ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠭᠠᠵᠠᠷ ᠠᠴᠠ ︽ᠥᠪᠥᠷ | ᠮᠣᠩᠭᠤᠯ ᠤᠨ ᠦᠨᠳᠦᠰᠦᠲᠡᠨ ᠤ ᠰᠤᠳᠤᠷ ᠪᠢᠴᠢᠭ ︿ᠭᠡᠰᠡᠷ﹀ ᠢ ᠬᠠᠮᠠᠭᠠᠯᠠᠵᠤ ᠬᠡᠪᠯᠡᠭᠦᠯᠦᠭᠰᠡᠨ ᠠᠵᠢᠯ ᠤᠨ 40 ᠵᠢᠯ ᠤᠨ ᠠᠮᠵᠢᠯᠲᠠ ᠪᠦᠲᠦᠮᠵᠢ︾ ᠭᠡᠬᠦ ᠲᠤᠰᠬᠠᠶ | ᠰᠡᠳᠦᠪᠲᠦ ᠹᠢᠯᠢᠮ ᠢ ᠰᠡᠭᠦᠳᠡᠷᠯᠡᠨ ᠰᠢᠩᠭᠡᠭᠡᠬᠦ ᠦᠢᠯᠡᠴᠢᠯᠡᠭᠡ ᠶᠢ ᠬᠤᠳᠠᠯᠳᠤᠨ ᠠᠪᠬᠤ ᠪᠠᠷ ᠲᠥᠯᠥᠪᠯᠡᠵᠦ ᠪᠠᠶᠢᠨ᠎ᠠ᠂ ᠲᠤᠰ ᠦᠢᠯᠡᠴᠢᠯᠡᠭᠡ ᠶᠢ ᠥᠷᠢᠰᠥᠯᠳᠦᠭᠡᠨ ᠤ | ᠴᠢᠨᠠᠷᠲᠠᠶ ᠬᠡᠯᠡᠯᠴᠡᠭᠡᠷ ᠬᠢᠬᠦ ᠠᠷᠭ᠎ᠠ ᠬᠡᠯᠪᠡᠷᠢ ᠶᠢ ᠬᠡᠷᠡᠭᠯᠡᠵᠦ᠂ ᠨᠥᠬᠦᠴᠡᠯ ᠳᠤ ᠨᠡᠶᠢᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠨᠡᠷ᠎ᠡ ᠮᠡᠳᠡᠭᠦᠯᠵᠦ ᠣᠷᠣᠯᠴᠠᠬᠤ ᠶᠢ | ᠤᠷᠢᠵᠤ ᠪᠠᠶᠢᠨ᠎ᠠ᠃ | ᠨᠢᠭᠡ᠂ ᠲᠥᠷᠥᠯ ᠵᠦᠢᠯ ᠤᠨ ᠨᠡᠷᠡᠶᠢᠳᠦᠯ | ︽ᠥᠪᠥᠷ ᠮᠣᠩᠭᠤᠯ ᠤᠨ ᠦᠨᠳᠦᠰᠦᠲᠡᠨ ᠤ ᠰᠤᠳᠤᠷ ᠪᠢᠴᠢᠭ ︿ᠭᠡᠰᠡᠷ﹀ ᠢ ᠬᠠᠮᠠᠭᠠᠯᠡᠨ ᠬᠡᠪᠯᠡᠭᠦᠯᠦᠭᠰᠡᠨ ᠠᠵᠢᠯ ᠤᠨ 40 ᠵᠢᠯ ᠤᠨ ᠠᠮᠵᠢᠯᠲᠠ ᠪᠦᠳᠦᠮᠵᠢ︾ | ᠭᠡᠬᠦ ᠲᠤᠰᠬᠠᠶ ᠰᠡᠳᠦᠪᠲᠦ ᠹᠢᠯᠢᠮ ᠢ ᠰᠡᠭᠦᠳᠡᠷᠯᠡᠨ ᠰᠢᠩᠭᠡᠭᠡᠬᠦ ᠦᠶᠯᠡᠴᠢᠯᠡᠭᠡ | ᠬᠤᠶᠠᠷ᠂ ᠪᠡᠯᠡ ᠮᠥᠩᠭᠦ ᠶᠢᠨ ᠢᠷᠡᠯᠲᠡ | ᠡᠳ᠋ ᠤᠨ ᠵᠠᠰᠠᠭ ᠤᠨ ᠪᠡᠯᠡ ᠮᠥᠩᠭᠦ᠂ ᠲᠤᠰ ᠤᠳᠠᠭᠠᠨ ᠤ ᠲᠥᠰᠦᠪ ᠢ ᠠᠷᠠᠳ ᠤᠨ ᠵᠣᠭᠤᠰ 20 ᠲᠦᠮᠡᠨ ᠲᠥᠭᠦᠷᠢᠭ ᠢᠶᠠᠷ ᠬᠢᠵᠠᠭᠠᠷᠯᠠᠵᠤ᠂ ᠲᠤᠰ | ᠬᠢᠵᠠᠭᠠᠷᠯᠠᠭᠰᠠᠨ ᠵᠣᠭᠤᠰ ᠤᠨ ᠲᠤᠭ᠎ᠠ ᠠᠴᠠ ᠬᠡᠲᠦᠷᠡᠭᠰᠡᠨ ᠤᠷᠤᠯᠴᠠᠬᠤ ᠪᠠᠷ ᠮᠡᠳᠡᠭᠦᠯᠦᠭᠰᠡᠨ ᠪᠢᠴᠢᠭ ᠮᠠᠲ᠋ᠧᠷᠢᠶᠠᠯ ᠬᠦᠴᠦᠨ ᠦᠭᠡᠢ᠃ | ᠭᠤᠷᠪᠠ᠂ ᠬᠠᠩᠭᠠᠯᠭ᠎ᠠ ᠶᠢᠨ ᠬᠤᠳᠠᠯᠳᠤᠭᠠᠴᠢᠨ ᠤ ᠪᠦᠷᠢᠯᠳᠦᠭᠦᠯᠪᠡᠰᠦ ᠵᠣᠬᠢᠬᠤ ᠨᠥᠬᠦᠴᠡᠯ | ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔ | ︵ᠬᠤᠶᠠᠷ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠳᠣᠭᠲᠠᠭᠠᠯ ᠢ ᠵᠢᠷᠤᠮᠯᠠᠨ ᠰᠠᠬᠢᠭᠰᠠᠨ ᠪᠠᠶᠢᠬᠤ︔ | ︵ᠭᠤᠷᠪᠠ︶ ᠬᠤᠳᠠᠯᠳᠤᠭᠠᠨ ᠤ ᠢᠲᠡᠭᠡᠯ ᠬᠦᠨᠳᠦ ᠰᠠᠶᠢᠨ ᠪᠠᠶᠢᠬᠤ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ | ᠲᠠᠢ ᠪᠠᠶᠢᠬᠤ︔ | ︵ᠳᠦᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ | ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠶᠢᠬᠤ︔ | ︵ᠲᠠᠪᠤ︶ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠪᠤᠶᠤ ᠡᠯ᠎ᠡ ᠱᠠᠲᠤᠨ ᠤ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠤᠭᠰᠠᠨ ᠦᠬᠡᠢ ᠪᠠᠶᠢᠬᠤ︔ | ︵ᠵᠢᠷᠭᠤᠭ᠎ᠠ︶ ᠭᠡᠷ᠎ᠡ ᠶᠢ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔ | ︵ᠲᠤᠯᠤᠭ᠎ᠠ︶ ᠲᠤᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠬᠠᠮᠲᠤᠷᠠᠨ ᠳᠠᠭᠠᠭᠠᠴᠢᠯᠠᠬᠤ ᠶᠢ ᠬᠦᠯᠢᠶᠡᠨ ᠠᠪᠬᠤ ᠦᠭᠡᠢ︔ | ︵ᠨᠠᠢᠮᠠ︶ ᠭᠠᠭᠴᠠ ᠬᠦ ᠬᠢᠷᠢ ᠲᠡᠩᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠰᠠᠶ᠋ᠢ ᠦᠨ᠎ᠡ ᠮᠡᠳᠡᠭᠦᠯᠬᠦ ᠳᠤ ᠣᠷᠣᠯᠴᠠᠵᠤ ᠪᠣᠯᠤᠨ᠎ᠠ᠃ | ᠳᠥᠷᠪᠡ᠂ ᠨᠡᠷ᠎ᠡ ᠮᠡᠳᠡᠭᠦᠯᠬᠦ ᠳᠤ ᠠᠩᠬᠠᠷᠬᠤ ᠵᠦᠶᠯ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ᠂ 2023 ᠣᠨ ᠤ 3 ᠳ᠋ᠤᠭᠠᠷ ᠰᠠᠷ᠎ᠠ ᠶᠢᠨ 2 ᠤᠨ ᠡᠳᠦᠷ ᠠᠴᠠ | 2023 ᠣᠨ ᠤ 3 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ᠴᠠᠭ ᠠᠴᠠ 12᠄ 00 ᠴᠠᠭ᠂ ᠦᠳᠡ | ᠶᠢᠨ ᠬᠤᠶᠢᠨᠠᠬᠢ 2᠄ 30 ᠴᠠᠭ ᠠᠴᠠ 5᠄ 00 ᠴᠠᠭ ᠪᠣᠯᠲᠠᠯ᠎ᠠ ᠲᠣᠰ ᠤᠳᠠᠭᠠᠨ ᠤ ᠥᠷᠢᠰᠥᠯᠳᠦᠭᠡᠨ ᠤ ᠴᠢᠨᠠᠷ ᠲᠠᠢ ᠬᠡᠯᠡᠯᠴᠡᠭᠡᠷ ᠬᠢᠬᠦ ᠮᠠᠲ᠋ᠧᠷᠢᠶᠠᠯ ᠢᠶᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 505 | ᠳ᠋ᠤᠭᠠᠷ ᠭᠡᠷ ᠲᠤ ᠲᠤᠰᠢᠶᠠᠭᠠᠷᠠᠶ᠃ ᠠᠵᠢᠯᠲᠠᠨ ᠠᠩᠬ᠎ᠠ ᠠᠯᠬᠤᠮ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠭᠠᠷᠳᠠᠮ ᠢ | ᠭᠦᠶᠴᠡᠳᠬᠡᠵᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠣᠯᠭᠤᠨ᠎ᠠ᠃ | ᠨᠡᠷ᠎ᠡ ᠮᠡᠳᠡᠭᠦᠯᠬᠦ ᠦᠶᠡᠰ ᠳᠣᠤᠷᠠᠬᠢ ᠮᠠᠲ᠋ᠧᠷᠢᠶᠠᠯ ᠢ ᠠᠪᠴᠢᠷᠠᠬᠤ ᠬᠡᠷᠡᠭᠲᠡᠶ᠄ | ︵1︶ ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠢᠶᠠᠨ ᠣᠭ ᠡᠬᠡ ᠶᠢ ᠦᠵᠡᠭᠦᠯᠵᠦ᠂ ᠬᠠᠭᠤᠯᠪᠤᠷᠢ ᠶᠢ ᠨᠢ ᠬᠠᠩᠭᠠᠨ᠎ᠠ︔ | ︵2︶ ᠨᠡᠷ᠎ᠡ ᠮᠡᠳᠡᠭᠦᠯᠦᠭᠴᠢ ᠠᠴᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠲᠠᠢ | ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠲᠤᠰᠢᠶᠠᠨ᠎ᠠ︔ | ︵3︶ ᠳᠠᠭᠠᠭᠠᠴᠢᠯᠠᠯᠲᠠ ᠳᠤ ᠣᠷᠣᠯᠴᠠᠬᠤ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠬᠦᠴᠦᠨ ᠲᠠᠢ ᠡᠵᠡᠩᠨᠡᠯᠲᠡ ᠶᠢᠨ ᠦᠨᠡᠮᠯᠡᠯ ᠤᠨ ᠳᠡᠳ᠋ | ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ | ︵4︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ | ᠠᠵᠢᠯᠯᠠᠭ᠎ᠠ ᠲᠤᠮᠳᠠ ᠬᠠᠤᠯᠢ ᠶᠢ ᠬᠦᠨᠳᠦ ᠨᠤᠴᠢᠳᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠢᠯᠡᠷᠬᠡᠶᠢᠯᠡᠯᠲᠡ ᠶᠢᠨ ᠪᠢᠴᠢᠭ ᠢ ᠬᠠᠩᠭᠠᠨ᠎ᠠ︔ | ︵5︶ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠰᠦᠯᠵᠢᠶ᠎ᠡ ︵www.ccgp.gov.cn︶ ᠶᠢᠨ ᠢᠲᠡᠭᠡᠮᠵᠢ ᠶᠢᠨ ᠪᠠᠶᠢᠴᠠᠭᠠᠨ ᠯᠠᠪᠯᠠᠭᠰᠠᠨ ᠲᠡᠮᠳᠡᠭᠯᠡᠯ ︵ᠡᠷᠬᠡᠪᠰᠢ ᠢᠲᠡᠭᠡᠮᠵᠢ ᠠᠯᠳᠠᠭᠰᠠᠨ | ᠭᠦᠶᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠬᠦᠨᠳᠦ ᠨᠤᠴᠢᠳᠠᠢ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠢ ᠪᠠᠶᠢᠴᠠᠭᠠᠨ | ᠯᠠᠪᠯᠠᠬᠤ ᠬᠡᠷᠡᠭᠳᠡᠢ᠃︶ | ᠲᠠᠪᠤ᠂ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠂ ᠳᠠᠭᠠᠭᠠᠴᠢᠯᠠᠯᠲᠠ ᠨᠡᠶᠢᠲᠡᠯᠡᠬᠦ ᠴᠠᠭ᠂ ᠭᠠᠵᠠᠷ | ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠄ 2023 ᠣᠨ ᠤ 3 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨᠠᠬᠢ 5᠄ 00︔ | ᠳᠠᠭᠠᠭᠠᠴᠢᠯᠠᠯᠲᠠ ᠨᠡᠶᠢᠲᠡᠯᠡᠬᠦ ᠴᠠᠭ᠄ 2023 ᠣᠨ ᠤ 3 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 9᠄ 30︔ | ᠳᠠᠭᠠᠭᠠᠴᠢᠯᠠᠯᠲᠠ ᠨᠡᠶᠢᠳᠡᠯᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠵᠡᠭᠡᠯᠢ ᠶᠢᠨ 63 ᠳ᠋ᠤᠭᠠᠷ | ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 512 ᠳ᠋ᠤᠭᠠᠷ ᠬᠤᠷᠠᠯ ᠤᠨ ᠬᠡᠷ᠃ | ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ | ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ | ᠭᠠᠵᠠᠷ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 | ᠳ᠋ᠤᠭᠠᠷ ᠠᠰᠠᠷ ᠤᠨ 505 ᠳ᠋ᠤᠭᠠᠷ ᠭᠡᠷ | ᠬᠠᠷᠢᠯᠴᠠᠬᠤ ᠬᠥᠮᠦᠨ᠄ ᠸᠠᠩ ᠠᠪᠠᠭ᠋ᠠᠶ | ᠤᠲᠠᠰᠤ᠄ 0471 - 6946805 15847189824 | | | | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ |