4 ᠳ᠋ᠤᠬᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ | ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠨᠠᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠳᠤ ᠬᠦᠷᠴᠦ ᠭᠤᠤᠯ | ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠤᠤᠯ ᠰᠡᠳᠦᠪᠲᠦ ᠬᠥᠮᠦᠵᠢᠯ | ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠡᠬᠡ ᠲᠠᠩᠰᠠ ᠶᠢ ᠪᠠᠶᠢᠴᠠᠭᠠᠨ ᠦᠵᠡᠬᠦ ᠶᠢᠨ ᠬᠠᠮᠲᠤ ᠭᠤᠤᠯ | ᠰᠡᠳᠦᠪᠲᠦ ᠬᠥᠮᠦᠵᠢᠯ ᠢ ᠬᠡᠷᠬᠢᠨ ᠭᠦᠨᠵᠡᠭᠡᠶ ᠠᠬᠢᠭᠤᠯᠬᠤ ᠲᠤᠬᠠᠶ ᠵᠢᠯᠣᠭᠤᠳᠬᠤ ᠰᠠᠨᠠᠯ ᠢ ᠳᠤᠷᠠᠳᠴᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ | ᠤᠨ ᠱᠦᠵᠢ᠂ ᠡᠷᠬᠢᠯᠡᠭᠴᠢ ᠭᠤᠤ ᠵᠠᠨ ᠱᠧᠩ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ | | ᠵᠢᠯᠣᠭᠤᠳᠬᠤ ᠳᠤᠭᠤᠶᠢᠯᠠᠩ ᠤᠨ ᠦᠵᠡᠬᠦ ᠪᠠᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ | ᠭᠤᠤᠯ ᠰᠡᠳᠦᠪᠲᠦ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠣᠨᠣᠯ ᠤᠨ | ᠰᠤᠷᠤᠯᠴᠠᠯᠭ᠎ᠠ ᠶᠢᠨ ᠲᠠᠯ᠎ᠠ ᠪᠠᠷ ᠬᠡᠯᠪᠡᠷᠢ ᠣᠯᠠᠨ᠂ ᠠᠭᠤᠯᠭ᠎ᠠ ᠪᠠᠷ ᠪᠠᠶᠠᠯᠢᠭ ᠪᠠᠶᠢᠵᠤ ᠰᠠᠶᠢᠨ ᠦᠷ᠎ᠡ ᠪᠦᠲᠦᠮᠵᠢ ᠣᠯᠵᠠᠶ︔ ᠰᠤᠷᠤᠯᠴᠠᠬᠤ ᠬᠡᠷᠡᠭᠵᠢᠭᠦᠯᠬᠦ ᠶᠢ | ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ ᠵᠡᠷᠭᠡ | ᠠᠵᠢᠯ ᠢ ᠵᠡᠷᠭᠡ ᠪᠠᠷ ᠲᠥᠯᠥᠪᠵᠢᠭᠦᠯᠦᠨ ᠠᠬᠢᠭᠤᠯᠵᠤ᠂ ᠭᠤᠤᠯ ᠰᠡᠳᠦᠪᠲᠦ ᠬᠥᠮᠦᠵᠢᠯ ᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠢ ᠨᠢᠭᠲᠠ | ᠤᠶᠠᠯᠳᠤᠭᠤᠯᠵᠤ᠂ ᠡᠯ᠎ᠡ ᠲᠦᠷᠦᠯ ᠤᠨ ᠠᠵᠢᠯ ᠢ ᠤᠷᠤᠭᠰᠢᠲᠠᠶ ᠠᠬᠢᠭᠤᠯᠵᠠᠢ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠭᠤᠤᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ ᠡᠯ᠎ᠡ ᠲᠥᠷᠥᠯ ᠤᠨ ᠠᠵᠢᠯ ᠢᠶᠠᠨ ᠰᠠᠶᠢᠳᠤᠷ ᠠᠬᠢᠭᠤᠯᠬᠤ ᠬᠡᠷᠡᠭᠲᠡᠶ ᠭᠡᠵᠦ | ᠵᠢᠯᠣᠭᠤᠳᠬᠤ ᠳᠤᠭᠤᠶᠢᠯᠠᠩ ᠱᠠᠭᠠᠷᠳᠠᠪᠠ᠃ ᠨᠢᠭᠡ ᠳᠤ᠂ ᠤᠨᠤᠯ ᠤᠨ ᠰᠤᠷᠤᠯᠴᠠᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠲᠠᠯ᠎ᠠ ᠪᠠᠷ ᠰᠢᠰᠲ᠋ᠧᠮ ᠲᠠᠢ | ᠰᠤᠷᠤᠯᠴᠠᠵᠤ᠂ ᠴᠠᠭ ᠲᠤᠬᠠᠢ ᠳᠤ ᠨᠢ ᠲᠠᠭᠠᠨ ᠰᠤᠷᠤᠯᠴᠠᠵᠤ᠂ ᠣᠶᠤᠨ ᠰᠠᠨᠠᠭ᠎ᠠ ᠪᠠᠨ ᠰᠠᠶᠢᠲᠤᠷ ᠵᠡᠪᠰᠡᠭᠯᠡᠵᠦ᠂ ᠦᠢᠯᠡᠳᠦᠯᠭᠡ ᠪᠠᠨ ᠰᠠᠶᠢᠲᠤᠷ ᠵᠢᠯᠣᠭᠤᠳᠤᠭᠤᠯᠬᠤ | ᠬᠡᠷᠡᠭᠲᠡᠢ᠃ ᠬᠤᠶᠠᠷ ᠲᠤ᠂ ᠪᠠᠶᠢᠴᠠᠭᠠᠨ ᠰᠤᠳᠤᠯᠬᠤ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠪᠥᠭᠡᠮᠨᠡᠷᠡᠯᠳᠦᠨ ᠪᠠᠶᠢᠴᠠᠭᠠᠨ ᠰᠤᠳᠤᠯᠬᠤ᠂ ᠪᠠᠶᠢᠴᠠᠭᠠᠨ ᠰᠤᠳᠤᠯᠤᠯᠲᠠ | ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠠᠰᠠᠭᠤᠳᠠᠯ ᠢ ᠰᠡᠷᠭᠡᠶᠢᠯᠡᠨ ᠬᠤᠷᠢᠭᠯᠠᠵᠤ᠂ ᠠᠰᠠᠭᠤᠳᠠᠯ ᠢ ᠦᠨᠡᠨ ᠬᠦ ᠰᠤᠳᠤᠯᠵᠤ᠂ ᠦᠨᠡᠨ ᠠᠰᠠᠭᠤᠳᠠᠯ ᠢ ᠰᠤᠳᠤᠯᠵᠤ᠂ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠶᠢ ᠤᠨᠤᠯ ᠤᠨ ᠰᠤᠷᠤᠯᠴᠠᠯᠭ᠎ᠠ ᠠᠴᠠ ᠦᠢᠯᠡᠳᠦᠯᠭᠡᠵᠢᠭᠦᠯᠬᠦ ᠳᠡᠶᠢᠰᠢ ᠤᠯᠠᠷᠢᠭᠤᠯᠬᠤ ᠬᠡᠷᠡᠭᠲᠡᠢ᠃ ᠭᠤᠷᠪᠠ ᠳᠤ᠂ ᠠᠰᠠᠭᠤᠳᠠᠯ | ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠯᠤᠭ᠎ᠠ ᠨᠢᠭᠲᠠ ᠤᠶᠠᠯᠳᠤᠭᠤᠯᠬᠤ | ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ ᠠᠰᠠᠭᠤᠳᠠᠯ ᠢ ᠡᠮᠬᠢᠯᠡᠨ ᠳᠢᠭᠯᠡᠵᠦ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠯᠲᠠ ᠵᠡᠷᠭᠡ ᠪᠠᠷ | ᠢᠯᠡᠷᠡᠭᠦᠯᠦᠭᠰᠡᠨ ᠠᠰᠠᠭᠤᠳᠠᠯ᠂ ᠪᠠᠶᠢᠴᠠᠭᠠᠨ ᠰᠤᠳᠤᠯᠤᠯᠲᠠ ᠪᠠᠷ ᠢᠯᠡᠷᠡᠭᠦᠯᠦᠭᠰᠡᠨ ᠠᠰᠠᠭᠤᠳᠠᠯ᠂ ᠲᠤᠰᠬᠠᠶ ᠴᠡᠭᠴᠡᠯᠡᠨ ᠵᠠᠰᠠᠯᠲᠠ ᠪᠠᠷ ᠢᠯᠡᠷᠡᠭᠦᠯᠦᠭᠰᠡᠨ | ᠠᠰᠠᠭᠤᠳᠠᠯ ᠤᠳ ᠲᠠᠢ ᠤᠶᠠᠯᠳᠤᠭᠤᠯᠵᠤ᠂ ᠠᠰᠠᠭᠤᠳᠠᠯ ᠤᠨ ᠨᠠᠷᠢᠨ ᠲᠠᠩᠰᠠ ᠶᠢ ᠭᠠᠷᠭᠠᠵᠤ᠂ ᠴᠢᠩᠭ᠎ᠠ ᠠᠩᠬᠠᠷᠴᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢᠨ | ᠬᠠᠮᠲᠤ᠂ ᠵᠢᠯᠣᠭᠤᠳᠬᠤ ᠳᠤᠭᠤᠶᠢᠯᠠᠩ ᠪᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠲᠦᠷᠪᠡ ᠳᠤ᠂ | ᠤᠬᠠᠭᠤᠯᠤᠨ ᠮᠡᠳᠡᠭᠡᠯᠡᠬᠦ ᠠᠵᠢᠯ ᠢ ᠴᠢᠩᠭᠠᠳᠬᠠᠵᠤ᠂ ᠲᠤᠷᠰᠢᠯᠭ᠎ᠠ ᠪᠣᠯᠤᠨ ᠦᠷ᠎ᠡ ᠪᠦᠲᠦᠮᠵᠢ ᠪᠠᠨ ᠴᠠᠭ ᠲᠤᠬᠠᠢ ᠳᠤ ᠨᠢ ᠳ᠋ᠦᠩᠨᠡᠵᠦ᠂ ᠭᠤᠣᠯ ᠰᠡᠳᠦᠪᠲᠦ ᠬᠥᠮᠦᠵᠢᠯ | ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ ᠲᠠᠪᠤ ᠳᠤ᠂ ᠬᠡᠯᠪᠡᠷᠢ ᠶᠢᠨ ᠰᠢᠨ᠎ᠡ ᠶᠢ ᠡᠭᠦᠳᠬᠦ ᠶᠢ | ᠴᠢᠬᠤᠯᠠᠴᠢᠯᠠᠵᠤ᠂ ᠠᠴᠢᠶᠠᠯᠠᠪᠤᠷᠢ ᠶᠢ ᠪᠠᠶᠠᠯᠢᠭᠵᠢᠭᠤᠯᠵᠤ᠂ ᠲᠣᠭᠲᠠᠭᠠᠭᠰᠠᠨ ᠠᠵᠢᠯᠯᠠᠭ᠎ᠠ ᠶᠢ ᠨᠠᠷᠢᠨ ᠬᠢᠨᠠᠮᠠᠭᠠᠶ ᠰᠠᠶᠢᠲᠤᠷ ᠬᠢᠬᠦ ᠶᠢᠨ ᠬᠠᠮᠲᠤ᠂ ᠣᠨᠴᠠᠯᠢᠭ ᠪᠠ ᠬᠢᠯᠠᠰ | ᠴᠡᠭ ᠢ ᠳᠣᠪᠣᠶᠢᠯᠭᠠᠵᠤ᠂ ᠥᠪᠡᠰᠦᠪᠡᠨ ᠰᠣᠩᠭᠤᠬᠤ ᠠᠵᠢᠯᠯᠠᠭ᠎ᠠ ᠶᠢ ᠰᠢᠨ᠎ᠡ ᠡᠬᠦᠳᠦᠯᠳᠡ ᠲᠠᠢ ᠪᠠᠷ ᠠᠬᠢᠭᠤᠯᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ | ᠢ ᠴᠢᠩᠭᠠᠳᠬᠠᠬᠤ᠂ ᠦᠶᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠪᠡ᠃ | | | | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |