲᠤᠯᠠᠭ᠎ᠠ ᠬᠠᠩᠭᠠᠬᠤ᠂ ᠡᠪᠡᠳᠴᠢᠨ ᠦᠵᠡᠭᠦᠯᠵᠦ ᠰᠤᠷᠭᠠᠭᠤᠯᠢ ᠳᠤ ᠣᠷᠣᠬᠤ ᠵᠡᠷᠭᠡ ᠲᠠᠯ᠎ᠠ ᠪᠠᠷ ᠠᠳᠠᠯᠢ ᠲᠡᠭᠰᠢ᠂ ᠣᠨᠣᠪᠴᠢᠲᠠᠶ ᠣᠯᠠᠨ ᠨᠡᠶᠢᠲᠡ ᠶᠢᠨ ᠦᠶᠯᠡᠴᠢᠯᠡᠭᠡ ᠬᠠᠩᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠲᠠ ᠳᠤ ᠠᠭᠤᠰᠤᠯᠴᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠡᠬᠦᠯᠳᠡᠷᠵᠢᠬᠦᠯᠵᠦ᠂ ᠤᠯᠤᠰ ᠤᠨ ᠦᠨᠳᠦᠰᠦᠲᠡᠨ ᠤ ᠵᠥᠪᠯᠡᠯ ᠤᠨ ︽ᠭᠤᠷᠪᠠᠨ ᠲᠥᠷᠥᠯ ᠤᠨ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠥᠷᠭᠡᠨ ᠢᠶᠠᠷ ᠶᠠᠪᠤᠯᠴᠠᠬᠤ᠂ ᠪᠥᠬᠦ ᠲᠠᠯ᠎ᠠ ᠪᠠᠷ ᠰᠣᠯᠢᠯᠴᠠᠬᠤ᠂ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠪᠣᠯᠣᠨ᠎ᠠ᠃      ᠨᠢᠭᠡ ᠳᠤ᠂ ᠲᠤᠷᠰᠢᠯᠭ᠎ᠠ ᠶᠢ ᠬᠠᠮᠲᠤ ᠳᠤ ᠪᠠᠨ ᠲᠣᠯᠢᠯᠠᠨ᠎ᠠ᠃ ᠬᠤᠶᠠᠷ ᠭᠠᠵᠠᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠯᠭᠠᠨ᠂ ᠰᠤᠷᠭᠠᠨ ᠬᠥᠮᠦᠵᠢᠯ᠂ ᠦᠶᠯᠡᠳᠦᠯᠭᠡ ᠶᠢᠨ ᠰᠠᠭᠤᠷᠢᠨ ᠭᠠᠵᠠᠷ ᠵᠢᠴᠢ ᠬᠠᠮᠢᠶ᠎ᠠ ᠪᠥᠬᠦᠶ ᠰᠤᠳᠤᠯᠭᠠᠨ ᠤ ᠦᠷ᠎ᠡ ᠪᠦᠲᠦᠭᠡᠯ ᠵᠡᠷᠭᠡ ᠲᠠᠯ᠎ᠠ ᠶᠢᠨ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠬᠦ ᠶᠢ ᠰᠠᠭᠠᠳ ᠦᠭᠡᠢ ᠶᠠᠪᠤᠭᠳᠠᠭᠤᠯᠬᠤ ᠶᠢᠨ ᠬᠠᠮᠲᠤ ᠴᠢᠳᠠᠪᠤᠷᠢᠲᠠᠨ᠂ ᠰᠤᠳᠤᠯᠭᠠᠨ ᠵᠡᠷᠭᠡ ᠲᠠᠯ᠎ᠠ ᠪᠠᠷ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠬᠦ ᠶᠢ ᠬᠠᠶᠢᠨ ᠰᠦᠪᠡᠭᠴᠢᠯᠡᠨ᠎ᠠ᠃ ᠬᠤᠶᠠᠷ ᠭᠠᠵᠠᠷ ᠤᠨ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ︽ᠬᠠᠷᠢᠯᠴᠠᠨ ᠦᠵᠡᠵᠦ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ︾ ᠠᠵᠢᠯᠯᠠᠭ᠎ᠠ ᠶᠢ ᠦᠷᠭᠦᠯᠵᠢ ᠶᠢᠨ ᠴᠢᠨᠠᠷᠲᠠᠶ ᠦᠷᠨᠢᠬᠦᠯᠦᠨ᠎ᠠ᠃      ᠬᠤᠶᠠᠷ ᠲᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠬᠠᠮᠲᠤ ᠪᠠᠷ ᠠᠬᠢᠭᠤᠯᠤᠨ᠎ᠠ᠃ ᠬᠤᠶᠠᠷ ᠭᠠᠵᠠᠷ ᠤᠨ ᠳᠠᠪᠠᠭᠤᠯᠢᠭ ᠡᠬᠢ ᠪᠠᠶᠠᠯᠢᠭ ᠢᠶᠠᠨ ᠠᠰᠢᠭᠯᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠨᠡᠶᠢᠭᠡᠮ ᠤᠨ ᠦᠶᠯᠡᠳᠦᠯᠭᠡ ᠶᠢᠨ ᠰᠣᠯᠢᠯᠴᠠᠭᠠᠨ ᠤ ᠠᠵᠢᠯᠯᠠᠭ᠎ᠠ᠂ ᠦᠨᠳᠦᠰᠦᠲᠡᠨ ᠨᠦᠭᠦᠳ ᠬᠠᠮᠵᠢᠯᠴᠠᠨ ᠬᠠᠮᠲᠤᠷᠠᠬᠤ ᠨᠥᠬᠦᠷᠯᠡᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠡᠷᠭᠡ ᠣᠯᠠᠨ ᠬᠡᠯᠪᠡᠷᠢ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠩ ᠣᠯᠠᠨ ᠴᠢᠨᠠᠷᠵᠢᠭᠤᠨ᠂ ᠣᠨᠴᠠᠯᠢᠭ ᠲᠠᠢ᠂ ᠵᠠᠬᠢᠶᠠᠯᠠᠭ᠎ᠠ ᠪᠦᠬᠦᠢ ᠠᠶᠠᠯᠠᠯ ᠵᠢᠭᠤᠯᠴᠢᠯᠠᠯ ᠤᠨ ᠪᠦᠳᠦᠭᠡᠭᠳᠡᠬᠦᠨ ᠪᠠ ᠰᠣᠳᠣᠨ ᠵᠠᠮ ᠱᠤᠭᠤᠮ ᠢ ᠬᠠᠮᠲᠤᠷᠠᠨ ᠪᠠᠶᠢᠭᠤᠯᠵᠤ᠂ ᠤᠯᠤᠰ ᠤᠨ ᠦᠨᠳᠦᠰᠦᠲᠡᠨ ᠤ ᠵᠥᠪᠯᠡᠯ ᠤᠨ ︽ᠭᠤᠷᠪᠠᠨ ᠲᠥᠷᠥᠯ ᠤᠨ ᠲᠥᠯᠥᠪᠯᠡᠭᠡ︾ ᠶᠢ ᠪᠥᠬᠦ ᠲᠠᠯ᠎ᠠ  ᠪᠠᠷ ᠨᠠᠶᠢᠳᠠᠪᠤᠷᠢᠵᠢᠭᠤᠯᠤᠨ᠎ᠠ᠃      ᠭᠤᠷᠪᠠ ᠳᠤ᠂ ᠠᠵᠤ ᠠᠬᠤᠶ ᠶᠢ ᠬᠠᠮᠲᠤ ᠪᠠᠷ ᠠᠭᠤᠰᠤᠯᠴᠠᠭᠤᠯᠤᠨ᠎ᠠ᠃ ᠬᠤᠶᠠᠷ ᠭᠠᠵᠠᠷ ᠤᠨ ᠠᠵᠤ ᠦᠶᠯᠡᠰ ᠤᠨ ᠬᠠᠷᠢᠯᠴᠠᠨ ᠨᠥᠬᠦᠪᠥᠷᠢᠯᠡᠵᠦ ᠬᠠᠷᠢᠯᠴᠠᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠤᠰ ᠴᠢᠭᠯᠡᠯ ᠢᠶᠠᠷ ᠠᠷᠠᠯᠵᠢᠶᠠᠴᠢᠨ ᠤᠷᠢᠬᠤ ᠶᠢ ᠬᠠᠮᠵᠢᠯᠴᠠᠨ ᠥᠷᠨᠢᠭᠦᠯᠵᠦ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ︾ ᠠᠵᠢᠯᠯᠠᠭ᠎ᠠ ᠶᠢ ᠲᠦᠰᠢᠭᠯᠡᠵᠦ᠂ ᠬᠤᠶᠠᠷ ᠲᠠᠯ᠎ᠠ ᠶᠢᠨ ᠰᠢᠨ᠎ᠡ ᠬᠡᠯᠪᠡᠷᠢ ᠶᠢᠨ ᠠᠵᠤ ᠦᠶᠯᠡᠳᠪᠦᠷᠢᠵᠢᠯᠲᠡ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ᠂  ᠠᠶᠠᠯᠠᠯ ᠵᠢᠭᠤᠯᠴᠢᠯᠠᠯ ᠤᠨ ᠠᠵᠤ ᠦᠢᠯᠡᠰᠵᠢᠯᠲᠡ ᠵᠡᠷᠭᠡ ᠴᠠᠷᠠᠭ᠎ᠠ ᠬᠦᠷᠢᠶᠡᠨ  ᠳᠠᠬᠢ ᠣᠯᠠᠨ ᠬᠡᠯᠪᠡᠷᠢ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠠᠷᠭ᠎ᠠ ᠵᠠᠮ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠣᠷᠳᠣ ᠬᠤᠭᠤᠴᠠᠭ᠎ᠠ ᠪᠠᠷ ᠬᠠᠮᠲᠤᠷᠠᠯᠴᠠᠬᠤ᠂ ᠪᠦᠯᠬᠦᠮᠳᠡᠨ ᠤᠷᠤᠭᠰᠢᠯᠠᠬᠤ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ︾ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃      ᠲᠦᠷᠪᠡ ᠳᠤ᠂ ᠠᠳᠠᠯᠢ ᠳᠡᠭᠰᠢ ᠣᠯᠠᠨ ᠨᠡᠶᠢᠲᠡ ᠶᠢᠨ ᠦᠢᠯᠡᠴᠢᠯᠡᠭᠡ ᠨᠡᠶᠢᠭᠡᠮ ᠤᠨ ᠬᠠᠮᠢᠶᠠᠷᠤᠯᠳᠠ ᠶᠢ ᠬᠠᠩᠭᠠᠨ᠎ᠠ᠃ ᠬᠤᠶᠠᠷ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠰᠠᠭᠤᠷᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠠᠬᠢᠭᠤᠯᠵᠤ᠂ ᠠᠵᠢᠯ ᠤᠯᠬᠤ᠂ ᠮᠡᠷᠭᠡᠵᠢᠯ ᠤᠨ ᠪᠣᠯᠪᠠᠰᠤᠷᠠᠯ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠵᠦ ᠡᠮᠨᠡᠭᠦᠯᠬᠦ᠂ ᠦᠶᠯᠡᠳᠪᠦᠷᠢ ᠬᠤᠳᠠᠯᠳᠤᠭᠠᠨ ᠤ ᠳᠡᠩᠰᠡᠯᠡᠯᠲᠡ ᠬᠢᠬᠦ᠂ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠬᠦ᠂ ᠪᠠᠯᠠ ᠣᠷᠣᠭᠤᠯᠤᠯᠲᠠ ᠶᠢᠨ ᠢᠲᠡᠭᠡᠮᠵᠢᠲᠦ ᠵᠢᠭᠡᠯᠡᠯᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠲᠠᠯ᠎ᠠ ᠪᠠᠷ ᠨᠡᠬᠦᠵᠦ ᠣᠴᠢᠭᠰᠠᠨ ᠭᠠᠵᠠᠷ᠂ ᠨᠡᠬᠦᠵᠦ ᠶᠠᠪᠤᠭᠰᠠᠨ ᠭᠠᠵᠠᠷ ᠤᠷᠤᠨ ᠤ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠰ ᠲᠤ ᠠᠳᠠᠯᠢ ᠲᠡᠭᠰᠢ ᠣᠯᠠᠨ ᠨᠡᠶᠢᠲᠡ ᠶᠢᠨ ᠦᠶᠯᠡᠴᠢᠯᠡᠭᠡ ᠪᠠ ᠨᠡᠶᠢᠭᠡᠮ ᠤᠨ ᠬᠠᠮᠢᠶᠠᠷᠤᠯᠲᠠ ᠬᠠᠩᠭᠠᠨ᠎ᠠ᠃      ᠲᠠᠪᠤ ᠳᠤ᠂ ᠺᠠᠳ᠋ᠷᠴᠤᠳ ᠬᠠᠮᠲᠤ ᠪᠠᠷ ᠰᠤᠷᠤᠯᠴᠠᠨ᠎ᠠ᠃ ᠲᠤᠰᠬᠠᠶᠢᠵᠢᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠡᠩᠨᠡᠭᠡ ᠶᠢ ᠪᠠᠶᠢᠭᠤᠯᠤᠨ ᠪᠦᠷᠢᠨᠰᠢᠭᠦᠯᠬᠦ ᠲᠠᠯ᠎ᠠ ᠪᠠᠷ ᠰᠣᠯᠢᠯᠴᠠᠵᠤ ᠲᠣᠯᠢᠯᠠᠬᠤ ᠶᠢ ᠥᠷᠭᠡᠨ ᠢᠶᠠᠷ ᠥᠷᠨᠢᠭᠦᠯᠵᠦ᠂  ᠬᠠᠷᠢᠯᠴᠠᠨ ᠬᠤᠯᠪᠤᠭᠠᠯᠠᠨ ᠰᠤᠷᠤᠯᠴᠠᠬᠤ᠂ ᠬᠠᠷᠢᠯᠴᠠᠨ ᠺᠠᠳ᠋ᠷ ᠲᠣᠮᠢᠯᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠠᠶᠢᠨ ᠰᠠᠶᠢᠬᠠᠨ  ᠬᠤᠷᠰᠢᠯᠴᠠᠭ᠎ᠠ ᠶᠢ ᠪᠡᠶᠡᠯᠡᠭᠦᠯᠵᠦ᠂ ᠬᠤᠶᠠᠷ ᠭᠠᠵᠠᠷ ᠤᠨ ᠦᠨᠳᠦᠰᠦᠲᠡᠨ ᠤ ᠠᠵᠢᠯ ᠤᠨ ᠺᠠᠳ᠋ᠷᠴᠤᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ᠃      ᠵᠢᠷᠭᠤᠭ᠎ᠠ ᠳᠤ᠂ ᠪᠠᠲᠤᠯᠠᠭ᠎ᠠ ᠬᠠᠩᠭᠠᠵᠤ ᠬᠠᠮᠲᠤ ᠳᠤ ᠨᠢ ᠲᠤᠰᠠᠯᠠᠨ᠎ᠠ᠃ ᠬᠤᠶᠠᠷ ᠭᠠᠵᠠᠷ ᠤᠨ ᠵᠠᠰᠠᠭ ᠤᠨ ᠣᠷᠳᠣᠨ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠣᠷᠣᠨ ᠪᠦᠰᠡ ᠠᠯᠤᠰᠯᠠᠨ ᠬᠤᠯᠪᠣᠭᠠᠯᠠᠨ ᠪᠠᠶᠢᠭᠤᠯᠵᠤ ᠬᠠᠮᠲᠤ ᠪᠠᠷ ᠡᠭᠦᠳᠬᠦ ᠠᠵᠢᠯ ᠢ ᠢᠳᠡᠪᠬᠢᠲᠡᠶ ᠥᠷᠨᠢᠭᠦᠯᠬᠦ ᠶᠢ ᠬᠠᠮᠲᠤ ᠪᠠᠷ ᠳᠡᠮᠵᠢᠵᠦ᠂ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠳᠤᠮᠳᠠ ᠬᠠᠷᠢᠯᠴᠠᠨ ᠬᠠᠮᠵᠢᠯᠴᠠᠵᠤ᠂ ᠬᠠᠷᠢᠯᠴᠠᠨ ᠲᠥᠬᠦᠮ ᠨᠥᠬᠦᠴᠡᠯ  ᠬᠠᠩᠭᠠᠨ᠎ᠠ᠃             ᠣᠷᠴᠢᠭᠤᠯᠤᠭᠴᠢ᠄ ᠴᠣᠭᠵᠢᠯᠮ᠎ᠠ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠪᠤᠭᠤᠲᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ