︽ᠠᠨᠠᠷ ᠤᠨ ᠬᠡᠯᠬᠢᠶ᠎ᠡ︾ ᠦᠨᠳᠦᠰᠦᠲᠡᠨ ᠤ ᠪᠥᠯᠬᠦᠮᠳᠡᠯ ᠳᠠᠪᠰᠢᠯᠲᠠ ᠶᠢᠨ ᠭᠤᠣᠯ ᠬᠥᠭ ᠠᠶᠠᠰ ᠢ ᠬᠠᠩᠭᠢᠨᠠᠭᠤᠯᠤᠶ᠎ᠠ — ︽ᠬᠠᠮᠤᠭ ᠤᠨ ᠬᠦᠴᠦᠷᠭᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠤᠭᠰᠠᠨ ᠪᠣᠳᠠᠲᠤ ᠲᠡᠮᠲᠡᠭᠯᠡᠯ ︵ᠬᠤᠶᠠᠷ︶
ᠨᠡᠶᠢᠲᠡᠯᠡᠭᠰᠡᠨ ᠴᠠᠭ᠄
2023/4/28
      4 ᠰᠠᠷ᠎ᠠ ᠶᠢᠨ 20 ᠤ ᠡᠳᠦᠷ᠂ ᠪᠤᠭᠤᠲᠤ ᠬᠤᠲᠠ ᠶᠢᠨ ᠦᠨᠳᠦᠰᠦᠲᠡᠨ ᠤ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠣᠷᠣᠨ ᠨᠤᠲᠤᠭ ᠤᠨ ᠦᠭᠡ ᠭᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠲᠤ ᠬᠦᠷᠴᠦ᠂ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ︽ᠠᠨᠠᠷ ᠤᠨ ᠬᠡᠯᠬᠢᠶ᠎ᠡ︾ ᠦᠨᠳᠦᠰᠦᠲᠡᠨ ᠤ ᠠᠵᠢᠯ ᠤᠨ ᠳᠡᠯᠭᠡᠨ ᠦᠵᠡᠭᠦᠯᠭᠡ ᠶᠢᠨ ᠲᠢᠩᠬᠢᠮ ᠢᠶᠠᠷ ᠲᠣᠭᠤᠷᠢᠨ ᠦᠵᠡᠬᠦ ᠶᠢᠨ ᠬᠠᠮᠲᠤ᠂ ︽ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠲᠤᠬᠠᠶᠢᠯᠠᠭᠰᠠᠨ ᠠᠵᠢᠯ ᠢ ᠠᠭᠤᠰᠤᠯᠴᠠᠭᠤᠯᠬᠤ᠂ ᠨᠠᠮ ᠤᠨ ᠭᠡᠰᠢᠭᠦᠨ ᠵᠢᠱᠢᠶ᠎ᠡ ᠦᠵᠡᠭᠦᠯᠬᠦ︾ ᠠᠵᠢᠯ ᠤᠨ ᠬᠡᠪ ᠵᠠᠭᠪᠤᠷ ᠵᠢᠴᠢ ︽ᠬᠠᠮᠤᠭ ᠤᠨ ᠬᠦᠴᠦᠷᠭᠡᠭ ᠨᠠᠮ ᠤᠨ ᠡᠭᠦᠷ︾ ᠢ ᠡᠭᠦᠳᠦᠨ ᠪᠠᠶᠢᠭᠤᠯᠤᠭᠰᠠᠨ ᠠᠵᠢᠯ ᠤᠨ ᠲᠣᠭᠤᠷᠢᠨ ᠳᠤ ᠭᠦᠨᠵᠡᠭᠡᠢ ᠶᠠᠷᠢᠯᠴᠠᠨ ᠰᠣᠯᠢᠯᠴᠠᠵᠤ᠂ ᠰᠤᠳᠤᠯᠤᠯ ᠬᠡᠷᠡᠭᠯᠡᠭᠡᠨ ᠤ ᠲᠥᠪ ᠤᠨ ᠨᠠᠮ ᠤᠨ ᠡᠭᠦᠷ ᠲᠠᠢ ᠬᠠᠮᠲᠤ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠳᠤ ᠬᠦᠷᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ ᠬᠥᠮᠥᠵᠢᠯ ᠢ ᠬᠠᠮᠲᠤ ᠪᠠᠷ ᠥᠷᠨᠢᠭᠦᠯᠵᠦ᠂ ︽ᠠᠨᠠᠷ ᠤᠨ ᠬᠡᠯᠬᠢᠶ᠎ᠡ ᠪᠠᠷ ᠦᠨᠳᠦᠰᠦᠲᠡᠨ ᠤ ᠪᠥᠯᠬᠦᠮᠳᠡᠯ ᠢ ᠨᠢᠭᠲᠠᠷᠠᠭᠤᠯᠬᠤ︾ ᠬᠠᠮᠲᠤᠷᠠᠯᠴᠠᠨ ᠪᠠᠶᠢᠭᠤᠯᠬᠤ ᠠᠵᠢᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠪᠠ᠃      ᠪᠠᠶᠢᠴᠠᠭᠠᠨ ᠰᠤᠳᠤᠯᠤᠯᠲᠠ ᠪᠠᠷ ᠳᠠᠮᠵᠢᠭᠠᠳ᠂ ᠬᠤᠷᠠᠯ ᠳᠤ ᠣᠷᠣᠯᠴᠠᠭᠰᠠᠳ ᠭᠤᠣᠯ ᠰᠡᠳᠦᠪᠲᠦ ᠬᠦᠮᠦᠵᠢᠯ ᠵᠢᠴᠢ ᠲᠤᠰ ᠤᠳᠠᠭᠠᠨ ᠤ ᠬᠠᠮᠲᠤᠷᠠᠯᠴᠠᠨ ᠪᠠᠶᠢᠭᠤᠯᠬᠤ ᠠᠵᠢᠯ ᠤᠨ ᠲᠣᠭᠤᠷᠢᠨ ᠳᠤ ᠭᠦᠨᠵᠡᠭᠡᠢ ᠰᠣᠯᠢᠯᠴᠠᠵᠤ᠂ ᠶᠡᠭᠡ ᠰᠤᠷᠭᠠᠭᠤᠯᠢ ᠶᠢᠨ ᠤᠶᠤᠲᠠᠳ ᠤᠨ ᠵᠤᠨ ᠤ ᠴᠢᠯᠦᠭᠡᠨ ᠳᠤ ︽ᠭᠤᠷᠪᠠ ᠶᠢ ᠬᠥᠳᠡᠭᠡ ᠲᠤᠰᠬᠤᠨ ᠳᠤ ᠬᠦᠷᠭᠡᠬᠦ︾ ᠨᠡᠶᠢᠭᠡᠮ ᠤᠨ ᠦᠢᠯᠡᠳᠦᠯᠭᠡ ᠵᠡᠷᠭᠡ ᠲᠠᠯ᠎ᠠ ᠪᠠᠷ ᠶᠠᠷᠢᠯᠴᠠᠨ ᠲᠤᠬᠢᠷᠠᠯᠴᠠᠪᠠ᠃ ᠭᠤᠷᠪᠠᠨ ᠲᠠᠯ᠎ᠠ ᠶᠢᠨ ᠬᠢᠨ᠂ ᠣᠯᠠᠨ ᠲᠠᠯ᠎ᠠ ᠪᠠᠷ ᠬᠠᠮᠵᠢᠯᠴᠠᠬᠤ ᠪᠠᠷ ᠳᠠᠮᠵᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠳᠡᠭᠡᠭᠰᠢᠯᠡᠭᠦᠯᠦᠨ᠎ᠡ ᠭᠡᠵᠦ ᠢᠯᠡᠷᠭᠡᠶᠢᠯᠡᠵᠡᠭᠡᠪᠡ᠃ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢᠨ ᠪᠥᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠥᠪ ᠲᠤ ᠬᠦᠷᠴᠦ᠂ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠦᠷᠨᠢᠭᠦᠯᠵᠦ᠂ ᠳ᠋ᠢᠭᠢᠲᠴᠢᠯᠡᠭᠰᠡᠨ ᠰᠤᠷᠭᠠᠭᠤᠯᠢ ᠶᠢᠨ ᠬᠦᠷᠢᠶᠡᠨ ᠤ ᠪᠥᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠯᠢᠭ ᠣᠶᠢᠯᠠᠭᠠᠵᠤ᠂ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠶᠢᠨ ᠳᠡᠯᠭᠡᠨ ᠦᠵᠡᠭᠦᠯᠭᠡ ᠶᠢᠨ ᠤᠷᠳᠤᠨ ᠪᠠ ᠭᠤᠤᠯᠯᠠᠭᠴᠢ ᠮᠠᠰᠢᠨ ᠤ ᠦᠷᠦᠭᠡ ᠶᠢ ᠲᠣᠭᠤᠷᠢᠨ ᠦᠵᠡᠪᠡ᠃          ᠣᠷᠴᠢᠭᠤᠯᠤᠭᠴᠢ᠄ ᠴᠢᠨᠳᠠᠮᠤᠨᠢ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ