ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ︽ᠲᠠᠪᠤᠨ ᠨᠢᠭᠡ︾ ᠬᠢᠯᠢ ᠬᠢᠵᠠᠭᠠᠷ ᠤᠨ ᠣᠨᠴᠠᠯᠢᠭ ᠲᠠᠢ ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠡᠪ ᠵᠠᠭᠪᠤᠷ ᠢ ᠭᠦᠨᠵᠡᠭᠡᠶᠢᠷᠡᠭᠦᠯᠦᠨ ᠦᠷᠬᠡᠳᠬᠡᠵᠦ ᠪᠤᠢ
ᠨᠡᠶᠢᠲᠡᠯᠡᠭᠰᠡᠨ ᠴᠠᠭ᠄
2023/4/28
      ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠪᠠᠷ ᠭᠤᠤᠯ ᠰᠢᠵᠢᠮ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢᠶᠠᠨ ᠳᠡᠭᠡᠭᠰᠢᠯᠡᠭᠦᠯᠬᠦ᠂ ᠤᠯᠤᠰ ᠲᠥᠷᠥ ᠶᠢᠨ ᠴᠢᠳᠠᠮᠵᠢ ᠪᠠᠨ ᠴᠢᠩᠭᠠᠳᠬᠠᠬᠤ ᠪᠠᠷ ᠵᠤᠷᠢᠯᠭ᠎ᠠ ᠪᠣᠯᠭᠠᠵᠤ᠂ ᠪᠥᠬᠦ ᠬᠤᠰᠢᠭᠤᠨ ᠤ ᠬᠢᠯᠢ ᠬᠢᠵᠠᠭᠠᠷ ᠤᠨ ᠮᠠᠯᠵᠢᠬᠤ ᠣᠷᠣᠨ ᠳᠤ ︽ᠨᠢᠭᠡ ᠰᠤᠷᠭᠠᠭᠤᠯᠢ ᠨᠢᠭᠡ ᠠᠩᠭᠢ ᠨᠢᠭᠡ ᠲᠡᠷᠭᠡ ᠨᠢᠭᠡ ᠡᠷᠦᠬᠡ ᠨᠢᠭᠡ ᠦᠶᠯᠡᠰ ᠲᠠᠢ ᠪᠠᠶᠢᠬᠤ︾ ᠲᠠᠪᠤᠨ ᠨᠢᠭᠡ ᠶᠢᠨ ᠣᠨᠴᠠᠯᠢᠭ ᠲᠠᠢ ᠨᠠᠮ ᠤᠨ ᠪᠠᠶᠢᠭᠤᠯᠤᠯᠲᠠ ᠶᠢᠨ ᠬᠡᠪ ᠵᠠᠭᠪᠤᠷ ᠢ ᠭᠦᠨᠵᠡᠭᠡᠶᠢᠷᠡᠭᠦᠯᠦᠨ ᠥᠷᠭᠡᠳᠬᠡᠵᠦ᠂ ᠬᠢᠯᠢ ᠬᠢᠵᠠᠭᠠᠷ ᠣᠷᠣᠨ ᠤ ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠢ ᠬᠥᠲᠥᠯᠥᠨ ᠳᠠᠭᠠᠭᠤᠯᠬᠤ᠂ ᠣᠯᠠᠨ ᠴᠢᠭᠯᠡᠯ ᠢᠶᠠᠷ ᠬᠦᠴᠦᠯᠡᠬᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠵᠠᠮ ᠢ ᠨᠡᠭᠡᠭᠡᠪᠡ᠃       ᠨᠢᠭᠡ ᠰᠤᠷᠭᠠᠭᠤᠯᠢ ᠭᠡᠳᠡᠭ ᠨᠢ ︽ᠲᠠᠯ᠎ᠠ ᠨᠤᠲᠤᠭ ᠤᠨ ᠨᠡᠭᠦᠳᠡᠯ ᠨᠠᠮ ᠤᠨ ᠰᠤᠷᠭᠠᠭᠤᠯᠢ︾ ᠶᠢᠨ ᠪᠠᠶᠢᠩᠭᠤ ᠶᠢᠨ ᠬᠥᠮᠦᠵᠢᠯ ᠢ ᠵᠢᠭᠠᠵᠤ ᠪᠣᠶ᠃ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ︽ᠲᠠᠪᠤᠨ ᠭᠤᠷᠪᠠ︾ ᠶᠢᠨ ᠪᠠᠷᠢᠮᠵᠢᠶᠡᠨ ᠤ ᠱᠠᠭᠠᠷᠳᠠᠯᠭ᠎ᠠ ᠲᠠᠢ ᠤᠶᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠨᠠᠮ  ᠤᠨ ᠰᠤᠷᠭᠠᠭᠤᠯᠢ᠂ ᠰᠤᠮᠤ ᠪᠠᠯᠭᠠᠰᠤᠨ ᠤ ᠨᠠᠮ ᠤᠨ ᠰᠤᠷᠭᠠᠭᠤᠯᠢ ᠶᠢᠨ ᠦᠶᠯᠡᠳᠦᠯ ᠢ ᠨᠢᠭᠡᠳᠦᠯᠲᠡᠶ ᠲᠥᠯᠥᠪᠵᠢᠭᠦᠯᠦᠨ ᠪᠠᠳᠠᠷᠠᠭᠤᠯᠵᠤ᠂ ᠨᠠᠮ ᠤᠨ ᠰᠤᠷᠭᠠᠭᠤᠯᠢ ᠶᠢᠨ ᠭᠤᠤᠯᠯᠠᠭᠴᠢ ᠪᠠᠭᠰᠢ᠂ ᠦᠨᠳᠦᠰᠦᠨ ᠱᠠᠲᠤᠨ ᠤ ᠨᠠᠮ ᠤᠨ ᠠᠵᠢᠯ ᠤᠨ ᠺᠠᠳ᠋ᠷ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠭᠴᠢ᠂ ᠲᠡᠷᠢᠭᠦᠨ ᠤ ᠨᠡᠶᠢᠲᠡᠯᠢᠭ ᠵᠢᠱᠢᠶᠡᠴᠢ ᠵᠡᠷᠭᠡ ᠬᠦᠮᠦᠰ ᠢ ᠰᠤᠩᠭᠤᠨ ᠴᠤᠭᠯᠠᠭᠤᠯᠵᠤ ᠤᠬᠠᠭᠤᠯᠤᠨ ᠲᠠᠶᠢᠯᠪᠤᠷᠢᠯᠠᠬᠤ ᠪᠠᠭᠰᠢ ᠶᠢᠨ ᠬᠥᠮᠥᠷᠭᠡ ᠶᠢ ᠪᠠᠶᠢᠭᠤᠯᠵᠤ᠂ ᠲᠠᠯ᠎ᠠ ᠨᠤᠲᠤᠭ ᠤᠨ 13 ᠨᠡᠭᠦᠳᠡᠯ ᠨᠠᠮ ᠤᠨ ᠰᠤᠷᠭᠠᠭᠤᠯᠢ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ 187 ᠴᠡᠭ ᠢ ᠱᠠᠲᠤ ᠬᠤᠪᠢᠶᠠᠨ ᠪᠠᠶᠢᠭᠤᠯᠵᠤ᠂ ᠤᠯᠤᠰ ᠲᠥᠷᠥ ᠶᠢᠨ ᠣᠨᠣᠯ᠂ ᠨᠠᠮ  ᠤᠨ ᠲᠦᠷᠢᠮ ᠲᠣᠭᠲᠠᠭᠠᠯ᠂ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠭᠡᠨ ᠤ ᠮᠡᠷᠭᠡᠵᠢᠯ ᠵᠡᠷᠭᠡ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠥᠷᠨᠢᠭᠦᠯᠵᠦ᠂ ᠭᠠᠴᠠᠭ᠎ᠠ ᠲᠣᠰᠬᠤᠨ ᠤ ᠺᠠᠳ᠋ᠷ᠂ ᠪᠡᠯᠡᠳᠬᠡᠯ ᠬᠦᠴᠦᠨ ᠪᠠ ᠮᠠᠯᠴᠢᠨ ᠲᠠᠷᠢᠶᠠᠴᠢᠨ ᠨᠠᠮ ᠤᠨ ᠭᠡᠰᠢᠭᠦᠨ᠂ ᠣᠯᠠᠨ ᠲᠦᠮᠡᠨ ᠤ ᠬᠥᠮᠦᠵᠢᠯ ᠪᠣᠯᠪᠠᠰᠤᠷᠠᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠪᠡ᠃        ᠨᠢᠭᠡ ᠠᠩᠭᠢ ᠬᠡᠳᠡᠭ ᠨᠢ ︽ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ︾ ᠶᠢᠨ ᠪᠠᠶᠢᠩᠭᠤ ᠶᠢᠨ ᠠᠵᠢᠯᠯᠠᠭ᠎ᠠ ᠶᠢ ᠵᠢᠭᠠᠵᠤ ᠪᠤᠢ᠃ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠨᠢᠭᠡᠴᠢ ᠪᠣᠯᠭᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠠ ᠬᠠᠶᠢᠷ᠎ᠠ ᠬᠠᠯᠠᠮᠵᠢ ᠬᠦᠷᠳᠡᠬᠡᠬᠦ ᠦᠶᠯᠡᠴᠢᠯᠡᠭᠡᠨ ᠤ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ᠠᠩᠭᠢ ᠶᠢᠨ ᠲᠤᠭ ᠳᠡᠮᠳᠡᠭ᠂ ᠬᠤᠪᠴᠠᠰᠤ ᠵᠠᠰᠠᠯ ᠢ ᠨᠢᠬᠡᠳᠦᠯᠳᠠᠢ ᠲᠤᠬᠢᠷᠠᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶᠯᠡᠳᠦᠯᠭᠡ ᠶᠢᠨ ᠠᠵᠢᠯᠯᠠᠭ᠎ᠠ ᠶᠢ ᠰᠠᠷ᠎ᠠ ᠪᠤᠯᠭᠠᠨ ᠥᠷᠨᠢᠭᠦᠯᠵᠦ᠂ ︽ᠬᠦᠴᠢᠷᠳᠠᠯ ᠪᠠᠶᠢᠪᠠᠯ ᠨᠠᠮ᠎ᠠ ᠶᠢ ᠡᠷᠢᠬᠡᠷᠡᠢ᠂ ᠪᠢ ᠪᠣᠯ ᠨᠠᠮ ᠤᠨ ᠭᠡᠰᠢᠭᠦᠨ ᠪᠢ ᠴᠢᠮ᠎ᠠ ᠶᠢ ᠬᠠᠪᠰᠤᠷᠤᠨ᠎ᠠ︾ ᠭᠡᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ ᠪᠤᠳᠠᠳᠤ ᠬᠦᠴᠢᠷᠳᠡᠯ ᠢ ᠨᠢ ᠰᠢᠶᠳᠪᠦᠷᠢᠯᠡᠵᠦ ᠦᠭᠴᠠᠢ᠃ ᠡᠭᠦᠨ ᠤ ᠬᠠᠮᠲᠤ ᠰᠤᠮᠤ ᠪᠠᠯᠭᠠᠰᠤ ︽ᠬᠤᠯᠪᠣᠭᠠᠯᠠᠨ ᠬᠠᠪᠰᠤᠷᠤᠯᠴᠠᠬᠤ︾᠂ ᠲᠠᠷᠢᠶᠠᠯᠠᠩ ᠮᠠᠯ ᠠᠵᠤ ᠠᠬᠤᠢ ︽ᠬᠠᠮᠵᠢᠯᠴᠠᠬᠤ︾ ᠶᠢ ᠬᠦᠳᠦᠯᠦᠨ ᠳᠠᠭᠠᠭᠤᠯᠵᠤ᠂ ᠵᠣᠬᠢᠶᠠᠨ ᠪᠠᠶᠢᠭᠤᠯᠤᠯᠳᠠ ᠶᠢ ᠬᠠᠮᠲᠤᠷᠠᠨ ᠪᠠᠶᠢᠭᠤᠯᠬᠤ᠂ ᠦᠢᠯᠡᠳᠪᠦᠷᠢᠯᠡᠯ ᠢ ᠬᠤᠯᠪᠣᠭᠠᠯᠠᠨ ᠠᠬᠢᠭᠤᠯᠬᠤ᠂ ᠠᠵᠢᠯᠯᠠᠭ᠎ᠠ ᠶᠢ ᠬᠤᠯᠪᠤᠭᠠᠯᠠᠨ ᠡᠷᠬᠢᠯᠡᠬᠦ᠂ ᠡᠬᠢ ᠪᠠᠶᠠᠯᠢᠭ ᠢ ᠬᠤᠯᠪᠣᠭᠠᠯᠠᠨ ᠡᠳ᠋ᠯᠡᠬᠦ᠂ ᠬᠦᠴᠢᠷ ᠪᠡᠷᠬᠡᠰᠢᠶᠡᠯ ᠢ ᠬᠤᠯᠪᠣᠭᠠᠯᠠᠨ ᠲᠤᠰᠠᠯᠠᠬᠤ᠂ ᠠᠮᠢ ᠠᠬᠤᠢ ᠶᠢ ᠬᠤᠯᠪᠣᠭᠠᠯᠠᠨ ᠬᠠᠮᠠᠭᠠᠯᠠᠬᠤ ᠪᠠᠷ ᠭᠤᠣᠯ ᠠᠭᠤᠯᠭ᠎ᠠ ᠪᠣᠯᠭᠠᠭᠰᠠᠨ ︽ᠵᠢᠷᠭᠤᠭᠠᠨ ᠬᠤᠯᠪᠤᠭ᠎ᠠ ᠶᠢ ᠬᠠᠮᠲᠤ ᠪᠠᠷ ᠪᠠᠶᠢᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠠᠷᠢᠯ ᠪᠦᠷᠢ ᠠᠳᠠᠭ ᠲᠤ ᠪᠠᠨ 1ᠤᠳᠠᠭ᠎ᠠ ᠲᠣᠰᠬᠤᠨ ᠠᠯᠤᠰᠯᠠᠨ ᠬᠤᠯᠪᠤᠭᠠᠯᠠᠬᠤ᠂ ᠪᠦᠯᠬᠦᠮᠳᠡᠨ ᠬᠤᠯᠪᠤᠭᠠᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠡᠯ᠎ᠡ ᠦᠨᠳᠦᠰᠦᠲᠡᠨ᠂ ᠡᠯ᠎ᠡ ᠬᠦᠷᠢᠶ᠎ᠡ ᠴᠠᠷᠠᠭ᠎ᠠ᠂ ᠡᠯ᠎ᠡ ᠱᠠᠲᠤᠨ ᠤ ᠨᠠᠮ ᠤᠨ ᠭᠡᠰᠢᠭᠦᠨ ᠣᠯᠠᠨ ᠲᠦᠮᠡᠨ ᠤ ᠲᠦᠪᠯᠡᠷᠡᠭᠰᠡᠨ ᠬᠠᠮᠲᠤ ᠪᠠᠷ ᠪᠠᠶᠢᠭᠤᠯᠬᠤ ᠪᠦᠯᠬᠦᠮ ᠪᠤᠯᠭᠠᠵᠠᠢ᠃      ᠨᠢᠭᠡ ᠲᠡᠷᠭᠡ ᠭᠡᠳᠡᠭ ᠪᠣᠯ ︽ᠠᠷᠠᠳ ᠢ ᠬᠠᠶᠢᠷᠠᠯᠠᠵᠤ ᠬᠢᠯᠢ ᠬᠢᠵᠠᠭᠠᠷ ᠢ ᠪᠠᠬᠢᠵᠢᠭᠦᠯᠬᠦ ᠰᠢᠭᠤᠳ ᠨᠡᠪᠲᠡᠷᠡᠬᠦ ᠲᠡᠷᠭᠡ︾ ᠶᠢᠨ ᠲᠣᠭᠲᠠᠭᠤᠨ ᠪᠠᠶᠢᠳᠠᠯ ᠢ ᠪᠠᠲᠤᠯᠠᠬᠤ ᠶᠢ ᠵᠢᠭᠠᠵᠤ ᠪᠤᠢ᠃ ᠲᠣᠳᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠲᠣᠮᠢᠯᠠᠭᠰᠠᠨ ᠭᠠᠵᠠᠷ ᠪᠠ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠪᠠᠷ ᠳᠠᠮᠵᠢᠭᠤᠯᠵᠤ᠂ ᠰᠤᠮᠤ ᠪᠠᠯᠭᠠᠰᠤᠨ ᠤ ᠲᠣᠳᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ  ᠤ ᠲᠣᠮᠢᠯᠠᠭᠰᠠᠨ ᠭᠠᠵᠠᠷ ᠢᠶᠠᠷ ᠨᠢᠭᠡᠴᠢ ᠪᠣᠯᠭᠠᠨ ︽ᠠᠷᠠᠳ ᠢ ᠬᠠᠶᠢᠷᠠᠯᠠᠵᠤ ᠬᠢᠯᠢ ᠬᠢᠵᠠᠭᠠᠷ ᠢ ᠪᠠᠬᠢᠵᠢᠭᠦᠯᠬᠦ ᠶᠢᠨ ᠰᠢᠭᠤᠳ ᠨᠡᠪᠲᠡᠷᠡᠬᠦ ᠲᠡᠷᠭᠡ︾ ᠶᠢ ᠨᠡᠪᠲᠡᠷᠡᠭᠦᠯᠵᠦ᠂ ᠬᠥᠮᠦᠨ᠂ ᠲᠡᠷᠭᠡ᠂ ᠴᠠᠭ᠂ ᠴᠡᠭ᠂ ᠱᠤᠭᠤᠮ ᠵᠡᠷᠭᠡ ︽ᠲᠠᠪᠤ ᠶᠢ ᠲᠣᠭᠲᠠᠭᠠᠬᠤ︾ ᠵᠠᠭᠪᠤᠷ ᠢ ᠬᠡᠷᠡᠭᠯᠡᠵᠦ᠂ ᠭᠠᠴᠠᠭ᠎ᠠ ᠲᠣᠰᠬᠤᠨ᠂ ᠳᠣᠳᠣᠭᠠᠳᠤ ᠶᠢ ᠬᠠᠮᠠᠭᠠᠯᠠᠬᠤ ᠲᠣᠮᠢᠯᠠᠭᠰᠠᠨ ᠭᠠᠵᠠᠷ ᠪᠠ ᠲᠤᠬᠠᠢ ᠶᠢᠨ ᠭᠠᠵᠠᠷ ᠲᠤ ᠪᠠᠶᠢᠭ᠎ᠠ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ︽ᠳᠥᠷᠪᠡᠨ ᠠᠳᠠᠯᠢ ᠳᠥᠷᠪᠡᠨ ᠬᠤᠯᠪᠣᠭ᠎ᠠ︾ ᠶᠢ ᠬᠠᠮᠲᠤ ᠪᠠᠷ ᠡᠭᠦᠳᠦᠨ ᠪᠠᠶᠢᠭᠤᠯᠬᠤ ᠠᠵᠢᠯᠯᠠᠭ᠎ᠠ ᠶᠢ ᠤᠯᠠᠷᠢᠯ ᠪᠤᠯᠭᠠᠨ ᠳᠤ ᠥᠷᠨᠢᠭᠦᠯᠵᠦ᠂ ᠬᠤᠯᠪᠣᠭᠠᠯᠠᠨ ᠪᠠᠶᠢᠭᠤᠯᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠢᠴᠢᠶᠡᠯ ᠢ ᠬᠠᠮᠳᠤ ᠪᠠᠷ ᠤᠷᠤᠬᠤ᠂ ᠨᠠᠮ ᠤᠨ ᠡᠳᠦᠷ ᠢ ᠬᠠᠮᠳᠤ ᠪᠠᠷ ᠥᠩᠭᠡᠷᠡᠭᠦᠯᠬᠦ᠂ ᠶᠡᠭᠡ ᠶᠠᠪᠤᠳᠠᠯ ᠢ ᠬᠠᠮᠳᠤ ᠪᠠᠷ ᠵᠥᠪᠯᠡᠬᠦ᠂ ᠲᠦᠷᠢᠮ ᠢ ᠬᠠᠮᠳᠤ ᠪᠠᠷ ᠲᠣᠭᠲᠠᠭᠠᠬᠤ᠂ ᠠᠵᠢᠯ ᠢ ᠬᠤᠯᠪᠤᠯᠭᠠᠨ ᠬᠢᠬᠦ᠂ ᠦᠶᠯᠡᠴᠢᠯᠡᠭᠡ ᠶᠢ ᠬᠠᠮᠲᠤᠷᠠᠨ ᠭᠦᠶᠴᠡᠳᠬᠡᠬᠦ᠂ ᠠᠵᠢᠯᠯᠠᠭ᠎ᠠ ᠶᠢ ᠬᠠᠮᠳᠤᠷᠠᠨ ᠦᠷᠨᠢᠬᠦᠯᠬᠦ᠂ ᠠᠷᠠᠳ ᠤᠨ ᠠᠮᠢᠳᠤᠷᠠᠯ ᠢ ᠬᠠᠮᠲᠤ ᠪᠠᠷ ᠠᠳᠬᠤᠬᠤ᠂ ᠮᠠᠯᠴᠢᠳ ᠢ ᠤᠷᠤᠯᠠᠨ ᠡᠳ᠋ ᠪᠤᠳᠠᠰ ᠬᠤᠳᠠᠯᠳᠤᠨ ᠠᠪᠬᠤ ᠶᠢ ᠬᠠᠪᠰᠤᠷᠬᠤ᠂ ᠲᠦᠷᠦ ᠶᠢᠨ ᠪᠤᠳᠤᠯᠭ᠎ᠠ ᠶᠢ ᠤᠬᠠᠭᠤᠯᠬᠤ ᠵᠡᠷᠬᠡ ᠦᠢᠯᠡᠴᠢᠯᠬᠡ  ᠶᠢ ᠠᠬᠢᠭᠤᠯᠪᠠ᠃ ᠡᠬᠦᠨ ᠤ ᠬᠠᠮᠳᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠥᠷᠭᠡᠨ ᠣᠯᠠᠨ ᠨᠠᠮ ᠤᠨ ᠭᠡᠰᠢᠭᠦᠨ ᠪᠤᠯᠤᠨ ᠣᠯᠠᠨ ᠲᠦᠮᠡᠨ ᠢ ᠳᠠᠭᠠᠭᠤᠯᠤᠨ ᠨᠤᠲᠤᠭ ᠢᠶᠠᠨ ᠬᠠᠮᠠᠭᠠᠯᠠᠨ ᠬᠢᠯᠢ ᠪᠠᠨ ᠰᠠᠬᠢᠬᠤ᠂ ᠨᠢᠭᠤᠴᠠ ᠮᠡᠳᠡᠭᠡ ᠴᠤᠭᠯᠠᠭᠤᠯᠤᠭᠴᠢ᠂ ᠠᠯᠪᠠᠨ ᠵᠢᠷᠤᠮ ᠤᠨ ᠬᠢᠯᠢ ᠴᠠᠭᠳᠠᠭᠴᠢ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠭᠴᠢ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠢᠯᠢ ᠬᠢᠵᠠᠭᠠᠷ ᠣᠷᠣᠨ ᠤ ︽ᠡᠷᠦᠬᠡ ᠪᠣᠯᠭᠠᠨ ᠬᠠᠷᠠᠭᠤᠯ ᠤᠨ ᠭᠠᠵᠠᠷ᠂ ᠬᠥᠮᠦᠨ ᠪᠣᠯᠭᠠᠨ ᠬᠠᠷᠠᠭᠤᠯ ᠤᠨ ᠴᠡᠷᠢᠭ︾ ᠪᠣᠯᠬᠤ ᠬᠢᠯᠢ ᠬᠢᠵᠠᠭᠠᠷ ᠤᠨ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠰᠢᠯ ᠢ ᠤᠯᠠᠮ ᠴᠢᠨᠠᠭᠰᠢᠳᠠ ᠪᠠᠬᠢᠵᠢᠭᠦᠯᠵᠦ᠂ ᠨᠠᠮ ᠵᠠᠰᠠᠭ ᠴᠡᠷᠢᠭ ᠠᠷᠠᠳ ᠬᠠᠮᠲᠤ ᠪᠠᠷ ᠣᠷᠣᠯᠴᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠢᠯᠢ ᠬᠢᠵᠠᠭᠠᠷ ᠢ ᠰᠠᠬᠢᠨ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃       ᠨᠢᠭᠡ ᠡᠷᠦᠬᠡ ᠭᠡᠳᠡᠭ ᠨᠢ ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ︾ ᠶᠢᠨ ᠪᠠᠬᠢᠯᠡᠯᠲᠡ ᠶᠢ ᠴᠣᠭᠴᠠᠯᠠᠬᠤ ᠶᠢ ᠵᠢᠭᠠᠵᠤ ᠪᠤᠢ᠃ ᠪᠦᠬᠦ ᠬᠤᠰᠢᠭᠤᠨ ᠤ ᠬᠢᠯᠢ ᠬᠢᠵᠠᠭᠠᠷ ᠣᠷᠣᠨ ᠳᠤ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠪᠠᠶᠢᠭᠤᠯᠵᠤ᠂ ︽ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ︾ ᠶᠢᠨ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠲᠣᠣᠷᠴᠢᠯᠠᠭᠰᠠᠨ ᠵᠠᠰᠠᠯᠲᠠ ᠶᠢ ᠬᠥᠲᠥᠯᠥᠨ ᠳᠠᠭᠠᠭᠤᠯᠬᠤ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ︽ᠲᠠᠪᠤᠨ ᠴᠡᠭ︾ ᠤᠨ ᠡᠭᠦᠷᠭᠡ ᠴᠢᠳᠠᠪᠤᠷᠢ ᠪᠠᠨ ᠦᠨᠡᠨ ᠬᠦ ᠰᠠᠶᠢᠲᠤᠷ ᠬᠦᠢᠴᠡᠳᠬᠡᠵᠦ ︵ᠨᠡᠭᠦᠳᠡᠯ ᠨᠠᠮ ᠤᠨ ᠰᠤᠷᠭᠠᠭᠤᠯᠢ ᠶᠢᠨ ︽ᠤᠬᠠᠭᠤᠯᠤᠨ ᠲᠠᠶᠢᠯᠪᠤᠷᠢᠯᠠᠬᠤ ᠴᠡᠭ︾᠂ ᠨᠠᠮ ᠤᠨ ᠳᠤᠭᠤᠶᠢᠯᠠᠩ ᠤᠨ ᠠᠵᠢᠯᠯᠠᠭ᠎ᠠ ᠶᠢᠨ ︽ᠬᠠᠷᠢᠯᠴᠠᠬᠤ ᠴᠡᠭ︾᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ︽ᠰᠣᠯᠢᠯᠴᠠᠭᠠᠨ ᠤ ᠴᠡᠭ︾᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ︽ᠤᠷᠲᠤᠳᠬᠠᠯ ᠴᠡᠭ︾᠂ ᠨᠡᠶᠢᠭᠡᠮ ᠤᠨ ᠵᠥᠷᠢᠴᠡᠯ ᠢ ︽ᠡᠶᠡᠳᠡᠭᠦᠯᠬᠦ ᠴᠡᠭ︾︶᠂ ᠨᠠᠮ ᠤᠨ ᠳᠤᠭᠤᠶᠢᠯᠠᠩ ᠤᠨ ᠬᠤᠷᠠᠯ᠂ ᠶᠠᠷᠢᠯᠴᠠᠨ ᠵᠥᠪᠳᠡᠯᠴᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ᠂ ᠲᠣᠭᠤᠷᠢᠨ ᠡᠮᠴᠢᠯᠡᠬᠦ᠂ ᠵᠥᠷᠢᠴᠡᠯ ᠢ ᠡᠶᠡᠳᠡᠭᠦᠯᠬᠦ᠂ ᠣᠷᠣᠯᠠᠨ ᠭᠦᠢᠴᠡᠳᠬᠡᠵᠦ ᠠᠷᠠᠳ ᠲᠤ ᠳᠥᠬᠦᠮ ᠦᠵᠡᠭᠦᠯᠬᠦ᠂ ᠬᠥᠮᠦᠵᠢᠯ ᠪᠣᠯᠪᠠᠰᠤᠷᠠᠯ ᠤᠨ ︽ᠲᠤᠯᠤᠭᠠᠨ ᠵᠢᠵᠢᠭ ᠠᠵᠢᠯᠯᠠᠭ᠎ᠠ︾ ᠶᠢ ᠵᠣᠬᠢᠶᠠᠨ ᠪᠠᠶᠢᠭᠤᠯᠵᠤ ᠦᠷᠨᠢᠬᠦᠯᠵᠦ᠂ ︽ᠭᠤᠤᠯ ᠰᠡᠳᠦᠪᠲᠦ ᠨᠠᠮ ᠤᠨ ᠡᠳᠦᠷ︾ ᠵᠡᠷᠭᠡ ᠠᠵᠢᠯᠯᠠᠭ᠎ᠠ ᠲᠠᠢ ᠤᠶᠠᠯᠳᠤᠭᠤᠯᠤᠨ ᠰᠠᠷ᠎ᠠ ᠪᠦᠷᠢ 1 ᠤᠳᠠᠭ᠎ᠠ ᠲᠣᠭᠲᠠᠮᠠᠯ ᠦᠶᠯᠡᠴᠢᠯᠡᠭᠡ ᠦᠷᠨᠢᠬᠦᠯᠵᠦ᠂ ᠲᠠᠷᠢᠶᠠᠴᠢᠨ ᠮᠠᠯᠴᠢᠨ ᠲᠦᠮᠡᠨ  ᠳᠤ ᠭᠡᠷ ᠤᠨ ᠬᠢᠨ ᠡᠭᠦᠳᠡᠨ ᠳᠤ ᠣᠯᠠᠨ ᠶᠠᠩᠵᠤ ᠶᠢᠨ ᠳᠥᠭᠦᠮ ᠳᠥᠲᠡ ᠦᠢᠯᠡᠴᠢᠯᠡᠭᠡ ᠶᠢ ᠬᠦᠷᠲᠡᠭᠡᠪᠡ᠃       ᠨᠢᠭᠡ ᠦᠢᠯᠡᠰ ᠭᠡᠳᠡᠭ ᠨᠢ ︽ᠠᠷᠠᠳ ᠢ ᠪᠠᠶᠠᠵᠢᠭᠤᠯᠬᠤ ᠠᠵᠤ ᠦᠢᠯᠡᠰ︾ ᠤᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠵᠢᠭᠠᠵᠤ ᠪᠤᠢ᠃ ᠨᠠᠮ ᠤᠨ ᠡᠭᠦᠷ ᠲᠦᠷᠦᠭᠦᠯᠡᠨ ᠬᠤᠷᠰᠢᠶᠠᠵᠢᠯ ᠢ ᠡᠷᠬᠢᠯᠡᠨ ᠭᠦᠢᠴᠡᠳᠬᠡᠬᠦ ᠵᠠᠭᠪᠤᠷ ᠢ ᠶᠡᠭᠡ ᠪᠠᠷ ᠬᠡᠷᠡᠭᠵᠢᠭᠦᠯᠵᠦ᠂ ︽ᠨᠠᠮ ᠤᠨ ᠡᠭᠦᠷ ᠠᠴᠠ ᠳᠠᠭᠠᠭᠤᠯᠤᠨ ᠡᠷᠬᠢᠯᠡᠬᠦ᠂ ᠵᠣᠬᠢᠶᠠᠨ ᠪᠠᠶᠢᠭᠤᠯᠬᠤ᠂ ᠬᠠᠮᠲᠤ ᠪᠠᠷ ᠴᠢᠨᠡᠭᠡᠯᠢᠭᠵᠢᠬᠦ︾ ᠰᠡᠳᠬᠢᠮᠵᠢ ᠪᠠᠷ ︽ᠨᠠᠮ ᠤᠨ ᠵᠣᠬᠢᠶᠠᠨ ᠪᠠᠶᠢᠭᠤᠯᠤᠯᠲᠠ + ᠲᠤᠰᠬᠠᠶ ᠬᠤᠷᠰᠢᠶᠠᠵᠢᠯ ᠤᠨ ᠵᠣᠬᠢᠶᠠᠨᠪᠠᠶᠢᠭᠤᠯᠤᠯᠲᠠ + ᠮᠠᠯᠵᠢᠬᠤ ᠲᠠᠷᠢᠶᠠᠯᠠᠬᠤ ᠡᠷᠦᠬᠡ︾ ᠶᠢᠨ ᠨᠠᠮ ᠤᠨ ᠪᠠᠶᠢᠭᠤᠯᠤᠯᠲᠠ ᠶᠢᠨ ᠠᠴᠢᠶᠠᠯᠠᠪᠤᠷᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠠᠰᠢᠭ ᠲᠤᠰᠠ  ᠶᠢᠨ ᠴᠥᠷᠬᠦᠯᠡᠭᠡ ᠲᠣᠭᠲᠠᠯᠴᠠᠭ᠎ᠠ ᠶᠢ ᠳᠡᠬᠦᠯᠳᠡᠷᠵᠢᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠦᠨᠳᠦᠰᠦᠲᠡᠨ ᠤ ᠭᠠᠷ ᠦᠶᠯᠡᠳᠪᠦᠷᠢ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠣᠨᠴᠠᠯᠢᠭᠲᠤ ᠠᠵᠤ ᠦᠶᠯᠡᠰ ᠢ ᠶᠡᠭᠡ ᠪᠠᠷ ᠲᠡᠳᠬᠦᠨ ᠬᠥᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠠᠵᠤ ᠦᠶᠯᠡᠰ ᠤᠨ ᠬᠥᠭᠵᠢᠯᠲᠡ ᠳᠤᠮᠳᠠᠬᠢ ᠬᠥᠲᠥᠯᠦᠨ ᠳᠠᠭᠠᠭᠤᠯᠵᠤ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠪᠠ᠃ ᠤᠳᠤ ᠪᠤᠯᠳᠠᠯ᠎ᠠ ᠪᠥᠬᠦ ᠬᠤᠰᠢᠭᠤᠨ ᠳᠤ ᠨᠡᠶᠢᠳᠡ ᠨᠠᠮ ᠤᠨ ᠡᠭᠦᠷ ᠠᠴᠠ ᠳᠠᠭᠠᠭᠤᠯᠤᠨ ᠭᠦᠢᠴᠡᠳᠬᠡᠬᠦ 31 ᠬᠤᠷᠰᠢᠶᠠᠵᠢᠯ ᠢ ᠪᠠᠶᠢᠭᠤᠯᠵᠤ᠂ 3027 ᠬᠦᠮᠦᠨ ᠬᠤᠷᠰᠢᠶᠠᠵᠢᠯ ᠳᠤ ᠣᠷᠣᠵᠤ᠂ 5928 ᠲᠦᠮᠡᠨ ᠲᠥᠭᠦᠷᠢᠭ ᠤᠨ ᠪᠠᠯᠠ ᠮᠥᠩᠭᠦ ᠴᠤᠭᠯᠠᠭᠤᠯᠵᠤ᠂ 11 ᠵᠢᠱᠢᠶ᠎ᠡ ᠦᠵᠡᠭᠦᠯᠬᠦ ᠬᠤᠷᠰᠢᠶᠠᠵᠢᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠢ 898.9 ᠲᠦᠮᠡᠨ ᠲᠥᠭᠦᠷᠢᠭ ᠲᠤ ᠬᠦᠷᠴᠦ᠂ ᠠᠩᠬ᠎ᠠ ᠠᠯᠬᠤᠮ ᠠᠰᠢᠭ ᠬᠤᠪᠢᠶᠠᠭᠰᠠᠨ ᠵᠣᠭᠤᠰ ᠤᠨ ᠲᠤᠭ᠎ᠠ 390.78 ᠲᠦᠮᠡᠨ ᠲᠥᠭᠦᠷᠢᠭ ᠲᠤ ᠬᠦᠷᠴᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠡᠭᠦᠳᠴᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠳᠬᠠᠪᠠ᠃           ᠣᠷᠴᠢᠭᠤᠯᠤᠭᠴᠢ᠄ ᠣᠶᠤᠨᠰᠡᠴᠡᠨ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠦᠨᠳᠦᠰᠦᠲᠡᠨ ᠤ ᠵᠥᠪᠯᠡᠯ