︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾​᠄ 2023 ᠣᠨ ᠤ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠪᠤᠭᠤᠲᠤ ᠬᠤᠲᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/4/28
      5 ᠳ᠋ᠤᠭᠠᠷ ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠣᠯᠤᠨ᠎ᠠ᠃ 4 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠦᠨᠳᠦᠰᠦᠲᠡᠨ ᠤ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠠᠴᠠ ᠬᠠᠮᠲᠤᠷᠠᠨ ᠡᠷᠭᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ 2023 ᠣᠨ ᠤ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠪᠤᠭᠤᠲᠤ ᠪᠣᠯᠣᠳ ᠪᠦᠯᠦᠭᠯᠡᠯ ᠤᠨ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠪᠥᠲᠥᠭᠡᠨ ᠪᠠᠶᠢᠭᠤᠯᠬᠤ︾ ᠦᠵᠡᠭᠦᠯᠭᠡ ᠶᠢᠨ ᠲᠢᠩᠬᠢᠮ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠦᠨᠵᠡᠬᠡᠶᠢᠷᠡᠬᠦᠯᠦᠨ ᠨᠠᠶᠢᠳᠠᠪᠤᠷᠢᠵᠢᠭᠤᠯᠬᠤ ᠠᠵᠢᠯ ᠤᠨ ᠠᠯᠪᠠᠨ ᠬᠡᠷ ᠤᠨ ᠡᠷᠬᠢᠯᠡᠭᠴᠢ ᠵᠣᠣ ᠬᠤᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠧᠦ ᠴᠢᠶᠠᠩ ᠪᠠᠶᠠᠷ ᠤᠨ ᠦᠭᠡ ᠬᠡᠯᠡᠵᠡᠶ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠡᠷᠭᠡ ᠳᠥᠷᠪᠡᠨ ᠰᠠᠯᠠᠭ᠎ᠠ ᠮᠥᠴᠢᠷ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠴᠢᠩᠭ᠎ᠠ ᠡᠵᠡᠮᠳᠡᠵᠦ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠣᠯᠤᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠭᠤᠯᠭ᠎ᠠ ᠨᠢᠬᠡᠴᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠮᠤ ᠰᠢᠶᠠᠩ ᠪᠠᠯᠭᠠᠰᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠴᠡᠷᠢᠭ ᠠᠩᠭᠢ ᠳᠤ ᠣᠷᠣᠭᠤᠯᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ᠂ ᠲᠣᠤᠷ ᠰᠦᠯᠵᠢᠶᠡᠨ ᠳᠤ ᠣᠷᠣᠭᠤᠯᠬᠤ᠂ ᠡᠯ᠎ᠡ ᠬᠦᠷᠢᠶ᠎ᠠ ᠴᠠᠷᠠᠭᠠᠨ ᠳᠤ ᠣᠷᠣᠭᠤᠯᠬᠤ ᠶᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠶ᠃ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡ ᠶᠢ ᠬᠦᠳᠦᠯᠦᠨ ᠵᠢᠯᠣᠭᠤᠳᠬᠤ ᠪᠠ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠠᠷᠭ᠎ᠠ ᠬᠡᠯᠪᠡᠷᠢ ᠪᠠᠷ ︽ᠰᠦᠯᠵᠢᠶᠡᠨ ᠤ ᠳᠡᠭᠡᠷ᠎ᠡ︾ ᠪᠠ ︽ᠰᠦᠯᠵᠢᠶᠡᠨ ᠤ ᠭᠠᠳᠠᠨ᠎ᠠ︾᠂ ᠤᠯᠠᠮᠵᠢᠯᠠᠯᠲᠤ ᠵᠠᠭᠤᠴᠢᠯᠠᠭᠤᠷ ᠪᠠ ᠣᠳᠣ ᠦᠶ᠎ᠡ ᠶᠢᠨ ᠵᠠᠭᠤᠴᠢᠯᠠᠭᠤᠷ ᠢ ᠤᠶᠠᠯᠳᠤᠭᠤᠯᠬᠤ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠣᠯᠠᠨ ᠲᠦᠮᠡᠨ ᠤ ᠤᠶᠢᠯᠠᠭᠠᠵᠤ ᠮᠡᠳᠡᠬᠦ᠂ ᠰᠣᠨᠣᠰᠬᠤ ᠳᠤᠷᠠᠲᠠᠶ᠂ ᠣᠶᠢᠯᠠᠭᠠᠵᠤ ᠳᠡᠶᠢᠯᠬᠦ ᠬᠡᠯᠪᠡᠷᠢ ᠪᠠᠷ ᠪᠣᠳᠠᠲᠠᠢ ᠲᠦᠷᠦᠭᠳᠡᠯ ᠲᠠᠢ ᠪᠦᠳᠦᠮᠵᠢᠳᠠᠢ ᠪᠠᠷ ᠨᠠᠮ  ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ᠂ ᠪᠦᠬᠦᠨ ᠢ ᠪᠦᠷᠬᠦᠭᠦᠯᠦᠨ ᠪᠠᠶᠢᠩᠭᠤᠵᠢᠭᠤᠯᠵᠤ᠂ ᠪᠦᠬᠦ ᠠᠷᠠᠳ ᠲᠤ ᠦᠷᠨᠢᠬᠦᠯᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠴᠢᠩ ᠰᠡᠳᠬᠢᠯ ᠠᠴᠠ ᠪᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠬᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠳᠡᠢ ᠬᠡᠵᠦ ᠱᠠᠭᠠᠷᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠦᠨᠳᠦᠰᠦᠲᠡᠨ ᠤ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠪᠣᠯᠤᠨ ᠪᠤᠭᠤᠲᠤ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠤᠭᠤᠲᠤ ᠬᠤᠲᠠ ᠶᠢᠨ ︽ᠲᠤᠮᠤ ᠬᠦᠷᠦᠨ ᠤ ᠤᠷᠠᠨ ᠳᠠᠷᠬᠠᠳ︾ ᠵᠢᠴᠢ ᠪᠥᠬᠦ ᠤᠯᠤᠰ ᠪᠣᠯᠤᠨ ᠪᠥᠬᠦ ᠣᠷᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠤ ᠢᠷᠠᠭᠤ ᠠᠯᠳᠠᠷ ᠢ ᠭᠥᠷᠳᠡᠭᠰᠡᠨ ᠲᠥᠯᠥᠭᠡᠯᠡᠭᠴᠢᠳ ᠲᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠨᠣᠮ ᠪᠢᠴᠢᠭ ᠢ ᠪᠡᠯᠡᠭᠯᠡᠭᠰᠡᠨ ᠪᠥᠭᠡᠳ 2023 ᠣᠨ ᠤ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ᠃ ᠡᠬᠢᠯᠡᠯᠲᠡ ᠶᠢᠨ ᠶᠣᠰᠣᠯᠠᠯ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠪᠣᠳᠠᠲᠤ ᠲᠡᠮᠳᠡᠭᠯᠡᠯ ᠤᠨ ᠤᠬᠠᠭᠤᠯᠭ᠎ᠠ ᠶᠢᠨ ᠹᠢᠯᠢᠮ ᠪᠠ ᠪᠤᠭᠤᠲᠤ ᠪᠣᠯᠣᠳ ᠪᠦᠯᠦᠭᠯᠡᠯ ᠤᠨ ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠤᠭᠯᠠᠯᠳᠠ ᠶᠢ ᠰᠣᠨᠢᠷᠬᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠰᠣᠨᠣᠰᠴᠤ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠪᠣᠯᠣᠳ ᠪᠦᠯᠦᠭᠯᠡᠯ ᠢ ᠪᠥᠲᠥᠭᠡᠨ ᠪᠠᠶᠢᠭᠤᠯᠬᠤ︾ ᠦᠵᠡᠭᠦᠯᠭᠡ ᠶᠢᠨ ᠣᠷᠳᠣᠨ ᠢ ᠲᠣᠭᠤᠷᠢᠨ ᠦᠵᠡᠪᠡ︔ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ  ᠶᠢᠨ ᠰᠤᠷᠭᠠᠭᠤᠯᠢ᠂ ᠴᠢᠩᠱᠠᠨ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠲᠥᠪ᠂ ᠴᠢᠩᠱᠠᠨ ᠲᠣᠭᠤᠷᠢᠭ ᠤᠨ ᠰᠢᠶᠠᠨ ᠹᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠳᠠ ᠨᠡᠶᠢᠭᠡᠮ ᠲᠣᠭᠤᠷᠢᠭ᠂ ᠪᠤᠭᠤᠲᠤ ᠬᠤᠳᠠ ᠶᠢᠨ ᠯᠸᠢ ᠹᠧᠩ ᠲᠡᠷᠭᠡᠨ ᠠᠩᠬᠢ ᠵᠡᠷᠬᠡ ᠭᠠᠵᠠᠷ ᠢᠶᠠᠷ ᠲᠣᠭᠤᠷᠢᠨ ᠦᠵᠡᠪᠡ᠃      ᠪᠥᠬᠦ ᠣᠷᠣᠨ ᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠶᠢᠨ ᠪᠥᠬᠦ ᠰᠤᠷᠤᠯᠭᠠᠲᠠᠨ᠂ ᠪᠤᠭᠤᠲᠤ ᠬᠤᠲᠠ᠂ ᠬᠤᠰᠢᠭᠤ ᠰᠢᠶᠠᠨ ᠲᠣᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠵᠢᠯᠲᠠᠨ ᠤ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠶ᠃          ᠣᠷᠴᠢᠭᠤᠯᠤᠭᠴᠢ᠄ ᠣᠶᠤᠨᠰᠡᠴᠡᠨ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ  
ᠢᠷᠡᠯᠲᠡ᠄ ᠲᠥᠷᠥ ᠶᠢᠨ ᠪᠣᠳᠣᠯᠭ᠎ᠠ ᠬᠠᠥᠯᠢ ᠲᠤᠭᠲᠠᠭᠠᠯ ᠤᠨ ᠭᠠᠵᠠᠷ