︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ︾᠄ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/26
      4 ᠳ᠋ᠤᠭᠡᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠬᠦᠨᠵᠡᠭᠡᠢ ᠥᠷᠨᠢᠭᠦᠯᠵᠦ᠂ ᠭᠤᠤᠯ ᠰᠡᠳᠦᠪᠲᠦ ᠬᠥᠮᠦᠵᠢᠯ  ᠤᠨ ᠨᠣᠮ ᠤᠩᠰᠢᠬᠤ ᠠᠩᠭᠢ ᠶᠢᠨ ᠠᠵᠢᠯᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠭᠡᠰᠢᠭᠦᠳ ᠺᠠᠳ᠋ᠷᠴᠤᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠮᠦᠽᠧᠶ ᠳᠤ ᠬᠦᠷᠴᠦ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠭᠡᠰᠢᠭᠦᠳ ᠺᠠᠳ᠋ᠷᠴᠤᠳ ᠥᠪᠥᠷ ᠮᠣᠩᠭᠤᠯ ᠤᠨ ᠮᠦᠽᠧᠶ  ᠶᠢᠨ ︽ᠠᠭᠤᠰᠤᠯᠴᠠᠯ ᠴᠤᠭᠯᠠᠷᠠᠯ︾ ᠲᠤᠰᠬᠠᠶ ᠰᠡᠳᠦᠪᠲᠦ ᠦᠵᠡᠭᠦᠯᠭᠡ ᠶᠢ ᠲᠣᠭᠤᠷᠢᠨ ᠦᠵᠡᠵᠦ᠂ ︽ᠦᠨᠢᠳᠡ ᠶᠢᠨ ᠤᠯᠠᠮᠵᠢᠯᠠᠯ︾᠂ ︽ᠠᠭᠤᠰᠤᠯᠴᠠᠯ ᠴᠤᠭᠯᠠᠷᠠᠯ︾᠂ ︽ᠠᠮᠤᠷ ᠲᠤᠭᠳᠠᠭᠤᠨ ᠤᠮᠠᠷᠠᠲᠤ ᠬᠢᠵᠠᠭᠠᠷ︾᠂ ︽ᠥᠨᠢᠷ ᠪᠠᠶᠠᠯᠢᠭ ᠰᠣᠶᠣᠯ︾ ᠭᠡᠬᠦ ᠳᠥᠷᠪᠡᠨ ᠨᠢᠭᠡᠴᠢ ᠶᠢᠨ ᠰᠤᠷᠤᠯᠴᠠᠯᠭ᠎ᠠ ᠪᠠᠷ ᠳᠠᠮᠵᠢᠵᠤ᠂ ᠶᠡᠷᠦᠩᠬᠡᠶ ᠱᠦᠵᠢ ᠰᠢ  ᠶᠢᠨ ᠫᠢᠩ ᠤᠨ ︽ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠬᠡᠬᠡᠨ ᠬᠦᠭᠵᠢᠬᠦᠯᠦᠭᠰᠡᠨ ᠶᠤᠮ︔ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ︔ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠬᠦᠳᠦᠭᠰᠡᠨ ᠶᠤᠮ︔ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠦᠳᠦᠬᠡᠭᠰᠡᠨ ᠶᠤᠮ︾ ᠭᠡᠬᠦ ᠴᠢᠬᠤᠯᠠ ᠥᠭᠦᠯᠡᠯᠲᠡ ᠶᠢᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠲᠠᠨᠢᠯᠲᠠ ᠵᠢᠴᠢ ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠵᠦ᠂ ᠮᠠᠨ ᠤ ᠤᠯᠤᠰ ᠪᠣᠯ ᠥᠨᠢ ᠤᠳᠠᠭᠠᠨ ᠲᠡᠦᠬᠡ ᠲᠠᠢ ᠤᠯᠠᠨ ᠦᠨᠳᠦᠰᠦᠲᠡᠨ ᠢᠶᠠᠷ ᠨᠢᠬᠡᠳᠦᠭᠰᠡᠨ ᠤᠯᠤᠰ ᠮᠥᠨ᠂ ᠳᠤᠮᠳᠠᠳᠤ ᠤᠯᠤᠰ ᠤᠨ ᠲᠡᠦᠬᠡ ᠪᠣᠯ ᠦᠨᠳᠦᠰᠦᠲᠡᠨ ᠨᠦᠭᠦᠳ ᠤᠨ ᠠᠭᠤᠰᠤᠯᠴᠠᠭᠰᠠᠨ ᠴᠤᠭᠯᠠᠷᠠᠭᠰᠠᠨ ᠤᠯᠠᠨ ᠡᠰᠢᠳᠦ ᠨᠢᠭᠡ ᠴᠤᠭᠴᠠᠳᠤ ᠳᠤᠮᠳᠠᠳᠤ ᠶᠢᠨ ᠦᠨᠳᠦᠰᠦᠲᠡᠨ ᠤ ᠲᠡᠦᠬᠡ ᠮᠥᠨ᠂ ᠦᠨᠳᠦᠰᠦᠲᠡᠨ ᠨᠦᠭᠦᠳ ᠤᠨ ᠡᠬᠡ ᠤᠯᠤᠰ ᠢᠶᠠᠨ ᠬᠠᠮᠲᠤ ᠪᠠᠷ ᠴᠣᠭᠴᠠᠯᠠᠨ ᠪᠠᠶᠢᠭᠤᠯᠵᠤ᠂ ᠬᠥᠭᠵᠢᠭᠦᠯᠵᠦ᠂ ᠪᠠᠬᠢᠵᠢᠭᠦᠯᠦᠭᠰᠡᠨ ᠠᠭᠤᠤ ᠶᠡᠭᠡ ᠲᠡᠦᠬᠡ ᠮᠥᠨ ᠭᠡᠳᠡᠭ ᠢ ᠨᠡᠩ ᠭᠦᠨᠵᠡᠭᠡᠢ ᠣᠶᠢᠯᠠᠭᠠᠵᠠᠢ᠃
W020230421625172016839.jpg    
      ᠠᠵᠢᠯᠯᠠᠭᠠᠨ ᠤ ᠳᠠᠷᠠᠭ᠎ᠠ᠂ ᠳᠤᠰ ᠤᠳᠠᠭᠠᠨ ᠤ ᠭᠤᠤᠯ ᠰᠡᠳᠦᠪᠲᠦ ᠬᠥᠮᠦᠵᠢᠯ ᠢᠶᠠᠷ ᠲᠣᠬᠢᠶᠠᠯ ᠪᠤᠯᠭᠠᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ  ᠶᠢᠨ ᠰᠤᠷᠤᠯᠴᠠᠯᠭ᠎ᠠ ᠶᠢ ᠴᠢᠩᠭᠠᠳᠬᠠᠵᠤ᠂ ᠲᠡᠦᠬᠡ ᠶᠢᠨ ᠪᠣᠳᠠᠲᠤ ᠬᠡᠷᠡᠭ ᠪᠠ ᠶᠣᠰᠣ ᠤᠴᠢᠷ ᠪᠠᠷ ᠳᠠᠮᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠭᠦᠨᠵᠡᠭᠡᠶᠢᠷᠡᠭᠦᠯᠵᠦ᠂ ︽ᠬᠤᠶᠠᠷ ᠢ ᠲᠤᠭᠳᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠤᠯᠠᠮ ᠨᠢᠭᠡ ᠠᠯᠬᠤᠮ ᠭᠦᠨᠵᠡᠭᠡᠶ ᠤᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠤᠯᠤᠨ ᠲᠡᠭᠦᠨ ᠤ ᠳᠤᠮᠳᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠳᠤᠷ ᠪᠠᠷᠢᠮᠳᠠᠯᠠᠨ ᠰᠠᠶᠢᠳᠤᠷ ᠠᠰᠢᠭᠯᠠᠵᠤ᠂ ᠦᠷᠭᠦᠯᠵᠢᠯᠡᠨ ᠬᠦᠴᠦᠯᠡᠬᠦ ᠪᠠ ᠤᠳᠠᠭᠠᠨ ᠳᠠᠭᠠᠭᠠᠮᠠᠭᠠᠶ ᠵᠢᠳᠬᠦᠨ ᠴᠢᠷᠮᠠᠶᠢᠬᠤ ᠶᠢ ᠪᠠᠷᠢᠮᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠰᠠᠭᠤᠷᠢ ᠴᠢᠨᠠᠷᠳᠠᠢ᠂ ᠠᠯᠤᠰ ᠬᠡᠲᠦ  ᠶᠢᠨ ᠴᠢᠨᠠᠷᠲᠠᠶ ᠠᠵᠢᠯ ᠪᠤᠯᠭᠠᠨ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠦᠷᠭᠦᠯᠵᠢᠯᠡᠨ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠣᠯᠠᠨ ᠢᠶᠠᠷ ᠢᠶᠠᠨ ᠢᠯᠡᠷᠬᠡᠶᠢᠯᠡᠪᠡ᠃     ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠥᠪᠯᠡᠯ ᠤᠨ ᠬᠠᠷᠢᠶ᠎ᠠ ᠡᠯ᠎ᠡ ᠨᠢᠬᠡᠴᠢ ᠶᠢᠨ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠪᠠ᠃          ᠣᠷᠴᠢᠭᠤᠯᠤᠭᠴᠢ᠄ ᠣᠶᠤᠨᠰᠡᠴᠡᠨ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ