︽ᠥᠪᠥᠷ ᠮᠣᠩᠭᠤᠯ ᠤᠨ ᠦᠨᠳᠦᠰᠦᠲᠡᠨ ᠤ ᠰᠤᠳᠤᠷ ᠪᠢᠴᠢᠭ︾ ᠰᠡᠳᠬᠦᠯ ᠢ ᠲᠥᠰᠥᠪᠯᠡᠬᠦ ᠦᠶᠯᠡᠳᠬᠦ ᠪᠠ ᠨᠠᠶᠢᠷᠠᠭᠤᠯᠬᠤ ᠦᠢᠯᠡᠴᠢᠯᠡᠭᠡ ᠶᠢ ᠥᠷᠢᠰᠥᠯᠳᠦᠭᠡᠨ  ᠤ ᠴᠢᠨᠠᠷᠲᠠᠶ ᠬᠡᠯᠡᠯᠴᠡᠭᠡᠷ ᠢᠶᠠᠷ ᠳᠠᠭᠠᠭᠠᠴᠢᠯᠠᠯᠲᠠ ᠵᠠᠷᠯᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/3/7
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠭᠠᠵᠠᠷ ᠠᠴᠠ ︽ᠥᠪᠥᠷ ᠮᠣᠩᠭᠤᠯ ᠤᠨ ᠦᠨᠳᠦᠰᠦᠲᠡᠨ ᠤ ᠰᠤᠳᠤᠷ ᠪᠢᠴᠢᠭ︾ ᠰᠡᠳᠬᠦᠯ ᠢ ᠲᠥᠰᠥᠪᠯᠡᠬᠦ ᠦᠶᠯᠡᠳᠬᠦ ᠪᠠ ᠨᠠᠶᠢᠷᠠᠭᠤᠯᠬᠤ ᠦᠶᠯᠡᠴᠢᠯᠡᠭᠡ ᠶᠢ ᠬᠤᠳᠠᠯᠳᠤᠨ ᠠᠪᠬᠤ ᠪᠠᠷ ᠳᠥᠯᠦᠪᠯᠡᠵᠦ ᠪᠤᠢ᠂ ᠲᠤᠰ ᠦᠢᠯᠡᠴᠢᠯᠡᠭᠡ ᠶᠢ ᠥᠷᠢᠰᠥᠯᠳᠦᠭᠡᠨ ᠤ ᠴᠢᠨᠠᠷᠲᠠᠶ ᠬᠡᠯᠡᠯᠴᠡᠭᠡᠷ ᠤᠨ ᠠᠷᠭ᠎ᠠ ᠬᠡᠯᠪᠡᠷᠢ ᠪᠠᠷ ᠬᠤᠳᠠᠯᠳᠤᠨ ᠠᠪᠤᠨ᠎ᠠ᠂ ᠨᠥᠬᠦᠴᠡᠯ ᠳᠤ ᠨᠡᠶᠢᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠨᠡᠷ᠎ᠡ ᠮᠡᠳᠡᠭᠦᠯᠦᠨ ᠤᠷᠤᠯᠴᠠᠬᠤ ᠶᠢ ᠤᠷᠢᠵᠤ ᠪᠠᠶᠢᠨ᠎ᠠ᠃      ᠨᠢᠭᠡ᠂ ᠲᠥᠷᠥᠯ ᠵᠦᠢᠯ ᠤᠨ ᠨᠡᠷᠡᠶᠢᠳᠦᠯ       ︽ᠥᠪᠥᠷ ᠮᠣᠩᠭᠤᠯ ᠤᠨ ᠦᠨᠳᠦᠰᠦᠲᠡᠨ ᠤ ᠰᠤᠳᠤᠷ ᠪᠢᠴᠢᠭ︾ ᠰᠡᠳᠬᠦᠯ ᠢ ᠲᠥᠰᠥᠪᠯᠡᠬᠦ ᠦᠶᠯᠡᠳᠬᠦ ᠪᠠ ᠨᠠᠶᠢᠷᠠᠭᠤᠯᠬᠤ ᠦᠶᠯᠡᠴᠢᠯᠡᠭᠡ       ᠬᠤᠶᠠᠷ᠂ ᠪᠡᠯᠡ ᠮᠥᠩᠭᠦ ᠶᠢᠨ ᠢᠷᠡᠯᠲᠡ       ᠡᠳ᠋ ᠤᠨ ᠵᠠᠰᠠᠭ ᠤᠨ ᠪᠡᠯᠡ ᠮᠥᠩᠭᠦ᠂ ᠲᠤᠰ ᠤᠳᠠᠭᠠᠨ ᠤ ᠲᠥᠰᠦᠪ ᠤᠨ ᠵᠣᠭᠤᠰ ᠤᠨ ᠲᠤᠭ᠎ᠠ ᠨᠢ ᠠᠷᠠᠳ ᠤᠨ ᠵᠣᠭᠤᠰ 8 ᠲᠦᠮᠡᠨ ᠲᠥᠭᠦᠷᠢᠭ ᠢᠶᠠᠷ ᠬᠢᠵᠠᠭᠠᠷᠯᠠᠵᠤ᠂ ᠲᠥᠰᠦᠪ ᠤᠨ ᠬᠢᠵᠠᠭᠠᠷᠯᠠᠬᠤ ᠵᠣᠭᠤᠰ ᠤᠨ ᠲᠤᠭ᠎ᠠ ᠠᠴᠠ ᠬᠡᠲᠦᠷᠡᠭᠰᠡᠨ ᠤᠷᠤᠯᠴᠠᠬᠤ ᠪᠠᠷ ᠮᠡᠳᠡᠭᠦᠯᠦᠭᠰᠡᠨ ᠪᠢᠴᠢᠭ ᠮᠠᠲ᠋ᠧᠷᠢᠶᠠᠯ ᠢ ᠬᠦᠴᠦᠨ ᠦᠭᠡᠢ ᠪᠠᠷ ᠲᠣᠭᠠᠴᠠᠨ᠎ᠠ᠃       ᠭᠤᠷᠪᠠ᠂ ᠬᠠᠩᠭᠠᠯᠭ᠎ᠠ ᠶᠢᠨ ᠬᠤᠳᠠᠯᠳᠤᠭᠠᠴᠢᠨ ᠤ ᠪᠦᠷᠢᠯᠳᠦᠭᠦᠯᠪᠡᠰᠦ ᠵᠣᠬᠢᠬᠤ ᠨᠥᠬᠦᠴᠡᠯ       ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔       ︵ᠬᠤᠶᠠᠷ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠭᠰᠠᠨ ᠪᠠᠶᠢᠬᠤ︔       ︵ᠭᠤᠷᠪᠠ︶ ᠬᠤᠳᠠᠯᠳᠤᠭᠠᠨ ᠤ ᠢᠲᠡᠭᠡᠯ ᠬᠦᠨᠳᠦ ᠰᠠᠶᠢᠨ ᠪᠠᠶᠢᠬᠤ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠬᠤ︔       ︵ᠳᠦᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠶᠢᠬᠤ︔       ︵ᠲᠠᠪᠤ︶  ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠪᠤᠶᠤ ᠡᠯ᠎ᠡ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠰᠠᠨ ᠦᠭᠡᠢ ᠪᠠᠶᠢᠬᠤ︔       ︵ᠵᠢᠷᠭᠤᠭ᠎ᠠ︶ ᠭᠡᠷ᠎ᠡ ᠶᠢ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔       ︵ᠲᠤᠯᠤᠭ᠎ᠠ︶ ᠲᠤᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠬᠠᠮᠲᠤᠷᠠᠨ ᠳᠠᠭᠠᠭᠠᠴᠢᠯᠠᠬᠤ ᠶᠢ ᠬᠦᠯᠢᠶᠡᠨ ᠠᠪᠬᠤ ᠦᠭᠡᠢ︔       ︵ᠨᠠᠢᠮᠠ︶ ᠭᠠᠭᠴᠠ ᠬᠦ ᠬᠢᠷᠢ ᠲᠡᠩᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠰᠠᠶ᠋ᠢ ᠦᠨ᠎ᠡ ᠮᠡᠳᠡᠭᠦᠯᠬᠦ ᠳᠤ ᠣᠷᠣᠯᠴᠠᠵᠤ ᠪᠣᠯᠤᠨ᠎ᠠ᠃       ᠳᠥᠷᠪᠡ᠂ ᠨᠡᠷ᠎ᠡ ᠮᠡᠳᠡᠭᠦᠯᠬᠦ ᠳᠤ ᠠᠩᠬᠠᠷᠬᠤ ᠵᠦᠶᠯ       ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ᠂ 2023 ᠣᠨ ᠤ 3 ᠳ᠋ᠤᠭᠠᠷ ᠰᠠᠷ᠎ᠠ ᠶᠢᠨ 2 ᠤᠨ ᠡᠳᠦᠷ ᠠᠴᠠ 2023 ᠣᠨ ᠤ 3 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ᠴᠠᠭ ᠠᠴᠠ 12᠄ 00 ᠴᠠᠭ᠂ ᠦᠳᠡ  ᠶᠢᠨ ᠬᠤᠶᠢᠨᠠᠬᠢ 2᠄ 30 ᠴᠠᠭ ᠠᠴᠠ 5᠄ 00 ᠴᠠᠭ ᠪᠣᠯᠲᠠᠯ᠎ᠠ ᠲᠣᠰ ᠤᠳᠠᠭᠠᠨ ᠤ ᠥᠷᠢᠰᠥᠯᠳᠦᠭᠡᠨ ᠤ ᠴᠢᠨᠠᠷ ᠲᠠᠢ ᠬᠡᠯᠡᠯᠴᠡᠭᠡᠷ ᠬᠢᠬᠦ ᠮᠠᠲ᠋ᠧᠷᠢᠶᠠᠯ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 505 ᠳ᠋ᠤᠭᠠᠷ ᠭᠡᠷ ᠲᠤ ᠲᠤᠰᠢᠶᠠᠭᠠᠷᠠᠶ᠃ ᠠᠵᠢᠯᠲᠠᠨ ᠠᠩᠬ᠎ᠠ ᠠᠯᠬᠤᠮ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠭᠠᠷᠳᠠᠮ ᠢ ᠭᠦᠶᠴᠡᠳᠬᠡᠵᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠣᠯᠭᠤᠨ᠎ᠠ᠃       ᠨᠡᠷ᠎ᠡ ᠮᠡᠳᠡᠭᠦᠯᠬᠦ ᠦᠶᠡᠰ ᠳᠣᠤᠷᠠᠬᠢ ᠮᠠᠲ᠋ᠧᠷᠢᠶᠠᠯ ᠢ ᠠᠪᠴᠢᠷᠠᠬᠤ ᠬᠡᠷᠡᠭᠲᠡᠶ᠄       ︵1︶ ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠢᠶᠠᠨ ᠣᠭ ᠡᠬᠡ ᠶᠢ ᠦᠵᠡᠭᠦᠯᠵᠦ᠂ ᠬᠠᠭᠤᠯᠪᠤᠷᠢ ᠶᠢ ᠨᠢ ᠬᠠᠩᠭᠠᠨ᠎ᠠ︔       ︵2︶ ᠨᠡᠷ᠎ᠡ ᠮᠡᠳᠡᠭᠦᠯᠦᠭᠴᠢ ᠠᠴᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠲᠠᠢ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠬᠠᠩᠭᠠᠨ᠎ᠠ︔       ︵3︶ ᠳᠠᠭᠠᠭᠠᠴᠢᠯᠠᠯᠲᠠ ᠳᠤ ᠣᠷᠣᠯᠴᠠᠬᠤ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠬᠦᠴᠦᠨ ᠲᠠᠢ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔       ︵4︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠢᠯᠡᠷᠬᠡᠶᠢᠯᠡᠯᠲᠡ ᠶᠢᠨ ᠪᠢᠴᠢᠭ ᠢ ᠬᠠᠩᠭᠠᠨ᠎ᠠ︔       ︵5︶  ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ  ︵www.creditchina.gov.cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www.ccgp.gov.cn︶ ᠶᠢᠨ ᠢᠲᠡᠭᠡᠮᠵᠢ ᠶᠢᠨ ᠪᠠᠶᠢᠴᠠᠭᠠᠨ ᠯᠠᠪᠯᠠᠭᠰᠠᠨ ᠲᠡᠮᠳᠡᠭᠯᠡᠯ ︵ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠢ ᠪᠠᠶᠢᠴᠠᠭᠠᠨ ᠯᠠᠪᠯᠠᠭᠰᠠᠨ ᠪᠠᠶᠢᠬᠤ ᠬᠡᠷᠡᠭᠲᠡᠢ︶᠃       ᠲᠠᠪᠤ᠂ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠂ ᠳᠠᠭᠠᠭᠠᠴᠢᠯᠠᠯᠲᠠ ᠨᠡᠶᠢᠲᠡᠯᠡᠬᠦ ᠴᠠᠭ᠂ ᠭᠠᠵᠠᠷ       ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ᠄ 2023 ᠣᠨ ᠤ 3 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨᠠᠬᠢ 5᠄ 00︔       ᠳᠠᠭᠠᠭᠠᠴᠢᠯᠠᠯᠲᠠ ᠨᠡᠶᠢᠲᠡᠯᠡᠬᠦ ᠴᠠᠭ᠄ 2023 ᠣᠨ ᠤ 3 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 10᠄ 30︔       ᠳᠠᠭᠠᠭᠠᠴᠢᠯᠠᠯᠲᠠ ᠨᠡᠶᠢᠳᠡᠯᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 512 ᠳ᠋ᠤᠭᠠᠷ ᠬᠤᠷᠠᠯ ᠤᠨ ᠬᠡᠷ᠃       ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ       ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠭᠠᠵᠠᠷ       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠨᠣᠮᠧᠷᠲᠤ ᠠᠰᠠᠷ ᠤᠨ 505 ᠳ᠋ᠤᠭᠠᠷ ᠭᠡᠷ      ᠬᠠᠷᠢᠯᠴᠠᠬᠤ ᠬᠥᠮᠦᠨ᠄ ᠲᠠ ᠠᠪᠤᠭᠠᠢ       ᠤᠲᠠᠰᠤ᠄ 0471 - 6946805   13789490046              ᠣᠷᠴᠢᠭᠤᠯᠤᠭᠴᠢ᠄ ᠣᠶᠤᠨᠰᠡᠴᠡᠨ              ᠬᠢᠨᠠᠨ ᠨᠠᠶᠢᠷᠠᠭᠤᠯᠤᠭᠴᠢ᠄ ᠠᠳᠢᠶ᠎ᠠ    ᠰᠠᠴᠤᠷᠠᠯ              ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ