ᠬᠥᠯᠥᠨ ᠪᠤᠶᠢᠷ ᠬᠤᠲᠠ ᠪᠣᠯᠤᠨ ᠶᠡᠭᠡ ᠬᠢᠩᠭᠠᠨ ᠳᠠᠪᠠᠭᠠᠨ ᠤ ᠭᠠᠵᠠᠷ ᠣᠷᠣᠨ ᠬᠠᠮᠲᠤᠷᠠᠨ ︽ᠬᠢᠩᠭᠠᠨ ᠳᠠᠪᠠᠭᠠᠨ ᠳᠠᠬᠢ ᠪᠤᠯᠵᠤᠭ᠎ᠠ ᠪᠦᠯᠬᠦᠮᠳᠡᠯ ᠬᠠᠢᠷ᠎ᠠ ᠶᠢᠨ ᠬᠦᠤᠷᠨᠢᠯ︾ ᠦᠨᠳᠦᠰᠦᠲᠡᠨ ᠤ ᠠᠵᠢᠯ ᠤᠨ ᠣᠷᠣᠨ ᠪᠦᠰᠡ ᠠᠯᠤᠰᠯᠠᠭᠰᠠᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/20
      4 ᠳ᠋ᠦ᠋ᠭᠡᠷ ᠰᠠᠷ᠎ᠠ ᠶᠢᠨ 7 ᠤ ᠡᠳᠦᠷ ᠠᠴᠠ 8 ᠤ ᠡᠳᠦᠷ ᠪᠤᠯᠳᠠᠯ᠎ᠠ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠵᠥᠪᠯᠡᠯ ᠪᠣᠯᠤᠨ ᠶᠡᠭᠡ ᠬᠢᠩᠭᠠᠨ ᠳᠠᠪᠠᠭᠠᠨ ᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠬᠠᠮᠲᠤᠷᠠᠨ ︽ᠬᠢᠩᠭᠠᠨ ᠳᠠᠪᠠᠭ᠎ᠠ ᠳᠠᠬᠢ ᠪᠤᠯᠵᠤᠭ᠎ᠠ ᠪᠦᠯᠬᠦᠮᠳᠡᠯ ᠬᠠᠢᠷ᠎ᠠ ᠶᠢᠨ ᠬᠦᠤᠷᠨᠢᠯ︾ ᠣᠷᠣᠨ ᠪᠦᠰᠡ ᠠᠯᠤᠰᠯᠠᠭᠰᠠᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠠᠭᠤᠰᠤᠯᠴᠠᠯ︾ ᠢᠶᠠᠷ ᠵᠣᠷᠢᠯᠲᠠ ᠪᠠ ᠲᠤᠰᠤᠯᠲᠠ ᠪᠣᠯᠭᠠᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠳᠡᠮᠵᠢᠨ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠲᠠᠰᠤᠷᠠᠯᠲᠠ ᠥᠬᠡᠶ ᠥᠷᠭᠡᠳᠬᠡᠪᠡ᠃
微信图片_20230420160246.jpg     
      ᠠᠵᠢᠯᠯᠠᠭ᠎ᠠ ᠶᠢᠨ ᠬᠤᠭᠤᠴᠠᠭᠠᠨ ᠳᠤ᠂ ᠰᠣᠯᠢᠯᠴᠠᠭᠠᠨ ᠤ ᠪᠦᠯᠬᠦᠮ ᠳ᠋ᠡ ᠶᠠᠩ ᠱᠤ᠋ ᠪᠠᠯᠭᠠᠰᠤᠨ ᠤ ᠲᠤᠪᠤᠭᠤᠷ ᠭᠤᠣᠯ ᠠᠩᠴᠢᠨ ᠤ ᠲᠣᠰᠬᠤᠨ ᠳᠤ ︽ᠬᠢᠩᠭᠠᠨ ᠳᠠᠪᠠᠭ᠎ᠠ ᠳᠠᠬᠢ ᠪᠤᠯᠵᠤᠭ᠎ᠠ ᠪᠦᠯᠬᠦᠮᠳᠡᠯ ᠬᠠᠶᠢᠷ᠎ᠠ ᠶᠢᠨ ᠬᠦᠤᠷᠨᠢᠯ︾ ᠦᠨᠳᠤᠰᠤᠳᠡᠨ ᠤ ᠠᠵᠢᠯ ᠤᠨ ᠣᠷᠣᠨ ᠪᠦᠰᠡ ᠠᠯᠤᠰᠯᠠᠭᠰᠠᠨ ᠰᠣᠯᠢᠯᠴᠠᠭᠠᠨ ᠤ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ︽ᠭᠠᠷ ᠭᠠᠷ ᠢᠶᠠᠨ ᠬᠥᠳᠡᠯᠦᠯᠴᠡᠬᠦ᠂ ᠰᠡᠳᠬᠢᠯ ᠵᠢᠷᠤᠬᠡ ᠪᠠᠨ ᠬᠤᠯᠪᠤᠬᠤ᠂ ᠦᠨᠳᠤᠰᠤᠳᠡᠨ ᠨᠦᠭᠦᠳ ᠪᠦᠯᠬᠦᠮᠳᠡᠬᠦ︾ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠣᠷᠴᠣᠨ ᠬᠤᠰᠢᠭᠤᠨ ᠤ ᠳ᠋ᠠ ᠶᠠᠩ ᠱᠤ᠋ ᠪᠠᠯᠭᠠᠰᠤ ᠶᠢᠨ ᠨᠠᠮ ᠤᠨ ᠬᠤᠷᠢᠶ᠎ᠠ ᠪᠣᠯᠤᠨ ᠵᠠᠭᠳᠠᠴᠢ ᠲᠣᠭᠤᠷᠢᠭ ᠤᠨ ᠤᠯᠠᠭᠠᠨ ᠲᠤᠭ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ ᠶᠢ ᠬᠠᠮᠲᠤᠷᠠᠨ ᠪᠠᠶᠢᠭᠤᠯᠬᠤ ᠪᠠ ᠬᠤᠯᠪᠤᠭᠠᠯᠠᠨ ᠪᠠᠶᠢᠭᠤᠯᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ︽ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠡᠯᠲᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ — ᠳᠤᠮᠳᠠᠳᠤ ᠶᠢᠨ ᠤᠯᠠᠮᠵᠢᠯᠠᠯᠲᠤ ᠤᠷ᠎ᠠ ᠮᠡᠷᠭᠡᠵᠢᠯ ᠤᠨ ᠪᠣᠯᠪᠠᠰᠤᠷᠠᠯ︾ ᠢ ᠥᠷᠨᠢᠭᠦᠯᠵᠦ᠂ ᠶᠡᠭᠡ ᠬᠢᠩᠭᠠᠨ ᠳᠠᠪᠠᠭᠠᠨ ᠤ ᠭᠠᠵᠠᠷ ᠣᠷᠣᠨ ᠤ ᠡᠯᠡᠰᠦᠨ ᠵᠢᠷᠤᠭ᠂ ᠴᠠᠭᠠᠰᠤᠨ ᠬᠠᠶᠢᠴᠢᠯᠠᠮᠠᠯ ᠵᠡᠷᠭᠡ ᠤᠯᠠᠮᠵᠢᠯᠠᠯᠲᠤ ᠭᠠᠷ ᠤᠷᠠᠯᠠᠯ ᠤᠨ ᠤᠯᠠᠮᠵᠢᠯᠠᠭᠴᠢᠳ ᠢ ᠤᠷᠢᠵᠤ ᠳ᠋ᠠ ᠶᠠᠩ ᠱᠤ᠋ ᠪᠠᠯᠭᠠᠰᠤᠨ ᠳᠤ ᠬᠢᠴᠢᠶᠡᠯ ᠣᠷᠣᠭᠤᠯᠪᠠ᠃ ᠰᠣᠯᠢᠯᠴᠠᠭᠠᠨ ᠤ ᠪᠦᠯᠬᠦᠮ ᠨᠢ ᠬᠤᠶᠠᠷ ᠭᠠᠵᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ ᠬᠥᠭᠵᠢᠯᠲᠡ ᠶᠢᠨ ᠰᠡᠳᠬᠢᠮᠵᠢ᠂ ᠦᠷ᠎ᠡ ᠪᠦᠲᠦᠮᠵᠢ ᠠᠷᠭ᠎ᠠ ᠬᠡᠮᠵᠢᠶ᠎ᠡ ᠪᠠ ᠥᠪᠡᠷᠮᠢᠴᠡ ᠣᠨᠴᠠᠯᠢᠭ ᠬᠢᠯᠠᠰ ᠴᠡᠭ ᠵᠡᠷᠭᠡ ᠶᠢᠨ ᠲᠤᠬᠠᠶ ᠭᠦᠨᠵᠡᠭᠡᠶ ᠶᠠᠷᠢᠯᠴᠠᠨ ᠰᠣᠯᠢᠯᠴᠠᠪᠠ᠃
W020230410335769727838.png
           ᠣᠷᠴᠢᠭᠤᠯᠤᠭᠴᠢ᠄ ᠡᠷᠳᠡᠨᠢᠪᠢᠯᠢᠭ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠬᠥᠯᠥᠨ ᠪᠣᠶᠢᠷ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ