ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠰᠤᠷᠭᠠᠭᠤᠯᠢ ᠪᠤᠯᠤᠨ ᠣᠷᠣᠨ ᠨᠤᠲᠤᠭ ᠤᠨ ᠬᠠᠮᠳᠤᠷᠠᠯᠴᠠᠠᠭ᠎ᠠ ᠶᠢ​ ᠳᠠᠰᠤᠷᠠᠯᠳᠠ ᠦᠭᠡᠢ ᠬᠦᠨᠵᠡᠭᠡᠶᠢᠷᠡᠭᠦᠯᠵᠦ᠂ ᠦᠨᠳᠦᠰᠦᠳᠡᠨ ᠤ ᠠᠵᠢᠯ ᠤᠨ ᠬᠢᠷᠢ ᠳᠡᠩᠴᠡᠭᠰᠡᠨ ᠴᠢᠳᠠᠪᠤᠷᠢᠳᠠᠨ ᠢ ᠬᠦᠮᠦᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/4/28
      ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠭᠠᠷᠢᠨ ᠪᠠᠷᠠᠭᠤᠨ ᠬᠤᠰᠢᠭᠤ ᠤᠯᠤᠰ ᠤᠨ ᠦᠨᠳᠦᠰᠦᠲᠡᠨ ᠤ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠵᠦ᠂ ᠤᠯᠤᠰ ᠤᠨ ᠦᠨᠳᠦᠰᠦᠲᠡᠨ ᠤ ᠵᠥᠪᠯᠡᠯ ᠤᠨ ᠬᠠᠷᠢᠶ᠎ᠠ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ᠂ ᠣᠶᠤᠨ ᠤ ᠬᠦᠴᠦᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ ᠠᠰᠢᠭᠯᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ︽ᠤᠶᠠᠩᠭᠠᠲᠤ ᠮᠣᠳᠣ︾ ᠶᠢ ᠬᠠᠮᠲᠤ ᠪᠠᠷ ᠪᠣᠶᠢᠵᠢᠭᠤᠯᠵᠤ᠂ ᠦᠨᠳᠦᠰᠦᠲᠡᠨ ᠤ ᠠᠵᠢᠯ ᠤᠨ ᠺᠠᠳ᠋ᠷ ᠢ ᠬᠥᠮᠦᠵᠢᠭᠦᠯᠵᠦ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠯ᠎ᠡ ᠲᠥᠷᠥᠯ ᠤᠨ ᠴᠢᠳᠠᠪᠤᠷᠢᠲᠠᠨ ᠢ ᠨᠥᠭᠡᠴᠡᠯᠡᠪᠡ᠃      ᠰᠤᠷᠭᠠᠭᠤᠯᠢ ᠪᠤᠯᠤᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠴᠢᠳᠠᠪᠤᠷᠢᠳᠠᠨ ᠢ ᠨᠦᠬᠡᠴᠢᠯᠡᠬᠦ ᠰᠢᠨ᠎ᠡ ᠴᠢᠭᠯᠡᠯ ᠢ ᠳᠤᠭᠳᠠᠭᠠᠪᠠ᠃ ᠲᠥᠷᠥᠯ ᠵᠦᠢᠯ ᠤᠨ ᠬᠠᠮᠲᠤᠷᠠᠯᠴᠠᠭ᠎ᠠ ᠶᠢ ᠰᠤᠳᠤᠯᠤᠨ ᠭᠦᠨᠵᠡᠭᠡᠶᠢᠷᠡᠭᠦᠯᠪᠡ᠃ ᠳ᠋ᠠᠯᠢᠶᠠᠨ ᠤ ᠦᠨᠳᠦᠰᠦᠲᠡᠨ ᠤ ᠶᠡᠭᠡ ᠰᠤᠷᠭᠠᠭᠤᠯᠢ ᠲᠠᠢ ︽ᠬᠤᠣᠰᠯᠠᠨ ᠬᠠᠪᠰᠤᠷᠤᠯᠴᠠᠬᠤ︾ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠨᠢᠭᠲᠠ ᠬᠠᠷᠢᠴᠠᠭ᠎ᠠ ᠶᠢ ᠪᠠᠶᠢᠭᠤᠯᠵᠤ᠂ ︽ᠪᠠᠭᠠᠷᠢᠨ ᠪᠠᠷᠠᠭᠤᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠡᠶᠡᠴᠢᠯᠡᠨ ᠣᠶᠢᠯᠠᠭᠠᠬᠤ ᠣᠷᠳᠣᠨ  ᠤ ᠳ᠋ᠢᠭᠢᠲ ᠨᠢᠬᠡᠳᠬᠡᠭᠰᠡᠨ ᠰᠤᠳᠤᠯᠭᠠᠨ ᠤ ᠴᠤᠭᠯᠠᠭᠠᠨ︾᠂ ︽ᠪᠠᠭᠠᠷᠢᠨ ᠪᠠᠷᠠᠭᠤᠨ ᠬᠤᠰᠢᠭᠤᠨ ᠤ ᠣᠨᠴᠠᠯᠢᠭᠲᠤ ᠦᠢᠯᠡᠳᠬᠦᠨ ᠢ ᠡᠵᠡᠩᠨᠡᠨ ᠪᠣᠷᠣᠯᠠᠭᠤᠯᠬᠤ ᠲᠠᠪᠴᠠᠩ  ᠤᠨ ᠰᠢᠨ᠎ᠡ ᠶᠢ ᠡᠭᠦᠳᠬᠦ ᠬᠠᠮᠢᠶᠠᠷᠤᠯᠲᠠ ᠶᠢᠨ ᠰᠤᠳᠤᠯᠭᠠᠨ ᠤ ᠲᠥᠷᠥᠯ ᠵᠦᠢᠯ︾ ᠵᠡᠷᠭᠡ 12 ᠬᠠᠪᠰᠤᠷᠤᠨ ᠲᠡᠳᠬᠦᠬᠦ ᠲᠤᠰᠬᠠᠢ ᠲᠥᠷᠥᠯ ᠵᠦᠢᠯ ᠢ ᠪᠠᠶᠢᠭᠤᠯᠪᠠ᠃ ᠰᠢᠨ᠎ᠡ ᠡᠭᠦᠳᠦᠯᠲᠡ ᠲᠠᠢ ᠬᠠᠮᠲᠤᠷᠠᠯᠴᠠᠭᠠᠨ ᠤ ᠭᠦᠨᠴᠡ ᠶᠢ ᠭᠦᠨᠵᠡᠭᠡᠶᠢᠷᠡᠭᠦᠯᠪᠡ᠃ ︽ᠪᠠᠭᠠᠷᠢᠨ ᠪᠠᠷᠠᠭᠤᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠪᠤᠯᠪᠠᠰᠤᠷᠠᠯ ᠤᠨ ᠰᠠᠭᠤᠷᠢᠨ ᠭᠠᠵᠠᠷ︾᠂ ︽ᠪᠠᠭᠠᠷᠢᠨ ᠪᠠᠷᠠᠭᠤᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠳᠠᠯ ᠦᠶᠯᠡᠰ ᠴᠤᠭᠴᠠᠯᠠᠬᠤ ᠰᠠᠭᠤᠷᠢᠨ ᠭᠠᠵᠠᠷ︾ ᠢ ᠪᠠᠶᠢᠭᠤᠯᠬᠤ ᠲᠤᠬᠢᠶᠠᠯ ᠢᠶᠠᠷ ᠳ᠋ᠠᠯᠢᠶᠠᠨ ᠤ ᠦᠨᠳᠦᠰᠦᠲᠡᠨ ᠤ ᠶᠡᠭᠡ ᠰᠤᠷᠭᠠᠭᠤᠯᠢ ᠲᠠᠢ ᠬᠠᠮᠲᠤᠷᠠᠯᠴᠠᠬᠤ ᠭᠦᠨᠴᠡ ᠶᠢ ᠨᠡᠮᠡᠭᠳᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠭᠦᠯᠬᠦ ᠳᠠᠪᠠᠭᠤᠯᠢᠭ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠡᠯᠧᠺᠲᠷᠣᠨ ᠬᠤᠳᠠᠯᠳᠤᠭᠠᠨ ᠤ 127 ᠳᠠᠭᠠᠭᠤᠯᠤᠭᠴᠢ ᠴᠢᠳᠠᠪᠤᠷᠢᠲᠠᠨ ᠢ ᠬᠦᠮᠦᠵᠢᠭᠦᠯᠪᠡ᠃ ᠴᠢᠳᠠᠪᠤᠷᠢᠲᠠᠨ ᠢ ᠤᠶᠠᠨ ᠬᠠᠳᠠᠨ ᠢᠶᠠᠷ ᠤᠷᠢᠨ ᠠᠪᠴᠢᠷᠠᠬᠤ ᠡᠷᠴᠢᠮ ᠢᠶᠠᠨ ᠴᠢᠩᠭᠠᠷᠠᠭᠤᠯᠪᠠ᠃ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠳᠤ ︽ᠪᠠᠭᠠᠷᠢᠨ ᠪᠠᠷᠠᠭᠤᠨ ᠬᠤᠰᠢᠭᠤᠨ ᠤ ᠴᠢᠳᠠᠪᠤᠷᠢᠲᠠᠨ ᠢ ᠤᠷᠢᠨ ᠠᠪᠴᠢᠷᠠᠵᠤ ᠠᠵᠢᠯᠯᠠᠬᠤ ᠥᠷᠲᠡᠭᠡ︾ 3 ᠶᠢ ᠪᠠᠶᠢᠭᠤᠯᠵᠤ᠂ ᠳᠠᠳᠤᠯᠭ᠎ᠠ ᠬᠢᠬᠦ ᠬᠤᠭᠤᠴᠠᠭᠠᠨ ᠳᠠᠬᠢ ᠢᠯᠡᠷᠡᠯ ᠢᠶᠠᠷ ᠰᠢᠯᠢᠳᠡᠭ᠂ ᠨᠥᠬᠦᠴᠡᠯ ᠳᠤ ᠨᠡᠶᠢᠴᠡᠭᠰᠡᠨ ᠤᠶᠤᠲᠠᠳ ᠲᠤ ︽ᠰᠠᠭᠠᠳ ᠥᠬᠡᠶ ᠨᠡᠪᠲᠡᠷᠡᠬᠦ︾ ᠠᠷᠭ᠎ᠠ ᠬᠡᠯᠪᠡᠷᠢ ᠪᠠᠷ ᠰᠢᠭᠤᠳ ᠠᠵᠢᠯ ᠣᠯᠭᠤᠪᠠ︔ ︽ᠤᠶᠤᠨᠳᠤ ᠪᠠᠭᠠᠷᠢᠨ︾ ᠰᠤᠷᠭᠠᠭᠤᠯᠢ ᠠᠴᠠ ᠴᠢᠳᠠᠪᠤᠷᠢᠲᠠᠨ ᠤᠷᠢᠵᠤ ᠡᠯᠰᠡᠬᠦ ᠠᠵᠢᠯᠯᠠᠭ᠎ᠠ ᠶᠢ ᠥᠷᠨᠢᠭᠦᠯᠵᠦ᠂ ᠤᠶᠤᠳᠠᠳ ᠤᠨ ᠪᠠᠭᠠᠷᠢᠨ ᠪᠠᠷᠠᠭᠤᠨ ᠬᠤᠰᠢᠭᠤᠨ ᠤ ᠠᠯᠪᠠᠳᠠᠨ᠂ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠡᠯᠰᠡᠬᠦ ᠰᠢᠯᠭᠠᠯᠳᠠ  ᠳᠤ ᠤᠷᠤᠯᠴᠠᠬᠤ ᠶᠢ ᠵᠤᠷᠢᠭᠵᠢᠭᠤᠯᠵᠤ᠂ ᠦᠨᠳᠦᠰᠦᠲᠡᠨ ᠤ ᠣᠨᠣᠯ ᠪᠠ ᠲᠥᠷᠦ ᠶᠢᠨ ᠪᠣᠳᠣᠯᠭ᠎ᠠ᠂ ᠨᠡᠶᠢᠭᠡᠮ ᠤᠨ ᠤᠬᠠᠭᠠᠨ ᠵᠡᠷᠭᠡ ᠲᠤᠰᠬᠠᠢ ᠮᠡᠷᠭᠡᠵᠢᠯ ᠤᠨ 57 ᠴᠢᠳᠠᠪᠤᠷᠢᠲᠠᠨ ᠢ ᠤᠷᠢᠨ ᠠᠪᠴᠢᠷᠠᠪᠠ᠃       ᠳᠠᠳᠤᠯᠭ᠎ᠠ ᠶᠢᠨ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠬᠡᠷᠡᠭᠯᠡᠬᠦ ᠰᠢᠨ᠎ᠡ ᠪᠦᠲᠦᠮᠵᠢ ᠴᠢᠳᠠᠪᠬᠢ ᠶᠢ ᠬᠦᠭᠵᠢᠭᠡᠪᠡ᠃ ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠬᠦ ᠬᠥᠭᠦᠷᠭᠡ ᠶᠢ ᠪᠠᠶᠢᠭᠤᠯᠪᠠ᠃ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ  ᠤ ᠲᠣᠭᠲᠠᠴᠠ ᠶᠢ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠴᠢᠳᠠᠪᠤᠷᠢᠲᠠᠨ ᠤ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠳ᠋ᠠᠯᠢᠶᠠᠨ ᠤ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠦᠹᠧᠰᠰᠤᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠤᠳᠤᠯᠭᠠᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢᠨ ᠬᠡᠪᠴᠢᠶ᠎ᠡ ᠠᠯᠤᠰᠯᠠᠭᠰᠠᠨ ᠬᠠᠮᠲᠤᠷᠠᠯᠴᠠᠭ᠎ᠠ᠂ ᠨᠠᠮ ᠤᠨ ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠦᠳᠦᠯᠥᠨ ᠳᠠᠭᠠᠭᠤᠯᠬᠤ ᠵᠡᠷᠭᠡ ᠲᠠᠯ᠎ᠠ ᠪᠠᠷ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠴᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠬᠠᠩᠭᠠᠵᠤ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢᠨ ᠲᠠᠶᠢᠯᠪᠤᠷᠢᠯᠠᠭᠴᠢ ᠵᠡᠷᠭᠡ ᠬᠦᠷᠢᠶ᠎ᠠ ᠴᠠᠷᠠᠭᠠᠨ ᠳᠠᠬᠢ 248 ᠣᠷᠣᠶᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠳᠤ ᠬᠦᠴᠦᠨ ᠨᠡᠮᠡᠷᠢᠯᠡᠪᠡ᠃ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ᠃ ᠤᠯᠤᠰ ᠤᠨ ᠦᠨᠳᠦᠰᠦᠲᠡᠨ ᠤ ᠵᠥᠪᠯᠡᠯ ᠤᠨ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠳᠠᠳᠤᠯᠭ᠎ᠠ ᠬᠢᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ︽ᠠᠵᠢᠯ ᠣᠯᠭᠤᠯᠲᠠ ᠶᠢᠨ ᠪᠣᠭᠤᠮᠲᠠ ᠶᠢ ᠤᠷᠤᠭᠰᠢ ᠰᠢᠯᠵᠢᠬᠦᠯᠬᠦ︾ ᠠᠵᠢᠯ ᠤᠨ ᠬᠡᠪ ᠵᠠᠭᠪᠤᠷ ᠢ ᠬᠡᠷᠡᠭᠯᠡᠵᠦ᠂ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠶᠢᠨ ᠠᠵᠢᠯ ᠪᠠ ᠵᠢᠭᠠᠨ ᠰᠤᠷᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠶᠡᠭᠡ ᠳᠡᠭᠡᠳᠦ ᠰᠤᠷᠭᠠᠭᠤᠯᠢ ᠠᠴᠠ ᠰᠢᠯᠢᠳᠡᠭ ᠰᠤᠷᠤᠭᠴᠢᠳ ᠢ ᠪᠠᠭᠠᠷᠢᠨ ᠪᠠᠷᠠᠭᠤᠨ ᠬᠤᠰᠢᠭᠤᠨ ᠳᠤ ᠲᠠᠨᠢᠯᠴᠠᠭᠤᠯᠤᠨ ᠣᠴᠢᠭᠤᠯᠵᠤ ᠳᠠᠳᠤᠯᠭ᠎ᠠ ᠪᠠ ᠦᠶᠯᠡᠳᠦᠯᠭᠡ ᠬᠢᠯᠭᠡᠵᠦ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠨᠠᠩ ᠣᠯᠠᠨ ᠳᠠᠳᠤᠯᠭ᠎ᠠ ᠬᠢᠵᠦ ᠦᠶᠯᠡᠰ ᠴᠣᠭᠴᠠᠯᠠᠬᠤ ᠲᠠᠪᠴᠠᠩ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ ᠴᠢᠳᠠᠪᠤᠷᠢᠲᠠᠨ ᠳᠤ ᠰᠤᠳᠤᠯᠵᠤ ᠪᠤᠯᠪᠠᠰᠤᠷᠠᠭᠤᠯᠬᠤ ᠲᠠᠪᠴᠠᠩ ᠢ ᠬᠠᠩᠭᠠᠪᠠ᠃ ᠤᠯᠤᠰ ᠤᠨ ᠦᠨᠳᠦᠰᠦᠲᠡᠨ ᠤ ᠵᠥᠪᠯᠡᠯ ᠤᠨ ᠬᠠᠷᠢᠶ᠎ᠠ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠮᠡᠷᠭᠡᠵᠢᠯ ᠤᠨ ᠴᠢᠳᠠᠪᠤᠷᠢᠲᠠᠨ ᠤ ᠪᠠᠭ ᠢ ᠵᠣᠬᠢᠶᠠᠨ ᠪᠠᠶᠢᠭᠤᠯᠵᠤ᠂ ᠤᠨᠴᠠᠯᠢᠬᠳᠤ ᠠᠵᠤ ᠦᠶᠯᠡᠰ ᠢ ᠪᠣᠶᠢᠵᠢᠭᠤᠯᠬᠤ᠂ ᠬᠥᠳᠡᠭᠡ ᠲᠣᠰᠬᠤᠨ ᠤ ᠵᠢᠭᠤᠯᠴᠢᠯᠠᠯ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ ᠰᠤᠳᠤᠯᠤᠨ ᠪᠥᠳᠦᠭᠡᠬᠦ ᠵᠡᠷᠭᠡ ᠪᠣᠳᠠᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠤᠨ ᠲᠤᠬᠠᠶ ᠪᠠᠭᠠᠷᠢᠨ ᠪᠠᠷᠠᠭᠤᠨ ᠬᠤᠰᠢᠭᠤᠨ ᠳᠤ ᠬᠦᠷᠴᠦ ᠰᠢᠨᠵᠢᠯᠡᠬᠦ ᠤᠬᠠᠭᠠᠨ ᠤ ᠲᠤᠷᠰᠢᠯᠲᠠ᠂ ᠮᠡᠷᠭᠡᠵᠢᠯ ᠤᠨ ᠳᠡᠯᠭᠡᠷᠡᠭᠦᠯᠦᠯᠲᠡ ᠥᠷᠨᠢᠭᠦᠯᠵᠦ᠂ ︽ᠶᠡᠭᠡ ᠳᠡᠭᠡᠳᠦ ᠰᠤᠷᠭᠠᠭᠤᠯᠢ ᠳᠤ ᠰᠤᠳᠤᠯᠤᠨ ᠪᠥᠳᠦᠭᠡᠬᠦ᠂ ᠪᠠᠷᠠᠭᠤᠨ ᠬᠤᠰᠢᠭᠤᠨ ᠳᠤ ᠤᠯᠠᠷᠢᠭᠤᠯᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠠᠮᠲᠤ ᠪᠠᠷ ᠡᠳ᠋ᠯᠡᠬᠦ ᠲᠠᠪᠴᠠᠩ ᠢ ᠪᠦᠷᠢᠯᠳᠦᠭᠦᠯᠵᠦ᠂ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠣᠲᠣ ᠨᠢᠭᠡᠨᠲᠡ ᠰᠠᠩᠳᠠᠩ ᠮᠣᠳᠣ᠂ ᠴᠢᠨᠠᠷ ᠰᠠᠶᠢᠲᠠᠶ ᠡᠪᠡᠰᠦ ᠪᠡᠯᠴᠢᠭᠡᠷ᠂ ᠦᠬᠡᠷ ᠬᠤᠨᠢᠨ ᠤ ᠬᠦᠪᠦᠷᠡᠯ ᠵᠡᠷᠭᠡ 12 ᠲᠦᠷᠦᠯ ᠤᠨ ᠲᠡᠷᠢᠭᠦᠨ ᠤ ᠮᠡᠷᠭᠡᠵᠢᠯ ᠢ ᠳᠡᠯᠭᠡᠷᠡᠭᠦᠯᠪᠡ᠃       ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠬᠥᠳᠡᠯᠭᠡᠬᠦ ᠬᠦᠴᠦᠨ ᠢ ᠳᠡᠭᠡᠭᠰᠢᠯᠡᠭᠦᠯᠪᠡ᠃ ᠨᠢᠭᠡ ᠪᠦᠯᠦᠭ ᠬᠡᠷᠡᠭᠯᠡᠭᠡᠨ ᠤ ᠪᠤᠯᠪᠠᠰᠤᠷᠠᠯ ᠢ ᠥᠷᠨᠢᠭᠦᠯᠪᠡ᠃ ︽ᠭᠠᠳᠠᠭᠰᠢ ᠭᠠᠷᠭᠠᠬᠤ︾ ᠪᠠ ︽ᠤᠷᠢᠨ ᠠᠪᠴᠢᠷᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠬᠡᠷᠡᠭᠯᠡᠵᠦ᠂ ᠤᠯᠤᠰ  ᠤᠨ ᠦᠨᠳᠦᠰᠦᠲᠡᠨ ᠤ ᠵᠥᠪᠯᠡᠯ ᠤᠨ ᠬᠠᠷᠢᠶ᠎ᠠ ᠳᠡᠭᠡᠳᠦ ᠰᠤᠷᠭᠠᠭᠤᠯᠢ ᠳᠤ ᠪᠣᠯᠪᠠᠰᠤᠷᠠᠯ ᠤᠨ ᠠᠩᠭᠢ ᠡᠷᠭᠢᠯᠡᠬᠦ ᠪᠠ ᠪᠠᠭᠠᠷᠢᠨ ᠪᠠᠷᠠᠭᠤᠨ ᠬᠤᠰᠢᠭᠤᠨ ᠳᠤ ᠲᠤᠰᠬᠠᠶ ᠮᠡᠷᠭᠡᠵᠢᠯᠲᠡᠨ ᠰᠣᠩᠭᠤᠨ ᠲᠣᠮᠢᠯᠠᠵᠤ ᠪᠣᠯᠪᠠᠰᠤᠷᠠᠯ ᠥᠷᠨᠢᠭᠦᠯᠬᠦ ᠠᠵᠢᠯᠯᠠᠭ᠎ᠠ ᠶᠢ ᠨᠡᠶᠢᠲᠡ 7 ᠬᠤᠭᠤᠴᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠬᠠᠪᠰᠤᠷᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠶ  ᠪᠠᠷ ᠰᠤᠷᠤᠯᠴᠠᠨ ᠡᠵᠡᠮᠰᠢᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠬᠠᠪᠰᠤᠷᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠠᠭᠠᠷᠢᠨ ᠪᠠᠷᠠᠭᠤᠨ ᠬᠤᠰᠢᠭᠤ ᠶᠢ ᠬᠠᠪᠰᠤᠷᠤᠨ ᠣᠨᠣᠯ ᠤᠨ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠳᠠᠯ᠎ᠠ ᠶᠢᠨ 96 ᠴᠢᠳᠠᠪᠤᠷᠢᠲᠠᠨ ᠢ ᠬᠥᠮᠦᠵᠢᠭᠦᠯᠪᠡ᠃ ᠨᠢᠭᠡ ᠪᠦᠯᠦᠭ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠤᠳᠤᠯᠤᠨ ᠪᠥᠳᠦᠭᠡᠬᠦ ᠵᠡᠷᠭᠡ ᠳᠠᠪᠠᠭᠤᠯᠢᠭ ᠡᠬᠢ ᠪᠠᠶᠠᠯᠢᠭ ᠢ ᠠᠰᠢᠭᠯᠠᠵᠤ᠂ ᠰᠦᠯᠵᠢᠶᠡᠨ ᠳᠡᠭᠡᠷᠡᠬᠢ ᠪᠤᠶᠤ ᠰᠦᠯᠵᠢᠶᠡᠨ ᠭᠠᠳᠠᠨᠠᠬᠢ ᠶᠠᠷᠢᠯᠴᠠᠬᠤ ᠬᠤᠷᠠᠯ ᠢ ᠴᠠᠭ ᠲᠤᠬᠠᠶ ᠳᠤ ᠨᠢ ᠬᠤᠷᠠᠯᠳᠤᠭᠤᠯᠵᠤ᠂ ᠪᠠᠭᠠᠷᠢᠨ ᠪᠠᠷᠠᠭᠤᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠶᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠳ᠋ᠢᠬᠢᠲ ᠠᠵᠤ ᠠᠬᠤᠶ ᠵᠡᠷᠭᠡ ᠲᠠᠯ᠎ᠠ ᠶᠢᠨ ᠠᠵᠢᠯ ᠳᠤ ᠣᠨᠣᠯ  ᠤᠨ ᠪᠠ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠬᠠᠪᠰᠤᠷᠤᠨ ᠰᠢᠶᠳᠪᠦᠷᠢᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠪᠡ᠃ ᠨᠢᠭᠡ ᠪᠦᠯᠦᠭ ᠣᠷᠣᠨ ᠨᠤᠲᠤᠭ ᠤᠨ ᠴᠢᠳᠠᠪᠤᠷᠢᠲᠠᠨ ᠢ ᠬᠦᠮᠦᠵᠢᠭᠦᠯᠪᠡ᠃ ᠶᠡᠭᠡ ᠳᠡᠭᠡᠳᠦ ᠰᠤᠷᠭᠠᠭᠤᠯᠢ ᠶᠢᠨ ᠳᠠᠪᠠᠭᠤᠯᠢᠭ ᠨᠦᠬᠦᠴᠠᠯ ᠢ ᠠᠰᠢᠭᠯᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠠᠮᠵᠢᠯᠠᠯᠲᠤ ᠭᠠᠷ ᠤᠷᠠᠯᠠᠯ᠂ ᠰᠣᠶᠣᠯ ᠵᠢᠭᠤᠯᠴᠢᠯᠠᠯ᠂ ᠲᠠᠷᠢᠶᠠᠯᠠᠩ᠂ ᠮᠠᠯ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠣᠯᠠᠨ ᠬᠦᠷᠢᠶ᠎ᠠ ᠴᠠᠷᠠᠭᠠᠨ ᠳᠠᠬᠢ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠣᠯᠠᠨ ᠵᠢᠯ ᠳᠠᠷᠠᠭᠠᠯᠠᠨ ᠡᠷᠭᠢᠯᠡᠵᠦ᠂ ᠦᠨᠳᠦᠰᠦᠲᠡᠨ ᠨᠦᠭᠦᠳ ᠤᠨ ᠺᠠᠳ᠋ᠷᠴᠤᠳ ᠤᠨ ᠲᠥᠷᠥ ᠶᠢᠨ ᠪᠣᠳᠣᠯᠭ᠎ᠠ ᠣᠨᠣᠯ ᠤᠨ ᠲᠦᠪᠰᠢᠨ᠂ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠨᠤᠲᠤᠭ ᠨᠤᠲᠤᠭ ᠤᠨ 670 ᠴᠢᠳᠠᠪᠤᠷᠢᠲᠠᠨ ᠢ ᠬᠦᠮᠦᠵᠢᠭᠦᠯᠪᠡ᠃            ᠣᠷᠴᠢᠭᠤᠯᠤᠭᠴᠢ᠄ ᠣᠶᠤᠨᠰᠡᠴᠡᠨ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠵᠥᠪᠯᠡᠯ