ᠣᠷᠴᠣᠨ ᠤ ᠥᠪᠡᠷᠲᠡᠭᠡᠨ ᠵᠠᠰᠠᠬᠤ ᠬᠤᠰᠢᠭᠤ ︽ᠬᠢᠩᠭᠠᠨ ᠤ ᠮᠥᠰᠥ ᠴᠠᠰᠤᠨ ᠤ ᠤᠯᠠᠷᠢᠯ  ᠬᠢᠨᠭ᠍ᠭᠠᠨ ᠲᠠᠪᠠᠭ᠎ᠠ ᠳᠠᠬᠢ ᠪᠠᠶᠠᠷᠲᠤ ᠠᠶᠠᠯᠠᠯ︾ ᠢᠶᠠᠷ ᠣᠷᠴᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/4/13
      ᠣᠶᠢᠷ᠎ᠠ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠨᠢ ︽ᠬᠢᠩᠭᠠᠨ ᠤ ᠮᠥᠰᠥ ᠴᠠᠰᠤᠨ ᠤ ᠤᠯᠠᠷᠢᠯ  ᠬᠢᠨᠭ᠍ᠭᠠᠨ ᠲᠠᠪᠭ᠎ᠠ ᠳᠠᠬᠢ ᠪᠠᠶᠠᠷᠲᠤ ᠠᠶᠠᠯᠠᠯ︾ ᠢᠶᠠᠷ ᠣᠷᠴᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ 300 ᠵᠠᠯᠠᠭᠤᠴᠤᠳ ᠪᠠᠭᠠᠴᠤᠳ ᠶᠡᠷᠦᠩᠬᠡᠶᠢᠯᠡᠭᠰᠡᠨ ᠣᠷᠳᠣᠨ ᠤ ᠠᠭᠤᠳᠠᠮ ᠲᠠᠯᠠᠪᠠᠶ ᠳᠠᠬᠢ ᠴᠠᠰᠤᠨ ᠱᠤᠭᠤᠮᠠᠯ ᠤᠳ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠣᠷᠳᠣᠨ᠂ ᠭᠠᠵᠠᠷ ᠰᠢᠨᠵᠢᠯᠡᠭᠡᠨ ᠤ ᠮᠦᠽᠧᠶ᠂ ᠬᠢᠨᠭ᠍ᠭᠠᠨ ᠳᠠᠪᠠᠭ᠎ᠠ ᠳᠠᠬᠢ ᠳᠤᠷᠠᠰᠤᠮᠵᠢ ᠶᠢᠨ ᠳᠡᠯᠭᠡᠨ ᠦᠵᠡᠭᠦᠯᠬᠦ ᠣᠷᠳᠣᠨ᠂ ᠣᠷᠴᠣᠨ ᠤ ᠦᠨᠳᠦᠰᠦᠲᠡᠨ ᠤ ᠮᠦᠽᠧᠶ᠂ ᠲᠣᠪᠠ ᠰᠢᠶᠡᠨᠪᠢ ᠶᠢᠨ ᠲᠡᠦᠬᠡ ᠶᠢᠨ ᠮᠦᠽᠧᠶ ᠶᠢ ᠬᠠᠮᠲᠤ ᠪᠠᠷ ᠰᠣᠨᠢᠷᠬᠠᠬᠰᠠᠨ ᠤ ᠬᠠᠮᠲᠤ᠂ ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠣᠯᠴᠠᠵᠤ᠂ ᠰᠢᠨᠵᠢᠯᠡᠬᠦ ᠤᠬᠠᠭᠠᠨ ᠤ ᠬᠠᠶᠢᠨ ᠰᠢᠨᠵᠢᠯᠡᠯᠲᠡ ᠬᠢᠬᠦ ᠳᠤᠮᠳᠠ ᠣᠲᠣ ᠦᠶ᠎ᠡ ᠶᠢᠨ ᠪᠣᠯᠪᠠᠰᠤᠨ ᠢ ᠣᠶᠢᠯᠠᠭᠠᠵᠤ᠂ ᠬᠥᠭᠵᠢᠯᠲᠡ ᠶᠢ ᠪᠡᠶᠡᠴᠢᠯᠡᠨ ᠣᠶᠢᠯᠠᠭᠠᠬᠤ ᠳᠤᠮᠳᠠ ᠡᠭᠡ ᠤᠷᠤᠨᠴᠢ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠪᠤᠳᠤᠯ ᠰᠡᠳᠬᠢᠯ ᠢᠶᠠᠨ ᠰᠤᠯᠢᠯᠴᠠᠵᠦ ᠬᠤᠷᠰᠢᠯᠴᠠᠬᠤ ᠳᠤᠮᠳᠠ ᠪᠦᠯᠬᠦᠮᠳᠡᠯ ᠤᠨ ᠤᠬᠠᠮᠰᠠᠷ ᠢ ᠴᠢᠩᠭᠠᠳᠬᠠᠪᠠ᠃      ᠬᠢᠨᠭ᠍ᠭᠠᠨ ᠳᠠᠪᠠᠭ᠎ᠠ ᠳᠠᠬᠢ ᠳᠤᠷᠠᠰᠤᠮᠵᠢ ᠶᠢᠨ ᠳᠡᠯᠭᠡᠨ ᠦᠵᠡᠭᠦᠯᠬᠦ ᠣᠷᠳᠣᠨ ᠳᠤ᠂ ᠦᠨᠳᠦᠰᠦᠲᠡᠨ ᠨᠦᠭᠦᠳ ᠤᠨ ᠰᠤᠷᠤᠭᠴᠢᠳ ᠤᠯᠤᠰ ᠪᠠᠶᠢᠭᠤᠯᠤᠭᠳᠠᠬᠤ ᠠᠴᠠ ᠡᠮᠦᠨᠡᠬᠢ ᠪᠠ ᠬᠤᠶᠢᠨᠠᠬᠢ ᠦᠶ᠎ᠡ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠪᠢᠰᠬᠠᠯ ᠤᠨ ᠲᠡᠦᠬᠡ ᠶᠢᠨ ᠬᠤᠪᠣᠷ ᠨᠠᠨᠳᠢᠨ ᠪᠣᠳᠠᠲᠤ ᠡᠳ᠋᠂ ᠰᠣᠨᠢᠨ ᠰᠡᠳᠬᠦᠯ ᠨᠣᠮ ᠪᠢᠴᠢᠭ ᠵᠢᠴᠢ ᠡᠯ᠎ᠡ ᠲᠥᠷᠥᠯ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠵᠡᠷᠭᠡ ᠶᠢ ᠪᠡᠶ᠎ᠡ ᠪᠠᠷ ᠢᠶᠠᠨ ᠤᠶᠢᠯᠠᠭᠠᠨ ᠮᠡᠳᠡᠵᠦ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠡᠯ᠎ᠡ ᠦᠨᠳᠦᠰᠦᠲᠡᠨ ᠠᠬ᠎ᠠ ᠳᠡᠭᠦᠦ ᠮᠡᠲᠦ ᠬᠠᠯᠠᠭᠤᠨ ᠲᠤᠳᠤᠨᠤ ᠪᠠᠷ ᠶᠠᠪᠤᠯᠴᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠦ᠂ ᠬᠠᠮᠲᠤ ᠪᠠᠷ ᠪᠦᠯᠬᠦᠮᠳᠡᠨ ᠳᠠᠪᠰᠢᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠲᠡᠦᠬᠡᠨ ᠤᠯᠠ ᠮᠥᠷ ᠢ ᠠᠮᠢᠳᠤᠯᠢᠭ ᠢᠶᠠᠷ ᠪᠡᠶᠡᠴᠢᠯᠡᠨ ᠣᠶᠢᠯᠠᠭᠠᠭᠤᠯᠵᠠᠢ᠃ ᠣᠷᠴᠣᠨ ᠦᠨᠳᠦᠰᠦᠲᠡᠨ ᠤ ᠮᠦᠽᠧᠶ ᠳᠤ᠂ ᠦᠨᠳᠦᠰᠦᠲᠡᠨ ᠨᠦᠭᠦᠳ ᠤᠨ ᠰᠤᠷᠤᠭᠴᠢᠳ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠬᠠᠮᠲᠤ ᠪᠠᠷ ᠣᠶᠢᠯᠠᠭᠠᠵᠤ᠂ ᠲᠡᠳᠡᠨ ᠤ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠬᠤᠪᠢᠰᠬᠠᠯᠳᠤ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠢᠳᠡᠭᠡᠯ ᠵᠤᠷᠢᠭ ᠢ ᠬᠦᠪᠴᠢᠯᠡᠵᠡᠢ᠃ ᠲᠣᠪᠠ ᠰᠢᠶᠡᠨᠪᠢ ᠶᠢᠨ ᠲᠡᠦᠬᠡ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠡᠯᠪᠡᠭ ᠪᠠᠶᠠᠯᠢᠭ ᠲᠡᠦᠬᠡ ᠶᠢᠨ ᠳᠤᠷᠠᠰᠬᠠᠯᠲᠤ ᠵᠦᠢᠯ᠂ ᠨᠠᠷᠢᠨ ᠪᠣᠳᠠᠲᠠᠶ ᠲᠡᠦᠬᠡ ᠶᠢᠨ ᠮᠠᠲ᠋ᠧᠷᠢᠶᠠᠯ ᠨᠢ ᠲᠣᠪᠠ ᠰᠢᠶᠡᠨᠪᠢ ᠶᠢᠨ ᠨᠡᠭᠦᠳᠡᠯ ᠬᠤᠪᠢᠷᠠᠯᠲᠠ ᠠᠭᠤᠰᠤᠯᠴᠠᠭᠰᠠᠨ ᠲᠡᠦᠬᠡ ᠶᠢ ᠬᠦᠢᠴᠡᠳ ᠭᠡᠷᠡᠴᠢᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠲᠡᠦᠬᠡ ᠶᠢᠨ ᠬᠥᠭᠵᠢᠯᠲᠡ ᠪᠣᠯᠤᠨ ᠳᠣᠲᠣᠭᠠᠳᠤ ᠯᠣᠭᠢᠭ ᠢ ᠭᠦᠨᠵᠡᠭᠡᠶ ᠣᠶᠢᠯᠠᠭᠠᠭᠤᠯᠵᠤ᠂ ᠰᠣᠶᠣᠯ ᠤᠨ ᠮᠡᠳᠡᠷᠡᠭᠦᠢ ᠶᠢ ᠨᠢ ᠴᠢᠩᠭᠠᠯᠠᠵᠤ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠣᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠵᠡᠶ᠃      ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ 6 ᠡᠳᠦᠷ ᠤᠨ ᠬᠤᠭᠤᠴᠠᠭᠠᠨ ᠳᠤ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ ᠠᠵᠢᠯᠯᠠᠭ᠎ᠠ  ᠪᠠᠨ ᠪᠡᠶᠡᠯᠡᠭᠦᠯᠵᠦ᠂  ᠪᠤᠳᠤᠯ ᠰᠡᠳᠬᠢᠯ ᠢᠶᠠᠨ ᠰᠣᠯᠢᠯᠴᠠᠬᠤ ᠳᠤᠮᠳᠠ ᠨᠥᠬᠦᠷᠯᠡᠯ ᠢᠶᠠᠨ ᠵᠤᠵᠠᠭᠠᠳᠬᠠᠵᠤ᠂ ᠰᠤᠷᠤᠯᠴᠠᠬᠤ ᠳᠤᠮᠳᠠ ᠮᠡᠳᠡᠯᠭᠡ ᠮᠡᠳᠡᠴᠡ ᠪᠠᠨ ᠨᠡᠮᠡᠭᠳᠡᠭᠦᠯᠵᠦ᠂ ᠬᠤᠷᠰᠢᠯᠴᠠᠬᠤ ᠳᠤᠮᠳᠠ ᠲᠠᠰᠤᠷᠠᠯᠲᠠ ᠦᠭᠡᠢ ᠦᠰᠦᠨ ᠪᠤᠶᠢᠵᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠪᠡ᠃ ᠣᠷᠴᠣᠨ ᠤ ᠥᠪᠡᠷᠲᠡᠭᠡᠨ ᠵᠠᠰᠠᠬᠤ ᠬᠤᠰᠢᠭᠤ ᠨᠢ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠪᠠᠨ ᠲᠦᠰᠢᠭᠯᠡᠵᠦ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠬᠦ ᠪᠠᠷ ᠵᠣᠷᠢᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠪᠠ ᠵᠢᠭᠤᠯᠴᠢᠯᠠᠯ ᠤᠨ ᠰᠣᠳᠣᠨ ᠵᠠᠮ ᠱᠤᠭᠤᠮ ᠢ ᠣᠷᠭᠠᠨᠢᠭ ᠢᠶᠠᠷ ᠠᠭᠤᠰᠤᠯᠴᠠᠭᠤᠯᠵᠤ᠂ ᠬᠤᠶᠠᠷ ᠲᠥᠯᠥᠪᠯᠡᠭᠡ ᠶᠢ ᠬᠠᠮᠲᠤ ᠪᠠᠷ ᠠᠬᠢᠭᠤᠯᠵᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠣᠯᠠᠨ ᠶᠠᠩᠵᠤᠴᠢᠯᠠᠭᠰᠠᠨ᠂ ᠬᠠᠶᠢᠷ᠎ᠠ ᠰᠡᠳᠬᠢᠯᠭᠡ ᠪᠢᠯᠬᠠᠮ᠎ᠠ᠂ ᠴᠢᠨᠠᠷ ᠰᠠᠶᠢᠲᠠᠶ ᠰᠤᠳᠤᠯᠤᠨ ᠰᠤᠷᠤᠯᠴᠠᠬᠤ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃           ᠣᠷᠴᠢᠭᠤᠯᠤᠭᠴᠢ᠄ ᠣᠶᠤᠨᠴᠡᠴᠡᠭ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ