ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠳᠤᠮᠳᠠᠳᠤ ᠶᠢ ᠥᠭᠦᠯᠡᠬᠦᠢ︾ ᠪᠤᠯᠤᠩ ᠢ ᠣᠯᠠᠨ ᠦᠭᠡ ᠬᠡᠯᠡ ᠥᠰᠥᠭ ᠪᠢᠴᠢᠭ ᠢᠶᠠᠷ ᠤᠬᠠᠭᠤᠯᠤᠨ ᠳᠡᠯᠭᠡᠷᠡᠭᠦᠯᠬᠦ ᠠᠵᠢᠯ ᠢ ᠶᠡᠭᠡ ᠪᠠᠷ ᠠᠬᠢᠭᠤᠯᠪᠠ
ᠨᠡᠶᠢᠲᠡᠯᠡᠭᠰᠡᠨ ᠴᠠᠭ᠄
2023/4/11
      4 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠲᠤ ᠬᠦᠷᠴᠦ ︽ᠳᠤᠮᠳᠠᠳᠤ ᠶᠢ ᠥᠭᠦᠯᠡᠬᠦᠢ︾ ᠪᠤᠯᠤᠩ ᠢ ᠣᠯᠠᠨ ᠦᠭᠡ ᠬᠡᠯᠡ ᠥᠰᠥᠭ ᠪᠢᠴᠢᠭ ᠢᠶᠠᠷ ᠤᠬᠠᠭᠤᠯᠤᠨ ᠳᠡᠯᠭᠡᠷᠡᠭᠦᠯᠬᠦ ᠠᠵᠢᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
内蒙古自治区民委大力推进“道中华”栏目多语言文字宣传推广工作.png     
      ︽ᠳᠤᠮᠳᠠᠳᠤ ᠶᠢ ᠥᠭᠦᠯᠡᠬᠦᠢ︾ ᠪᠣᠯ ᠤᠯᠤᠰ ᠤᠨ ᠦᠨᠳᠦᠰᠦᠲᠡᠨ ᠤ ᠵᠥᠪᠯᠡᠯ ᠠᠴᠠ ᠭᠠᠷᠭᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠬᠤ ᠲᠤᠮᠤ ᠬᠡᠯᠪᠡᠷᠢ ᠶᠢᠨ ᠬᠠᠮ ᠵᠠᠭᠤᠴᠢᠯᠠᠭᠤᠷ ᠤᠨ ᠤᠬᠠᠭᠤᠯᠭ᠎ᠠ ᠶᠢᠨ ᠲᠤᠰᠬᠠᠢ ᠪᠤᠯᠤᠩ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠲᠤᠮᠳᠠᠳᠤ ᠶᠢ ᠥᠭᠦᠯᠡᠬᠦᠢ︾ ᠶᠢᠨ ᠤᠬᠠᠭᠤᠯᠭ᠎ᠠ ᠶᠢᠨ ᠦᠶᠯᠡᠳᠦᠯ ᠴᠢᠳᠠᠮᠵᠢ ᠶᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠨ ᠦᠵᠡᠵᠦ᠂ ᠵᠥᠪᠯᠡᠯ ᠤᠨ ᠳᠠᠩᠰᠠᠯᠠᠭᠤᠯᠤᠭᠰᠠᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠳᠢᠤ᠋ ᠳ᠋ᠤᠭᠠᠷ ᠲᠤ ︽ᠲᠤᠮᠳᠠᠳᠤ ᠶᠢ ᠥᠭᠦᠯᠡᠬᠦᠢ︾ ᠲᠤᠰᠬᠠᠶ ᠪᠤᠯᠤᠩ ᠲᠣᠬᠢᠷᠠᠭᠤᠯᠤᠭᠰᠠᠨ ᠢᠶᠠᠷ ᠪᠠᠷᠠᠬᠤ ᠦᠭᠡᠢ ᠬᠠᠮᠢᠶ᠎ᠠ ᠪᠥᠬᠦᠶ ᠠᠭᠤᠯᠭ᠎ᠠ ᠶᠢ ᠳᠠᠮᠵᠢᠭᠤᠯᠤᠨ ᠨᠡᠶᠢᠲᠡᠯᠡᠬᠦ ᠶᠢᠨ ᠬᠠᠮᠲᠤ᠂ ᠣᠷᠣᠨ ᠨᠤᠲᠤᠭ  ᠤᠨ ᠦᠭᠡ ᠬᠡᠯᠡ ᠥᠰᠥᠭ ᠪᠢᠴᠢᠭ ᠤᠨ ᠦᠶᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠢᠶᠠᠷ ᠤᠬᠠᠭᠤᠯᠤᠨ ᠳᠡᠯᠭᠡᠷᠡᠭᠦᠯᠬᠦ ᠠᠵᠢᠯ ᠢ ᠶᠡᠭᠡ ᠪᠠᠷ ᠥᠷᠨᠢᠭᠦᠯᠪᠡ᠃       ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠭᠤᠤ ᠵᠠᠨ ᠱᠧᠩ ︽ᠠᠨᠠᠷ ᠤᠨ ᠦᠷ᠎ᠡ e ᠳᠠᠪᠴᠠᠩ︾ ᠬᠠᠮᠲᠤ ᠪᠠᠷ ᠡᠳ᠋ᠯᠡᠬᠦ ᠡᠬᠢ ᠪᠠᠶᠠᠯᠢᠭ ᠤᠨ ᠰᠦᠯᠵᠢᠶᠡᠨ ᠤ ᠭᠠᠷᠭᠠᠭᠰᠠᠨ ︽ᠳᠤᠮᠳᠠᠳᠤ ᠶᠢ ᠥᠭᠦᠯᠡᠬᠦᠢ︾ ᠲᠤᠰᠬᠠᠢ ᠰᠡᠳᠦᠪᠲᠦ ᠪᠤᠯᠤᠩ ᠢ ᠨᠠᠷᠢᠨ ᠣᠶᠢᠯᠠᠭᠠᠬᠤ ᠶᠢᠨ ᠬᠠᠮᠲᠤ᠂ ᠲᠤᠰ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠤᠶᠢᠰᠢᠳᠠ ᠬᠡᠷᠬᠢᠨ ᠰᠠᠶᠢᠲᠤᠷ ᠬᠢᠬᠦ ᠶᠢ ᠵᠢᠭᠠᠨ ᠵᠢᠯᠣᠭᠤᠳᠪᠠ᠃ ᠲᠡᠷᠡ᠂ ︽ᠳᠤᠮᠳᠠᠳᠤ ᠶᠢ ᠥᠭᠦᠯᠡᠬᠦᠢ︾ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠤᠷᠤᠯᠴᠠᠨ ᠤᠬᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠵᠥᠪ ᠣᠨᠣᠪᠴᠢᠲᠠᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠤᠢ ᠪᠣᠯᠭᠠᠬᠤ᠂ ︽ᠲᠠᠪᠤᠨ ᠮᠡᠳᠡᠷᠡᠬᠦᠢ︾ ᠶᠢ ᠴᠢᠩᠭᠠᠳᠬᠠᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠲᠣᠰ ᠪᠤᠯᠤᠩ ᠢ ᠤᠬᠠᠭᠤᠯᠤᠨ ᠲᠠᠨᠢᠯᠴᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠲᠡᠨ ᠨᠦᠭᠦᠳ  ᠤᠨ ᠣᠯᠠᠨ ᠲᠦᠮᠡᠨ ᠤ ᠲᠤᠷ᠎ᠠ ᠰᠤᠨᠢᠷᠬᠠᠯ ᠲᠠᠢ ᠵᠤᠬᠢᠴᠠᠭᠤᠯᠵᠤ ᠲᠥᠪᠯᠡᠷᠡᠭᠦᠯᠦᠨ ᠤᠬᠠᠭᠤᠯᠵᠤ᠂ ᠲᠤᠰ ᠪᠤᠯᠤᠩ ᠤᠨ ᠲᠤᠬᠠᠢ ᠤᠯᠠᠨ ᠲᠦᠮᠡᠨ ᠤ ᠤᠶᠢᠯᠠᠭᠠᠵᠤ ᠮᠡᠳᠡᠬᠦ ᠨᠣᠷᠮ᠎ᠠ᠂ ᠠᠩᠬᠠᠷᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠨᠡᠶᠢᠲᠡᠯᠢᠭ ᠴᠢᠨᠠᠷ ᠢ ᠢᠯᠡᠷᠡᠭᠦᠯᠦᠭᠰᠡᠨ ᠰᠣᠶᠣᠯ ᠤᠨ ᠡᠬᠢ ᠪᠠᠶᠠᠯᠢᠭ  ᠢ ᠲᠠᠰᠤᠷᠠᠯᠲᠠ ᠦᠭᠡᠢ ᠠᠭᠤᠳᠠᠯᠤᠨ ᠡᠮᠬᠢᠯᠡᠵᠦ᠂ ᠭᠠᠷ ᠤᠲᠠᠰᠤᠨ ᠤ APP᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠳᠢᠤ᠋ ᠳ᠋ᠤᠭᠠᠷ ᠵᠡᠷᠭᠡ ᠲᠠᠪᠴᠠᠩ ᠤᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠳᠡᠷᠢᠬᠦᠨ ᠬᠠᠭᠤᠳᠠᠰᠤᠨ ᠳᠤ ᠲᠠᠨᠢᠯᠴᠠᠭᠤᠯᠬᠤ᠂ ᠵᠣᠬᠢᠶᠠᠯ ᠳᠠᠮᠵᠢᠭᠤᠯᠤᠨ ᠨᠡᠶᠢᠲᠡᠯᠡᠬᠦ᠂ ᠤᠷᠴᠢᠭᠤᠯᠤᠨ ᠨᠠᠶᠢᠷᠠᠭᠤᠯᠵᠤ ᠨᠡᠶᠢᠲᠡᠯᠡᠬᠦ ᠵᠡᠷᠭᠡ ᠣᠯᠠᠨ ᠵᠦᠶᠯ ᠤᠨ ᠠᠷᠭ᠎ᠠ ᠬᠡᠯᠪᠡᠷᠢ᠂ ᠣᠯᠠᠨ ᠦᠭᠡ ᠬᠡᠯᠡ ᠦᠰᠦᠭ ᠪᠢᠴᠢᠭ ᠢᠶᠠᠷ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠷᠭᠡᠨ  ᠢᠶᠠᠷ ᠳᠡᠯᠭᠡᠷᠡᠭᠦᠯᠦᠨ ᠲᠠᠨᠢᠯᠴᠠᠭᠤᠯᠬᠤ ᠬᠡᠷᠡᠭᠲᠡᠶ᠂ ︽ᠳᠤᠮᠳᠠᠳᠤ ᠶᠢ ᠥᠭᠦᠯᠡᠬᠦᠢ︾ ᠪᠤᠯᠤᠩ ᠢ ᠰᠤᠷᠤᠯᠴᠠᠨ ᠤᠬᠠᠭᠤᠯᠵᠤ ᠳᠡᠯᠭᠡᠷᠡᠭᠦᠯᠬᠦ ᠠᠵᠢᠯ ᠢ ᠲᠤᠰᠬᠠᠶ ᠰᠡᠳᠦᠪ ᠢᠶᠠᠷ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠵᠡᠷᠭᠡ ᠲᠠᠯ᠎ᠠ ᠪᠠᠷ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠴᠢᠬᠤᠯᠠᠴᠢᠯᠠᠪᠠ᠃           ᠣᠷᠴᠢᠭᠤᠯᠤᠭᠴᠢ᠄ ᠣᠶᠤᠨᠰᠡᠴᠡᠨ         ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ         ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ