ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/17
      4 ᠳ᠋ᠤᠬᠡᠷ ᠰᠠᠷ᠎ᠠ ᠶᠢᠨ 14 ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ  ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠤᠤᠯ ᠰᠡᠳᠦᠪᠲᠦ ᠬᠥᠮᠦᠵᠢᠯ ᠥᠷᠨᠢᠭᠦᠯᠬᠦ ᠳᠤ ᠪᠥᠬᠦ ᠲᠠᠯ᠎ᠠ ᠶᠢᠨ ᠳᠠᠶᠢᠴᠢᠯᠠᠯᠲᠠ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ᠂ ᠳᠤᠭᠤᠶᠢᠯᠠᠩ ᠤᠨ ᠳᠡᠳ᠋ ᠳᠠᠷᠤᠭ᠎ᠠ ᠮᠠ ᠴᠧᠨ ᠵᠢᠴᠢ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᠮᠤᠤ ᠹᠠᠩ ᠤᠷᠢᠯᠭ᠎ᠠ ᠪᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠲᠤᠬᠠᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠵᠢᠯᠣᠭᠤᠳᠬᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ ᠬᠤᠷᠠᠯ ᠢ ᠡᠷᠬᠢᠯᠡᠪᠡ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠬᠦᠴᠦᠲᠡᠶ ᠠᠷᠭ᠎ᠠ ᠬᠡᠮᠵᠢᠶ᠎ᠡ ᠮᠦᠨ᠂ ᠪᠠᠰᠠ ᠴᠦ ᠪᠥᠬᠦ ᠨᠠᠮ ᠤᠨ ᠭᠡᠰᠢᠭᠦᠨ ᠢ ᠳᠠᠶᠢᠴᠢᠯᠠᠨ ᠨᠠᠮ  ᠤᠨ ᠭᠤᠤᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠤᠭ᠎ᠠ ᠶᠡᠭᠡ ᠰᠢᠨ᠎ᠡ ᠢᠨᠵᠧᠨᠧᠷᠢᠩ ᠢ ᠭᠦᠨᠵᠡᠭᠡᠶ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ ᠲᠥᠪ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠪᠥᠭᠡᠳ ᠭᠤᠣᠯ ᠰᠡᠳᠦᠪᠲᠦ ᠬᠥᠮᠦᠵᠢᠯ ᠤᠨ ᠡᠯ᠎ᠡ ᠲᠦᠷᠦᠯ ᠤᠨ ᠠᠵᠢᠯ ᠳᠤ ᠪᠦᠬᠦ ᠲᠠᠯ᠎ᠠ  ᠶᠢᠨ ᠪᠠᠶᠢᠷᠢᠯᠠᠭᠤᠯᠤᠯᠲᠠ ᠬᠢᠵᠦ᠂ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠥᠷᠭᠡᠨ ᠬᠠᠷᠠᠭᠠᠰᠤ᠂ ᠬᠦᠨᠵᠡᠬᠡᠢ ᠦᠵᠡᠯ ᠰᠠᠨᠠᠭ᠎ᠠ᠂ ᠡᠯᠪᠡᠭ ᠪᠠᠶᠠᠯᠢᠭ ᠠᠭᠤᠯᠤᠭᠳᠠᠬᠤᠨ ᠲᠠᠢ ᠮᠦᠷᠳᠡᠬᠡᠨ ᠮᠠᠷᠺᠰ ᠤᠨ ᠦᠵᠡᠯ ᠤᠨ ᠬᠦᠳᠦᠯᠪᠤᠷᠢ ᠶᠢᠨ ᠴᠢᠨᠠᠷᠳᠠᠢ ᠰᠤᠷᠪᠤᠯᠵᠢ ᠪᠢᠴᠢᠭ ᠪᠠᠶᠢᠵᠤ᠂ ᠪᠦᠬᠦ ᠨᠠᠮ ᠤᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠵᠠᠢ ᠬᠡᠵᠦ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ ᠰᠦᠨ ᠱᠣᠤ ᠴᠧᠩ ᠱᠦᠵᠢ ᠭᠤᠤᠯ ᠰᠡᠳᠦᠪᠲᠦ ᠬᠥᠮᠦᠵᠢᠯ ᠤᠨ ᠡᠯ᠎ᠡ ᠲᠦᠷᠦᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠶ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠪᠣᠳᠠᠲᠠᠶ ᠱᠠᠭᠠᠷᠳᠠᠯᠭ᠎ᠠ ᠳᠤᠷᠠᠳᠴᠤ᠂ ᠪᠢᠳᠡᠨ ᠤ ᠭᠤᠤᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠴᠢᠭᠯᠡᠯ ᠢ ᠲᠤᠳᠤᠷᠬᠠᠶᠢᠯᠠᠵᠤ ᠥᠭᠴᠡᠶ᠃
      1.jpg
           ᠬᠤᠷᠠᠯ ᠠᠴᠠ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠬᠡᠭᠰᠢᠯᠡᠬᠦᠯᠵᠦ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ  ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠪᠦᠬᠦ ᠲᠠᠯ᠎ᠠ ᠳᠤ ᠬᠤᠯᠪᠣᠭᠳᠠᠬᠤ ᠴᠢᠬᠤᠯᠨ ᠶᠠᠪᠤᠳᠠᠯ᠂ ᠠᠯᠤᠰ ᠬᠡᠲᠦ ᠳᠤ ᠬᠤᠯᠪᠣᠭᠳᠠᠬᠤ ᠶᠡᠭᠡ ᠶᠠᠪᠤᠳᠠᠯ ᠪᠤᠯᠭᠠᠵᠤ᠂ ᠨᠠᠮ ᠤᠨ ᠭᠡᠰᠢᠭᠦᠳ ᠺᠠᠳ᠋ᠷᠴᠤᠳ ᠤᠨ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ  ᠶᠢ ᠬᠦᠮᠦᠵᠢᠬᠦᠯᠦᠨ ᠵᠢᠯᠤᠭᠤᠳᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠤᠯᠠᠮ ᠴᠢᠨᠠᠭᠰᠢᠳᠠ ᠬᠦᠰᠡᠯᠡᠩ ᠢᠶᠠᠨ ᠪᠠᠳᠤᠳᠬᠠᠬᠤ᠂ ᠨᠠᠮᠴᠢ ᠴᠢᠨᠠᠷ ᠢᠶᠠᠨ ᠳᠠᠪᠳᠠᠨ ᠪᠤᠯᠪᠠᠰᠤᠷᠠᠭᠤᠯᠬᠤ ᠪᠠ ᠦᠶᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠤᠯᠭᠠᠨ ᠬᠤᠪᠢᠷᠠᠭᠤᠯᠵᠤ᠂ ᠨᠠᠮ ᠤᠨ ᠭᠡᠰᠢᠭᠦᠨ᠂ ᠺᠠᠳ᠋ᠷ ᠤᠨ ᠰᠤᠷᠤᠯᠴᠠᠯᠭ᠎ᠠ ᠪᠤᠯᠤᠨ ᠠᠵᠢᠯ ᠤᠨ ᠬᠠᠯᠠᠭᠤᠨ ᠰᠡᠳᠬᠢᠯᠭᠡ ᠶᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠶᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠨ ᠬᠤᠪᠢᠷᠠᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃       ᠬᠤᠷᠠᠯ ᠠᠴᠠ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠠᠪᠳᠡᠷᠡᠬᠦᠯᠵᠦ᠂ ᠣᠷᠭᠠᠨᠢᠭ ᠢᠶᠠᠷ ᠠᠭᠤᠰᠤᠯᠴᠠᠭᠤᠯᠬᠤ᠂ ᠨᠢᠭᠡ  ᠴᠣᠭᠴᠠᠵᠢᠭᠤᠯᠤᠨ ᠠᠬᠢᠭᠤᠯᠬᠤ ᠬᠡᠷᠡᠭᠲᠡᠢ᠃ ︽ᠠᠷᠪᠠ ᠶᠢ ᠲᠣᠳᠣᠷᠬᠠᠶᠢᠯᠠᠬᠤ︾᠂ ︽ᠠᠷᠪᠠᠨ ᠳᠥᠷᠪᠡᠨ ᠪᠠᠷᠢᠮᠲᠠᠯᠠᠯ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ︾ ᠶᠢᠨ ᠭᠤᠤᠯ ᠠᠭᠤᠯᠭ᠎ᠠ ᠶᠢ ᠰᠢᠰᠲ᠋ᠧᠮ ᠲᠠᠢ ᠰᠤᠷᠤᠯᠴᠠᠨ ᠡᠵᠡᠮᠰᠢᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦᠢ ᠯᠠ ᠰᠢᠨᠵᠢᠯᠡᠬᠦ ᠤᠬᠠᠭᠠᠨᠴᠢ ᠰᠢᠰᠲ᠋ᠧᠮ ᠤᠨ ᠳᠤᠮᠳᠠ ᠳᠡᠯᠪᠢᠨ ᠲᠠᠨᠢᠨ ᠡᠵᠡᠮᠰᠢᠵᠦ᠂ ᠡᠭᠦᠨ ᠤ ᠳᠤᠮᠳᠠ ᠠᠴᠠ ᠡᠷᠡᠮᠡᠬᠡᠶᠢᠯᠡᠨ ᠳᠠᠪᠰᠢᠬᠤ ᠣᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠲᠥᠪ ᠬᠤᠷᠢᠶᠠᠨ ᠤ 12 ᠲᠠᠯ᠎ᠠ ᠶᠢᠨ ᠪᠠᠶᠢᠴᠠᠭᠠᠨ ᠰᠤᠳᠤᠯᠬᠤ ᠠᠭᠤᠯᠭ᠎ᠠ ᠶᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠤᠨ ᠲᠣᠭᠤᠷᠢᠨ ᠳᠤ᠂ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠬᠢᠬᠦ᠂ ᠬᠠᠷᠠᠯᠲᠠ ᠲᠠᠢ ᠪᠠᠷ ᠰᠡᠳᠦᠪ ᠰᠣᠩᠭᠤᠬᠤ ᠶᠢ ᠪᠠᠷᠢᠮᠲᠠᠯᠠᠵᠤ᠂ ︽ᠭᠦᠨᠵᠡᠭᠡᠶ᠂ ᠪᠣᠳᠠᠲᠠᠶ᠂ ᠨᠠᠷᠢᠯᠢᠭ᠂ ᠣᠨᠣᠪᠴᠢᠲᠠᠶ᠂ ᠪᠦᠲᠦᠮᠵᠢᠲᠡᠶ︾ ᠭᠡᠬᠦ ᠲᠠᠪᠤᠨ ᠥᠰᠥᠭ ᠢ ᠰᠠᠶᠢᠲᠤᠷ ᠤᠶᠢᠯᠠᠭᠠᠵᠤ᠂ ᠪᠠᠶᠢᠴᠠᠭᠠᠨ ᠰᠤᠳᠤᠯᠤᠯᠲᠠ ᠶᠢᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠦᠴᠦᠨ ᠢ ᠲᠠᠶᠢᠴᠢᠯᠠᠵᠤ᠂ ︽ᠲᠠᠪᠤᠨ ᠪᠣᠳᠠᠲᠤ ᠶᠠᠪᠤᠳᠠᠯ ᠪᠠ ᠶᠣᠰᠣ ᠤᠴᠢᠷ︾ ᠢ ᠲᠣᠳᠣᠷᠬᠠᠢ ᠲᠠᠶᠢᠯᠪᠤᠷᠢᠯᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ ᠪᠠᠶᠢᠴᠠᠭᠠᠨ ᠦᠵᠡᠬᠦ ᠶᠢ ᠪᠠᠷᠢᠮᠳᠠᠯᠠᠵᠤ᠂ ᠠᠰᠠᠭᠤᠳᠠᠯ ᠢ ᠦᠨᠡᠨ ᠬᠦ ᠡᠷᠢᠵᠦ᠂ ᠦᠨᠡᠨ ᠠᠰᠠᠭᠤᠳᠠᠯ ᠢ ᠡᠷᠢᠵᠦ᠂ ᠤᠨᠤᠯ ᠤᠨ ᠰᠤᠷᠤᠯᠴᠠᠯᠭ᠎ᠠ᠂ ᠤᠯᠤᠰ ᠲᠦᠷᠦ ᠶᠢᠨ ᠬᠡᠪ ᠪᠣᠯᠪᠠᠰᠤᠷᠠᠯ᠂ ᠡᠷᠳᠡᠮ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ᠂ ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠵᠡᠷᠭᠡ 6 ᠲᠠᠯ᠎ᠠ ᠶᠢᠨ ᠲᠤᠪᠤᠶᠢᠮ᠎ᠠ ᠠᠰᠠᠭᠤᠳᠠᠯ ᠢ  ᠤᠨᠴᠠᠭᠠᠶᠢᠯᠡᠨ ᠰᠢᠢᠳᠪᠦᠷᠢᠯᠡᠬᠦ ᠬᠡᠷᠡᠭᠲᠡᠢ᠃ ︽ᠣᠳᠣᠬᠠᠨ ᠳᠤ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠨ ᠲᠤᠭᠤᠰᠢᠯᠠᠭᠤᠯᠬᠤ ᠲᠦᠷᠢᠮ ᠲᠤᠭᠳᠠᠯᠴᠠᠭ᠎ᠠ  ᠶᠢ ᠪᠦᠷᠢᠨᠰᠢᠬᠦᠯᠵᠦ᠂ ᠡᠯ᠎ᠡ ᠵᠦᠢᠯ ᠤᠨ ᠲᠦᠷᠢᠮ ᠤᠨ ᠲᠣᠭᠲᠠᠭᠠᠭᠳᠠᠨ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ᠂ ᠲᠤᠰᠠᠲᠠᠢ ᠪᠠᠶᠢᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃
      2.jpg  
          ᠯᠢ ᠭᠠᠩ ᠨᠥᠬᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠯᠤᠰ ᠲᠦᠷᠦ ᠶᠢᠨ ᠵᠣᠭᠰᠣᠴᠠ ᠥᠨᠳᠥᠷ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠣᠳᠠᠲᠠᠢ᠂ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠳᠤᠳᠬᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠠᠵᠢᠯ ᠢ ᠰᠠᠶᠢᠬᠠᠨ ᠡᠬᠢᠯᠡᠬᠦᠯᠵᠡᠢ᠃ ᠲᠠᠷᠠᠭᠠᠴᠢ ᠶᠢᠨ ᠠᠯᠬᠤᠮ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠬᠡ ᠠᠯᠬᠤᠮ ᠳᠡᠭᠡᠭᠰᠢᠯᠡᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠢᠮᠠᠭᠲᠠ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠳᠠᠳᠤ ᠬᠠᠷᠠᠯᠲᠠ ᠲᠠᠢ ᠨᠢᠭᠲᠠ ᠤᠶᠠᠯᠳᠤᠭᠤᠯᠵᠤ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ  ᠲᠠᠢ ᠠᠭᠤᠰᠤᠯᠴᠠᠭᠤᠯᠵᠤ᠂ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠶᠢ ᠰᠠᠶᠢᠲᠤᠷ ᠡᠵᠡᠮᠳᠡᠵᠦ᠂ ᠪᠠᠶᠢᠴᠠᠭᠠᠨ ᠰᠤᠳᠤᠯᠤᠯᠲᠠ ᠶᠢᠨ ᠴᠢᠭᠯᠡᠯ ᠢᠶᠠᠨ ᠣᠨᠣᠪᠴᠢᠲᠠᠶ ᠣᠯᠵᠤ᠂ ᠬᠥᠭᠵᠢᠯᠲᠡ ᠶᠢ ᠠᠬᠢᠭᠤᠯᠬᠤ ᠪᠠᠷ ᠬᠦᠴᠢᠷ ᠠᠰᠠᠭᠤᠳᠠᠯ ᠢ ᠰᠢᠶᠳᠪᠦᠷᠢᠯᠡᠵᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠲᠡᠮᠡᠴᠡᠯ  ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠦᠷᠢᠮ ᠲᠣᠭᠲᠠᠭᠠᠯ ᠲᠣᠭᠲᠠᠭᠠᠬᠤ ᠳᠤ ᠣᠷᠳᠣ ᠬᠤᠭᠤᠴᠠᠭᠠᠨ ᠤ ᠪᠦᠲᠦᠮᠵᠢᠲᠡᠶ ᠲᠤᠭᠲᠠᠴᠠ ᠶᠢ ᠪᠦᠷᠢᠯᠳᠦᠭᠦᠯᠵᠦ᠂ ᠭᠤᠤᠯ ᠰᠡᠳᠦᠪᠲᠦ ᠬᠥᠮᠦᠵᠢᠯ ᠤᠨ ᠡᠯ᠎ᠡ ᠲᠦᠷᠦᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠵᠢᠯᠣᠭᠤᠳᠬᠤ ᠳᠤᠭᠤᠶᠢᠯᠠᠩ ᠴᠤ ᠳᠡᠭᠡᠷᠡᠬᠢ ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠪᠠᠷ ᠱᠠᠭᠠᠷᠳᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠲᠠᠢ ᠬᠠᠮᠲᠤ ᠪᠠᠷ ᠰᠤᠷᠤᠯᠴᠠᠵᠤ᠂ ᠬᠠᠮᠲᠤ ᠪᠠᠷ ᠳᠡᠭᠡᠭᠰᠢᠯᠡᠵᠦ᠂ ᠬᠠᠮᠲᠤ ᠪᠠᠷ ᠰᠡᠳᠦᠪ ᠬᠠᠷᠢᠭᠤᠯᠵᠤ᠂ ᠱᠠᠭᠠᠷᠳᠠᠨ ᠵᠢᠯᠣᠭᠤᠳᠬᠤ ᠶᠢ ᠭᠤᠤᠯ ᠰᠡᠳᠦᠪᠲᠦ ᠬᠥᠮᠦᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠠᠰᠠᠭᠤᠳᠠᠯ ᠢ ᠴᠠᠭ ᠲᠤᠬᠠᠶ ᠳᠤ ᠨᠢ ᠵᠠᠯᠠᠷᠠᠭᠤᠯᠵᠤ᠂ ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠳᠤ ᠨᠢ ᠢᠯᠡᠷᠡᠭᠦᠯᠦᠨ ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠡᠮᠦᠨ᠎ᠡ ᠡᠩᠨᠡᠭᠡᠨ ᠳᠤ ᠣᠷᠤᠵᠤ᠂ ᠥᠯᠢᠭᠡᠷ ᠳᠠᠭᠤᠷᠢᠶᠠᠯ ᠪᠣᠯᠬᠤ  ᠶᠢ ᠴᠢᠷᠮᠠᠶᠢᠨ ᠠᠬᠢᠭᠤᠯᠬᠤ ᠬᠡᠷᠡᠭᠳᠡᠢ ᠬᠡᠵᠦ ᠵᠢᠭᠠᠨ ᠭᠠᠷᠭᠠᠪᠠ᠃       ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠥᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠵᠢᠴᠢ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃              ᠣᠷᠴᠢᠭᠤᠯᠤᠭᠴᠢ᠄ ᠤᠶᠤᠨᠰᠡᠴᠡᠨ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄  ᠪᠠᠶᠠᠨᠴᠢᠮᠡᠭ
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ