ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠬᠤ | ᠶᠢᠨ ᠲᠥᠯᠥᠭᠡ᠂ 4 ᠳ᠋ᠤᠬᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ | ᠤᠩᠰᠢᠬᠤ ᠠᠩᠬᠢ ᠵᠢᠩᠬᠢᠨᠢ ᠪᠠᠷ ᠬᠢᠴᠢᠶᠡᠯ ᠡᠬᠢᠯᠡᠪᠡ᠃ | | ᠬᠢᠴᠢᠶᠡᠯ ᠡᠬᠢᠯᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠠᠶᠢᠭᠤᠯᠭ᠎ᠠ ᠵᠢᠴᠢ ᠵᠦᠪᠯᠡᠯ ᠤᠨ ᠬᠠᠷᠢᠶ᠎ᠠ ᠨᠢᠭᠡᠴᠢ | ᠶᠢᠨ ᠪᠥᠬᠦ ᠨᠠᠮ ᠤᠨ ᠭᠡᠰᠢᠭᠦᠨ ᠬᠠᠮᠲᠤ ᠪᠠᠷ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ᠂ ᠫᠷᠤᠹᠧᠰᠰᠤᠷ | ᠭᠦᠸᠧ ᠴᠢᠶᠠᠩ ᠨᠥᠬᠦᠷ ᠤᠨ ︽ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠶ᠎ᠠ︾ ᠭᠡᠬᠦ ᠲᠤᠰᠬᠠᠶ ᠰᠡᠳᠦᠪᠲᠦ | ᠲᠠᠶᠢᠯᠤᠮᠵᠢ ᠶᠢ ᠨᠠᠷᠢᠨ ᠬᠢᠨᠠᠮᠠᠭᠠᠶ ᠦᠵᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠵᠢᠴᠢ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ | ᠭᠦᠨᠵᠡᠭᠡᠶ ᠣᠶᠢᠯᠠᠭᠠᠪᠠ᠃ | | ᠲᠤᠰ ᠤᠳᠠᠭᠠᠨ ᠤ ᠨᠣᠮ ᠤᠩᠰᠢᠬᠤ ᠠᠩᠭᠢ ᠨᠢ ᠦᠨᠳᠦᠰᠦᠲᠡᠨ ᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠤᠰᠬᠠᠶ ᠰᠡᠳᠦᠪᠲᠦ | ᠲᠠᠶᠢᠯᠤᠮᠵᠢ ᠬᠢᠬᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠣᠩᠭᠤᠳᠠᠭ ᠪᠦᠲᠦᠭᠡᠯ ᠤᠩᠰᠢᠬᠤ᠂ ᠤᠨᠤᠯ ᠤᠨ ᠰᠤᠷᠢᠯᠳᠡ᠂ ᠠᠬᠤᠢ ᠲᠠᠯᠠᠪᠠᠢ ᠶᠢᠨ ᠵᠢᠭᠠᠨ ᠰᠤᠷᠭᠠᠯᠲᠠ᠂ | ᠨᠣᠮ ᠤᠩᠰᠢᠬᠤ ᠬᠤᠷᠠᠯ ᠵᠡᠷᠭᠡ ᠬᠡᠯᠪᠡᠷᠢ ᠪᠠᠷ ᠨᠡᠶᠢᠳᠡ 7 ᠡᠳᠦᠷ ᠶᠠᠪᠤᠭᠳᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠠ ᠨᠠᠮ ᠤᠨ ᠲᠦᠷᠢᠮ᠂ | ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ | ᠰᠡᠳᠦᠪᠲᠦ ᠲᠡᠭᠦᠪᠦᠷᠢ︾᠂ ︽ᠰᠢ ᠶᠢᠨ ᠫᠢᠡᠭ ᠤᠨ ᠵᠤᠬᠢᠶᠠᠯ ᠤᠨ ᠰᠤᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ ︵2023 ᠣᠨ ᠤ ᠬᠡᠪᠯᠡᠯ︶︾ ᠵᠡᠷᠭᠡ ᠭᠤᠣᠯᠳᠠᠯᠭ᠎ᠠ ᠲᠠᠢ ᠵᠣᠬᠢᠶᠠᠯ ᠪᠦᠲᠦᠭᠡᠯ ᠵᠢᠴᠢ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ | ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠵᠤ᠂ ᠦᠨᠳᠦᠰᠦᠲᠡᠨ ᠤ ᠵᠥᠪᠯᠡᠯ ᠤᠨ ᠨᠠᠮ | ᠤᠨ ᠭᠡᠰᠢᠭᠦᠨ ᠺᠠᠳ᠋ᠷ ᠤᠨ ᠣᠨᠣᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠬᠡᠭᠰᠢᠯᠡᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ᠂ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ | ᠦᠭᠡᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ | ᠤᠬᠠᠭᠠᠨ ᠢᠶᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠱᠠᠭᠠᠷᠳᠠᠪᠠ᠃ | | | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |