︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠄ ᠪᠤᠭᠤᠲᠤ ᠬᠤᠲᠠ ᠶᠢᠨ ᠳᠠᠷᠬᠠᠨ ᠮᠣᠣᠮᠢᠩᠭᠠᠨ ᠬᠤᠯᠪᠤᠭᠠᠲᠤ ᠬᠤᠰᠢᠭᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠬᠦ ᠶᠢᠨ ᠬᠠᠮᠲᠤ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠵᠢᠴᠢ ᠦᠨᠳᠦᠰᠦᠲᠡᠨ ᠤ ᠵᠥᠪᠯᠡᠯ ᠤᠨ ᠭᠡᠰᠢᠭᠦᠳ ᠤᠨ ᠪᠦᠭᠦᠳᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/20
      4 ᠳ᠋ᠦ᠋ᠭᠡᠷ ᠰᠠᠷ᠎ᠠ ᠶᠢᠨ 13 ᠤ ᠡᠳᠦᠷ᠂ ᠪᠤᠭᠤᠲᠤ ᠬᠤᠲᠠ ᠶᠢᠨ ᠲᠠᠷᠬᠠᠨ ᠮᠣᠣᠮᠢᠩᠭᠠᠨ ᠬᠤᠯᠪᠤᠭᠠᠲᠤ ᠬᠤᠰᠢᠭᠤ 2023 ᠣᠨ ᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠪᠣᠯᠣᠨ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠵᠢᠴᠢ ᠦᠨᠳᠦᠰᠦᠲᠡᠨ ᠤ ᠵᠥᠪᠯᠡᠯ ᠤᠨ ᠭᠡᠰᠢᠭᠦᠳ ᠤᠨ ᠪᠦᠭᠦᠳᠡ ᠬᠤᠷᠠᠯ ᠢ ᠬᠤᠷᠠᠯᠳᠤᠭᠤᠯᠪᠠ᠃      ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠳᠡᠭᠡᠷ᠎ᠡ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠨᠠᠮ ᠤᠨ ᠬᠤᠷᠢᠳᠤᠭᠠᠷ ᠶᠡᠭᠡ ᠬᠤᠷᠠᠯ ᠪᠠ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠪᠦᠷᠢᠨ ᠪᠦᠲᠦᠨ ᠵᠥᠪ ᠣᠨᠣᠪᠴᠢᠲᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠨᠠᠮ ᠤᠨ ᠦᠨᠳᠦᠰᠦᠲᠡᠨ ᠤ ᠣᠨᠣᠯ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠳᠥᠷᠢᠮ ᠤᠨ ᠤᠬᠠᠭᠤᠯᠭ᠎ᠠ ᠬᠦᠮᠦᠵᠢᠯ ᠢ ᠪᠦᠬᠦ ᠠᠷᠠᠳ ᠲᠤ ᠦᠷᠨᠢᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠣᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠣᠯᠠᠨ ᠲᠦᠮᠡᠨ ᠤ ᠰᠣᠨᠣᠰᠣᠭᠠᠳ ᠣᠶᠢᠯᠠᠭᠠᠬᠤ ᠦᠵᠡᠭᠡᠳ ᠮᠡᠳᠡᠬᠦ ᠠᠷᠭ᠎ᠠ ᠬᠡᠯᠪᠡᠷᠢ ᠶᠢ ᠬᠡᠷᠡᠭᠯᠡᠵᠦ᠂ ᠨᠠᠮ ᠤᠨ ᠦᠨᠳᠦᠰᠦᠲᠡᠨ ᠤ ᠣᠨᠣᠯ ᠲᠦᠷᠦ ᠶᠢᠨ ᠪᠣᠳᠣᠯᠭ᠎ᠠ ᠬᠠᠤᠯᠢ ᠳᠦᠷᠢᠮ ᠢ ᠡᠭᠡᠯ ᠠᠷᠠᠳ ᠤᠨ ᠭᠡᠷ ᠡᠷᠦᠬᠡ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠬᠦᠮᠦᠰ ᠤᠨ ᠰᠡᠳᠬᠢᠯ ᠳᠤ ᠬᠠᠳᠠᠩᠰᠢᠭᠤᠯᠵᠤ᠂ ᠰᠦᠭ ᠰᠦᠨᠡᠰᠦᠨ ᠳᠤ ᠨᠢ ᠰᠢᠩᠭᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠵᠢᠴᠢ ᠦᠨᠳᠦᠰᠦᠲᠡᠨ ᠤ ᠵᠥᠪᠯᠡᠯ ᠤᠨ ᠭᠡᠰᠢᠭᠦᠳ ᠤᠨ ᠪᠦᠭᠦᠳᠡ ᠬᠤᠷᠠᠯ ᠠᠴᠠ᠂ ︽ᠨᠠᠢᠮᠠ ᠳᠤ ᠣᠷᠣᠭᠤᠯᠬᠤ︾ ᠲᠦᠷᠦᠭᠦᠯᠡᠨ ᠬᠠᠷᠢᠭᠤᠴᠠᠬᠤ ᠨᠢᠭᠡᠴᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠤᠬᠠᠶᠢᠯᠠᠭᠰᠠᠨ ᠠᠵᠢᠯ ᠪᠠ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠤᠶᠠᠯᠳᠤᠯ ᠴᠡᠭ ᠢ ᠢᠳᠡᠪᠬᠢᠲᠡᠢ ᠠᠭᠤᠲᠠᠯᠵᠤ᠂ ᠦᠨᠳᠦᠰᠦᠲᠡᠨ ᠤ ᠪᠥᠯᠬᠦᠮᠳᠡᠯ ᠳᠠᠪᠰᠢᠯᠲᠠ ᠢ ᠡᠭᠦᠳᠦᠨ ᠪᠠᠶᠢᠭᠤᠯᠬᠤ 35 ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠲᠠᠷᠬᠠᠨ ᠮᠣᠣᠮᠢᠩᠭᠠᠨ ᠬᠤᠯᠪᠤᠭᠠᠲᠤ ᠬᠤᠰᠢᠭᠤᠨ ᠤ ︽1 + 4 + N︾ ᠡᠭᠦᠳᠦᠨ ᠪᠠᠶᠢᠭᠤᠯᠬᠤ ᠠᠵᠢᠯ ᠤᠨ ᠰᠡᠳᠬᠢᠮᠵᠢ ᠳᠤ ᠠᠩᠬᠠᠷᠤᠯ ᠢᠶᠠᠨ ᠬᠠᠨᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠶᠢᠷᠢᠯᠠᠭᠤᠯᠤᠯᠲᠠ ᠳᠤ ᠠᠭᠤᠰᠬᠠᠬᠤ ᠬᠡᠷᠡᠭᠲᠡᠢ᠃ ︽ᠢᠨᠲ᠋ᠧᠷ ᠰᠦᠯᠵᠢᠶ᠎ᠡ + ᠦᠨᠳᠦᠰᠦᠲᠡᠨ ᠤ ᠪᠥᠯᠬᠦᠮᠳᠡᠯ︾ ᠠᠵᠢᠯᠯᠠᠭ᠎ᠠ ᠶᠢ ᠠᠬᠢᠭᠤᠯᠵᠤ᠂ ᠣᠯᠠᠨ ᠨᠡᠶᠢᠲᠡ ᠶᠢᠨ ᠳ᠋ᠤᠭᠠᠷ᠂ ᠸᠢᠳᠢᠤ᠋ ᠳ᠋ᠤᠭᠠᠷ ᠵᠡᠷᠭᠡ ᠠᠴᠢᠶᠠᠯᠠᠭᠴᠢ ᠶᠢ ᠠᠰᠢᠭᠯᠠᠵᠤ᠂ ᠲᠠᠷᠬᠠᠨ ᠮᠣᠣᠮᠢᠩᠭᠠᠨ ᠬᠤᠯᠪᠤᠭᠠᠲᠤ ᠬᠤᠰᠢᠭᠤᠨ ᠤ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠲᠡᠦᠬᠡ ᠶᠢᠨ ᠳᠠᠭᠤᠷᠢᠰᠬᠠᠯ ᠪᠠ ᠰᠢᠨ᠎ᠡ ᠴᠠᠭ ᠦᠶ᠎ᠡ ᠶᠢᠨ ᠪᠥᠯᠬᠦᠮᠳᠡᠯ ᠲᠡᠮᠡᠴᠡᠯ ᠤᠨ ᠦᠯᠢᠭᠡᠷ ᠢ ᠪᠦᠬᠦ ᠲᠠᠯ᠎ᠠ ᠪᠠᠷ ᠤᠬᠠᠭᠤᠯᠬᠤ ᠬᠡᠷᠡᠭᠲᠡᠢ᠃ ᠡᠯ᠎ᠡ ᠲᠦᠷᠦᠯ ᠤᠨ ᠵᠢᠭᠰᠠᠭᠠᠯ ᠤᠨ ᠭᠠᠵᠠᠷ ᠢ ᠨᠢᠭᠡᠳᠦᠯᠲᠡᠢ ᠲᠦᠯᠦᠪᠵᠢᠭᠦᠯᠦᠨ ᠰᠠᠶᠢᠲᠤᠷ ᠠᠰᠢᠭᠯᠠᠵᠤ᠂ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠶᠢ ᠰᠠᠶᠢᠲᠤᠷ ᠦᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠦᠮᠦᠵᠢᠭᠦᠯᠦᠨ ᠵᠢᠯᠣᠭᠤᠳᠬᠤ ᠬᠡᠷᠡᠭᠲᠡᠢ᠃ ᠬᠢᠨᠠᠨ ᠵᠢᠯᠣᠭᠤᠳᠬᠤ ᠠᠵᠢᠯ ᠢ ᠴᠢᠩᠭᠠᠳᠬᠠᠵᠤ᠂ ᠨᠠᠷᠢᠨ ᠬᠢᠨᠠᠮᠠᠭᠠᠢ ᠲᠤᠬᠢᠷᠠᠭᠤᠯᠤᠨ ᠪᠠᠶᠢᠷᠢᠯᠠᠭᠤᠯᠵᠤ᠂ ᠡᠳᠦᠷ ᠲᠤᠲᠤᠮ ᠤᠨ ᠨᠠᠶᠢᠲᠠᠪᠤᠷᠢᠵᠢᠭᠤᠯᠤᠯᠲᠠ ᠶᠢ ᠰᠠᠶᠢᠲᠤᠷ ᠬᠢᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ᠂ ᠬᠠᠷᠢᠯᠴᠠᠨ ᠦᠵᠡᠵᠦ ᠬᠠᠷᠢᠯᠴᠠᠨ ᠰᠤᠷᠤᠯᠴᠠᠬᠤ ᠬᠤᠷᠠᠯ ᠢ ᠬᠤᠷᠠᠯᠳᠤᠭᠤᠯᠵᠤ᠂ ᠠᠵᠢᠯ ᠤᠨ ᠵᠢᠯᠣᠭᠤᠳᠤᠯᠭ᠎ᠠ ᠰᠣᠯᠢᠯᠴᠠᠭ᠎ᠠ ᠶᠢ ᠴᠢᠩᠭᠠᠳᠬᠠᠬᠤ ᠶᠢᠨ ᠬᠠᠮᠲᠤ᠂ ᠬᠢᠨᠠᠨ ᠰᠢᠯᠭᠠᠷᠠᠭᠤᠯᠤᠯᠲᠠ ᠪᠠᠷ ᠳᠠᠷᠤᠯᠲᠠ ᠪᠣᠯᠭᠠᠵᠤ ᠡᠯ᠎ᠡ ᠲᠦᠷᠦᠯ ᠤᠨ ᠠᠵᠢᠯ ᠤᠨ ᠪᠦᠲᠦᠮᠵᠢᠲᠡᠢ ᠨᠠᠶᠢᠲᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃          ᠣᠷᠴᠢᠭᠤᠯᠤᠭᠴᠢ᠄ ᠴᠢᠨᠳᠠᠮᠤᠨᠢ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠵᠥᠪᠯᠡᠯ