ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢᠨ ᠲᠥᠯᠥᠭᠡ᠂ 4 ᠳ᠋ᠦ᠋ᠭᠡᠷ | ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽4 ·23︾ ᠤ ᠳᠡᠯᠡᠬᠡᠢ ᠶᠢᠨ ᠨᠣᠮ ᠤᠩᠰᠢᠬᠤ ᠡᠳᠦᠷ ᠪᠣᠯᠣᠨ ︽5· | 4︾ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠪᠠᠶᠢᠭᠤᠯᠭ᠎ᠠ ᠵᠢᠴᠢ ᠵᠥᠪᠯᠡᠯ ᠤᠨ ᠬᠠᠷᠢᠶ᠎ᠠ ᠨᠢᠭᠡᠴᠢ ᠶᠢᠨ ᠵᠠᠯᠠᠭᠤ ᠺᠠᠳ᠋ᠷᠴᠤᠳ ᠢ ᠵᠣᠬᠢᠶᠠᠨ | ᠪᠠᠶᠢᠭᠤᠯᠵᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠦᠨ ᠤᠬᠠᠵᠤ᠂ ᠰᠢᠨ᠎ᠡ ᠠᠶᠠᠨ ᠵᠠᠮ ᠳᠤ ᠪᠠᠨ | ᠡᠷᠡᠯᠬᠡᠭᠯᠡᠨ ᠤᠷᠤᠭᠰᠢᠯᠠᠶ᠎ᠠ︾ ᠭᠡᠬᠦ ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠬᠤ ᠬᠤᠷᠠᠯ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠺᠠᠩ ᠢᠦᠢ ᠹᠧᠩ ᠠᠵᠢᠯᠯᠠᠭ᠎ᠠ ᠳᠤ ᠣᠷᠣᠯᠴᠠᠭᠰᠠᠨ ᠪᠥᠭᠡᠳ | ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ | | ᠨᠣᠮ ᠤᠩᠰᠢᠭᠰᠠᠨ ᠲᠥᠷᠥᠭᠳᠡᠯ ᠢᠶᠠᠨ ᠬᠤᠪᠢᠶᠠᠯᠴᠠᠬᠤ ᠬᠤᠷᠠᠯ ᠳᠡᠭᠡᠷ᠎ᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ | ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠬᠢᠨ ᠡᠷᠭᠢᠴᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠵᠥᠪᠯᠡᠯ ᠤᠨ ᠥᠷᠭᠡᠨ ᠤᠯᠠᠨ ᠵᠠᠯᠠᠭᠤ ᠺᠠᠳ᠋ᠷᠴᠤᠳ ᠢ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠲᠠᠪᠤᠨ ᠰᠠᠷ᠎ᠠ ᠶᠢᠨ ᠳᠦᠷᠪᠡᠨ ᠤ ᠵᠣᠷᠢᠭ ᠰᠠᠨᠠᠭᠠᠨ ᠤ ᠴᠠᠭ | ᠦᠶ᠎ᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠭᠦᠯᠵᠦ᠂ ᠬᠦᠰᠡᠯᠡᠩ ᠲᠠᠢ᠂ ᠵᠣᠷᠢᠭᠲᠠᠢ ᠪᠠᠷ ᠡᠭᠦᠷᠭᠡᠯᠡᠬᠦ᠂ ᠬᠦᠴᠢᠷ ᠪᠡᠷᠬᠡ ᠶᠢ ᠳᠠᠭᠠᠭᠠᠬᠤ᠂ ᠴᠢᠷᠮᠠᠶᠢᠨ ᠲᠡᠮᠡᠴᠡᠬᠦ | ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠵᠣᠷᠢᠭ ᠰᠢᠭᠤᠳᠴᠤ᠂ ᠶᠡᠭᠡ ᠶᠢ ᠡᠭᠦᠷᠭᠡᠯᠡᠵᠦ ᠬᠠᠷᠢᠭᠤᠴᠠᠯᠭ᠎ᠠ ᠶᠢ ᠡᠭᠦᠷᠭᠡᠯᠡᠵᠦ ᠳᠡᠶᠢᠯᠬᠦ ᠲᠤᠯᠭᠠᠭᠤᠷᠢ | ᠬᠦᠴᠦᠨ ᠪᠣᠯᠬᠤ ᠶᠢ ᠬᠥᠮᠥᠵᠢᠭᠦᠯᠦᠨ ᠬᠥᠲᠥᠯᠥᠨ ᠵᠢᠯᠣᠭᠤᠳᠪᠠ᠃ 8 ᠵᠠᠯᠠᠭᠤ ᠺᠠᠳ᠋ᠷ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠲᠣᠭᠤᠷᠢᠨ ᠳᠤ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠭᠰᠠᠨ ᠪᠠ ︽ᠰᠢ ᠶᠢᠨ ᠫᠢᠩ ᠤᠨ ᠵᠣᠬᠢᠶᠠᠯ | ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠬᠥᠲᠥᠯᠪᠦᠷᠢ︾ ︵2023 ᠣᠨ ᠤ ᠬᠡᠪᠯᠡᠯ︶ ᠶᠢ ᠰᠤᠳᠤᠯᠤᠨ ᠤᠩᠰᠢᠭᠰᠠᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠰᠣᠯᠢᠯᠴᠠᠪᠠ᠃ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠵᠠᠯᠠᠭᠤ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠤᠬᠠᠶᠢᠯᠠᠭᠰᠠᠨ | ᠠᠵᠢᠯ ᠳᠤ ᠪᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠬᠦ ᠳᠤᠮᠳᠠ ᠪᠠᠨ ᠳᠠᠪᠲᠠᠨ ᠪᠣᠯᠪᠠᠰᠤᠷᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠪᠠᠨ ᠦᠰᠦᠨ | ᠪᠣᠶᠢᠵᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ | ᠥᠷᠭᠡᠨ ᠣᠯᠠᠨ ᠵᠠᠯᠠᠭᠤᠴᠤᠳ ᠲᠤ ᠲᠠᠯᠪᠢᠭᠰᠠᠨ ︽ᠤᠯᠤᠰ ᠣᠷᠣᠨ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠤᠷᠤᠭᠰᠢᠯᠠᠨ ᠳᠠᠪᠰᠢᠬᠤ ᠵᠠᠩ | ᠴᠢᠨᠠᠷ ᠢ ᠬᠥᠮᠦᠵᠢᠭᠦᠯᠵᠦ᠂ ᠲᠡᠮᠡᠴᠡᠯ ᠤᠨ ᠳᠦᠷᠢ ᠪᠠᠶᠢᠳᠠᠯ ᠢᠶᠠᠷ ᠵᠠᠯᠠᠭᠤ ᠨᠠᠰᠤᠨ ᠤ ᠴᠤᠭ ᠰᠦᠯᠳᠡ ᠪᠠᠨ ᠪᠠᠳᠠᠷᠠᠭᠤᠯᠵᠤ᠂ ᠴᠠᠭ ᠦᠶ᠎ᠡ ᠳᠤ ᠪᠠᠨ ᠣᠰᠣᠯᠳᠠᠬᠤ ᠦᠭᠡᠢ᠂ | ᠵᠠᠯᠠᠭᠤ ᠨᠠᠰᠤᠨ ᠳᠤ ᠪᠠᠨ ᠣᠰᠣᠯᠳᠠᠬᠤ ᠦᠭᠡᠢ︾ ᠭᠡᠰᠡᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠬᠦᠰᠡᠯᠡᠩ ᠢᠲᠡᠭᠡᠯ | ᠪᠢᠰᠢᠷᠡᠯ ᠵᠶ᠋ᠡᠨᠠᠵᠢᠯ ᠤᠨ ᠪᠠᠶᠢᠷᠢ ᠳᠤ ᠪᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ ᠳᠤᠮᠳᠠ ᠳᠡᠭᠡᠭᠰᠢᠯᠡᠭᠦᠯᠵᠦ᠂ ᠵᠠᠯᠠᠭᠤ ᠨᠠᠰᠤᠨ ᠤ ᠴᠤᠭ ᠵᠢᠪᠬᠤᠭ᠎ᠠ ᠶᠢ ᠬᠦᠴᠢᠷ | ᠠᠰᠠᠭᠤᠳᠠᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠬᠤ ᠳᠤᠮᠳᠠ ᠭᠡᠷᠡᠯ ᠭᠢᠯᠪᠠᠭ᠎ᠠ ᠰᠠᠴᠤᠷᠠᠭᠤᠯᠵᠤ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ | ᠲᠦᠮᠡᠨ ᠳᠤ ᠣᠰᠣᠯᠳᠠᠬᠤ ᠦᠭᠡᠢ ᠵᠠᠯᠠᠭᠤ ᠨᠠᠰᠤᠨ ᠤ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ ᠭᠡᠵᠦ ᠢᠯᠡᠷᠬᠡᠶᠢᠯᠡᠵᠡᠭᠡᠪᠡ᠃ |  | ᠠᠵᠢᠯᠯᠠᠭ᠎ᠠ ᠶᠢᠨ ᠬᠤᠭᠤᠴᠠᠭᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠰᠠᠶᠢᠨ ᠳᠤᠷ᠎ᠠ ᠶᠢᠨ | ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠵᠠᠯᠠᠭᠤ ᠺᠠᠳ᠋ᠷᠴᠤᠳ ᠲᠤ ᠢᠷᠠᠭᠤ ᠠᠯᠳᠠᠷ ᠤᠨ ᠦᠨᠡᠮᠯᠡᠯ ᠣᠯᠭᠤᠪᠠ᠃ | | | | | | ᠣᠷᠴᠢᠭᠤᠯᠤᠭᠴᠢ᠄ ᠡᠷᠳᠡᠨᠢᠰᠤᠪᠤᠳ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |