ᠦᠤᠰᠢᠨ ᠬᠤᠰᠢᠭᠤ ︽ᠠᠨᠠᠷ ᠤᠨ ᠦᠷ᠎ᠡ︾ ᠡᠮᠴᠢᠯᠡᠭᠡ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠭᠤᠶᠢᠯᠠᠩ ᠢ ᠪᠠᠶᠢᠭᠤᠯᠪᠠ
ᠨᠡᠶᠢᠲᠡᠯᠡᠭᠰᠡᠨ ᠴᠠᠭ᠄
2023/4/18
      4 ᠳ᠋ᠦ᠋ᠭᠡᠷ ᠰᠠᠷ᠎ᠠ ᠶᠢᠨ 4 ᠤ ᠡᠳᠦᠷ᠂ ᠦᠦᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠠᠯᠪᠠᠨ ᠠᠴᠠ ᠪᠠᠶᠢᠭᠤᠯᠤᠭᠰᠠᠨ ᠭᠤᠷᠪᠠᠨ ᠡᠮᠨᠡᠯᠭᠡ ᠶᠢᠨ ᠬᠤᠷᠢᠶᠠᠨ ᠳᠤ ︽ᠠᠨᠠᠷ ᠤᠨ ᠦᠷ᠎ᠡ︾ ᠡᠮᠴᠢᠯᠡᠭᠡ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠭᠤᠶᠢᠯᠠᠩ ᠢ ᠪᠠᠶᠢᠭᠤᠯᠪᠠ᠃      ᠰᠠᠶᠢᠨ ᠳᠤᠷ᠎ᠠ ᠵᠢᠨ‌ᠦᠢᠯᠡᠴᠢᠯᠡᠭᠡᠨ ᠤ ᠳᠤᠭᠤᠶᠢᠯᠠᠩ ᠨᠢ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠮᠴᠢ ᠰᠤᠪᠢᠯᠠᠭᠴᠢ ᠪᠠᠷ ᠭᠤᠤᠯ ᠴᠣᠭᠴᠠ ᠪᠣᠯᠭᠠᠵᠤ᠂ ᠡᠷᠡᠭᠦᠯ ᠮᠡᠨᠳᠦ ᠶᠢᠨ ᠣᠢᠯᠠᠭᠠᠬᠳᠠᠬᠤᠨ ᠢ ᠤᠯᠠᠮᠵᠢᠯᠠᠬᠤ᠂ ᠠᠷᠠᠳ ᠣᠯᠠᠨ ᠤ ᠡᠷᠡᠭᠦᠯ ᠮᠡᠨᠳᠦ ᠳᠤ ᠦᠢᠯᠡᠴᠢᠯᠡᠬᠦ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ᠂ ᠠᠯᠪᠠᠨ ᠵᠢᠷᠤᠮ ᠤᠨ ᠡᠮᠴᠢᠯᠡᠭᠡ᠂ ᠬᠠᠶᠢᠷ᠎ᠠ ᠬᠠᠯᠠᠮᠵᠢ ᠬᠦᠷᠭᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠰᠠᠶᠢᠨ ᠶᠠᠪᠤᠳᠠᠯ ᠬᠢᠵᠦ ᠶᠣᠰᠣ ᠰᠤᠷᠲᠠᠬᠤᠨ ᠢ ᠪᠣᠶ ᠪᠣᠯᠭᠠᠬᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠰᠠᠨᠠᠭᠠᠴᠢᠯᠠᠵᠤ᠂ ᠡᠮᠴᠢᠯᠡᠭᠡ᠂ ᠡᠮ᠂ ᠡᠷᠡᠭᠦᠯ ᠮᠡᠨᠳᠦ ᠬᠦᠷᠭᠡᠬᠦ ᠵᠡᠷᠭᠡ ᠡᠯ᠎ᠡ ᠲᠥᠷᠥᠯ ᠤᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠥᠷᠨᠢᠭᠦᠯᠬᠦ ᠪᠠᠷ ᠳᠡᠮᠵᠢᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠰᠢᠭ ᠬᠦᠷᠲᠡᠭᠡᠵᠦ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠴᠡᠪᠡᠷ ᠰᠠᠶᠢᠬᠠᠨ ᠦᠤᠰᠢᠨ ᠤ ᠴᠢᠨᠠᠷ ᠰᠠᠢᠲᠠᠢ ᠬᠦᠭᠵᠢᠯᠳᠡ ᠳᠤ ᠡᠷᠡᠭᠦᠯ ᠡᠩᠭᠡ ᠶᠢᠨ ᠰᠠᠭᠤᠷᠢ ᠶᠢ ᠲᠠᠯᠪᠢᠪᠠ᠃ ᠣᠳᠣᠬᠠᠨ ᠳᠤ᠂ ︽ᠠᠨᠠᠷ ᠤᠨ ᠦᠷ᠎ᠡ︾ ᠡᠮᠴᠢᠯᠡᠭᠡ ᠡᠷᠡᠭᠦᠯ ᠮᠡᠨᠳᠦ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠨᠢᠭᠡᠨᠲᠡ 5 ᠲᠠᠯᠠᠪᠤᠷ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠰᠢᠭ ᠬᠦᠷᠲᠡᠭᠰᠡᠨ ᠬᠦᠮᠦᠨ ᠤ ᠲᠤᠭ᠎ᠠ ᠨᠡᠶᠢᠲᠡ 328 ᠬᠥᠮᠦᠨ ᠤᠳᠠᠭ᠎ᠠ ᠬᠦᠷᠴᠡᠢ᠃
微信图片_20230418171114.jpg
           ᠣᠷᠴᠢᠭᠤᠯᠤᠭᠴᠢ᠄ ᠡᠷᠳᠡᠨᠢᠪᠢᠯᠢᠭ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠣᠷᠳᠣᠰ ᠬᠤᠲᠠ ᠶᠢᠨ ᠦᠦᠰᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ