ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠣᠷᠳᠣᠨ ᠣᠯᠠᠨ ᠨᠡᠶᠢᠲᠡ ᠳᠤ ᠵᠢᠩᠬᠢᠨᠢ ᠪᠠᠷ ᠨᠡᠭᠡᠭᠡᠯᠲᠡ ᠬᠢᠪᠡ
ᠨᠡᠶᠢᠲᠡᠯᠡᠭᠰᠡᠨ ᠴᠠᠭ᠄
2023/4/13
      2023 ᠣᠨ ᠤ 3 ᠳ᠋ᠤᠭᠠᠷ ᠰᠠᠷ᠎ᠠ ᠶᠢᠨ 28 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠳᠡᠮᠵᠢᠯᠭᠡ ᠪᠠᠷ ᠤᠯᠤᠰ ᠤᠨ ᠦᠨᠳᠦᠰᠦᠲᠡᠨ ᠤ ᠵᠦᠪᠯᠡᠯ ᠪᠡᠭᠡᠵᠢᠩ ᠬᠤᠲᠠ ᠲᠠᠢ ᠬᠤᠯᠪᠤᠭᠠᠯᠠᠵᠤ᠂ ᠮᠣᠩᠭᠤᠯ ᠲᠥᠪᠡᠳ ᠤᠨ ᠰᠤᠷᠭᠠᠭᠤᠯᠢ ᠶᠢᠨ ᠬᠠᠭᠤᠴᠢᠨ ᠪᠠᠭᠤᠷᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠵᠤ᠂ ᠣᠯᠠᠨ ᠨᠡᠶᠢᠲᠡ ᠳᠤ ᠵᠢᠩᠬᠢᠨᠢ ᠪᠠᠷ ᠨᠡᠭᠡᠭᠡᠯᠲᠡ ᠬᠢᠵᠦ ᠨᠡᠶᠢᠭᠡᠮ  ᠤᠨ ᠡᠯ᠎ᠡ ᠡᠲᠡᠭᠡᠳ ᠤᠨ ᠬᠥᠮᠦᠰ ᠢ ᠤᠷᠢᠵᠤ ᠲᠣᠭᠤᠷᠢᠨ ᠦᠵᠡᠭᠦᠯᠵᠦ ᠪᠡᠶᠡᠴᠢᠯᠡᠨ ᠣᠶᠢᠯᠠᠭᠠᠭᠤᠯᠪᠠ᠃      ᠪᠡᠭᠡᠵᠢᠩ ᠬᠤᠳᠠ ᠶᠢᠨ ᠪᠠᠷᠠᠭᠤᠨ ᠬᠤᠳᠠ ᠲᠣᠭᠤᠷᠢᠭ ᠤᠨ ᠰᠢᠶᠤᠤ ᠱᠢ ᠬᠡᠤ ᠭᠤᠳᠤᠮᠵᠢ ᠶᠢᠨ 33 ᠳ᠋ᠤᠭᠠᠷ ᠨᠣᠮᠧᠷ      H5 ᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠡᠶᠡᠴᠢᠯᠡᠨ ᠣᠶᠢᠯᠠᠭᠠᠬᠤ ᠣᠷᠳᠣᠨ ᠤ ᠤᠷᠢᠯᠭ᠎ᠠ ᠶᠢᠨ ᠪᠢᠴᠢᠭ ᠨᠢᠭᠡ ᠬᠤᠪᠢ ᠪᠠᠶᠢᠨ᠎ᠠ᠂ ᠬᠤᠷᠢᠶᠠᠨ ᠠᠪᠤᠭᠠᠷᠠᠢ      ᠬᠤᠶᠠᠷ ᠬᠡᠮᠵᠢᠯᠳᠦ ᠺᠣᠳ᠋ ᠢ ᠤᠳᠠᠭᠠᠨ ᠳᠠᠷᠤᠵᠤ ᠢᠯᠭᠠᠨ ᠳᠠᠨᠢᠬᠤ ᠪᠤᠶᠤ ᠰᠢᠷᠪᠢᠯᠳᠡ ᠬᠢᠵᠦ ᠨᠠᠷᠢᠨ ᠪᠠᠶᠢᠳᠠᠯ ᠢ ᠪᠠᠶᠢᠴᠠᠭᠠᠨ ᠦᠵᠡᠵᠦ ᠪᠣᠯᠤᠨ᠎ᠠ᠃           ᠣᠷᠴᠢᠭᠤᠯᠤᠭᠴᠢ᠄ ᠣᠶᠤᠨᠰᠡᠴᠡᠨ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ