ᠲᠤᠤᠯᠢᠰ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠰᠦᠭᠡᠢ᠄ ︽ᠭᠡᠰᠡᠷ︾ ︽ᠵᠠᠩᠭᠠᠷ︾ ᠤᠨ ᠠᠩᠬᠠᠨ ᠤ ᠲᠠᠭᠤ ᠰᠢᠩᠭᠡᠭᠡᠯᠲᠡ ᠶᠢᠨ ᠳ᠋ᠢᠬᠢᠲᠴᠢᠯᠡᠭᠰᠡᠨ ᠬᠠᠮᠠᠭᠠᠯᠠᠯᠲᠠ ᠶᠢᠨ ᠲᠥᠷᠥᠯ ᠵᠦᠢᠯ ᠢ ᠳᠠᠭᠤᠰᠬᠠᠬᠤ ᠶᠣᠰᠣᠯᠠᠯ
ᠨᠡᠶᠢᠲᠡᠯᠡᠭᠰᠡᠨ ᠴᠠᠭ᠄
2023/4/28
      4 ᠳ᠋ᠤᠭᠡᠷ ᠰᠠᠷ᠎ᠠ ᠶᠢᠨ 7 ᠤ ᠦᠳᠡ ᠶᠢᠨ ᠡᠮᠦᠨ᠎ᠡ᠂ ᠰᠢᠨᠵᠢᠶᠠᠩ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠬᠢᠨ ᠬᠥᠬᠡᠬᠤᠲᠠ ᠳᠤ ︽ᠭᠡᠰᠡᠷ︾ ︽ᠵᠠᠩᠭᠠᠷ︾ ᠤᠨ ᠠᠩᠬᠠᠨ ᠤ ᠲᠠᠭᠤ ᠰᠢᠩᠭᠡᠭᠡᠯᠲᠡ ᠶᠢᠨ ᠳ᠋ᠢᠬᠢᠲᠴᠢᠯᠡᠭᠰᠡᠨ ᠬᠠᠮᠠᠭᠠᠯᠠᠯᠲᠠ ᠶᠢᠨ ᠲᠥᠷᠥᠯ ᠵᠦᠢᠯ ᠢ ᠳᠠᠭᠤᠰᠬᠠᠬᠤ ᠶᠣᠰᠣᠯᠠᠯ ᠶᠠᠪᠤᠭᠤᠯᠪᠠ᠃ ᠰᠢᠨᠵᠢᠶᠠᠩ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠯᠢᠦ ᠸᠧᠨ ᠰᠢ᠂ ᠳᠡᠳ᠋ ᠲᠡᠷᠢᠭᠦᠯᠡᠭᠴᠢ ᠷᠠᠪᠳᠤᠨ᠂ ᠰᠢᠨᠵᠢᠶᠠᠩ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ︽ᠭᠡᠰᠡᠷ︾ ᠰᠤᠳᠤᠯᠬᠤ ᠲᠠᠰᠤᠭ ᠤᠨ ᠤᠤᠯ ᠤᠨ ᠡᠷᠬᠢᠯᠡᠭᠴᠢ ᠨᠢᠮ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠡᠷᠬᠢᠯᠡᠭᠴᠢ ᠰᠣᠶᠣᠯᠲᠤ᠂ ᠳᠡᠳ᠋ ᠡᠷᠬᠢᠯᠡᠭᠴᠢ ᠴᠡᠪᠡᠷ᠂ ᠳᠡᠳ᠋ ᠡᠷᠬᠢᠯᠡᠭᠴᠢ ᠯᠢ ᠯᠢ᠂ ︽ᠭᠡᠰᠡᠷ︾ ︽ᠵᠠᠩᠭᠠᠷ︾ ᠤᠨ ᠰᠤᠳᠤᠯᠤᠯ ᠤᠨ ᠡᠷᠳᠡᠮᠲᠡᠨ ᠭᠡᠷᠡᠯᠲᠦ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠬᠠᠮ ᠵᠠᠭᠤᠴᠢᠯᠠᠭᠤᠷ ᠤᠨ ᠬᠥᠭᠵᠢᠯᠲᠡ ᠶᠢᠨ ᠮᠡᠷᠭᠡᠵᠢᠯ ᠤᠨ ᠬᠡᠯᠲᠡᠰ ᠤᠨ ᠮᠡᠷᠭᠡᠵᠢᠯ ᠤᠨ ᠠᠵᠢᠯᠲᠠᠨ ᠠᠶᠠᠨ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠠᠵᠢᠯᠲᠠᠨ ᠬᠤᠷᠠᠯ ᠳᠤ ᠣᠷᠣᠯᠴᠠᠪᠠ᠃
W020230423608803517870.jpg
     ᠬᠤᠷᠠᠯ ᠤᠨ ᠲᠠᠯᠠᠪᠠᠢ
W020230423608803677798.jpg    
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠡᠷᠬᠢᠯᠡᠭᠴᠢ ᠰᠣᠶᠣᠯᠲᠤ ᠤᠭᠲᠤᠯᠭ᠎ᠠ ᠶᠢᠨ ᠶᠠᠷᠢᠶ᠎ᠠ ᠬᠢᠵᠦ ᠪᠠᠶᠢᠭ᠎ᠠ ᠨᠢ
W020230423608814695716.jpg    
      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠠᠮ ᠵᠠᠭᠤᠴᠢᠯᠠᠭᠤᠷ ᠤᠨ ᠬᠥᠭᠵᠢᠯᠲᠡ ᠶᠢᠨ ᠮᠡᠷᠭᠡᠵᠢᠯ ᠤᠨ ᠬᠡᠯᠲᠡᠰ ᠤᠨ ᠮᠡᠷᠭᠡᠵᠢᠯ ᠤᠨ ᠠᠵᠢᠯᠲᠠᠨ ᠠᠶᠠᠨ ᠠᠩᠬᠠᠨ ᠤ ᠲᠠᠭᠤ ᠰᠢᠩᠭᠡᠭᠡᠯᠲᠡ ᠶᠢᠨ ᠳ᠋ᠢᠬᠢᠲᠴᠢᠯᠡᠭᠰᠡᠨ ᠶᠠᠪᠤᠴᠠ ᠵᠢᠴᠢ ᠦᠷ᠎ᠡ ᠪᠦᠲᠦᠭᠡᠯ ᠢ ᠦᠵᠡᠭᠦᠯᠵᠦ ᠪᠠᠶᠢᠭ᠎ᠠ ᠨᠢ
W020230423608823903923.jpg    
       ᠰᠢᠨᠵᠢᠶᠠᠩ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠯᠢᠦ ᠸᠧᠨ ᠰᠢ ᠪᠠᠶᠠᠷ ᠤᠨ ᠦᠭᠡ ᠬᠡᠯᠡᠵᠦ ᠪᠠᠶᠢᠭ᠎ᠠ ᠨᠢ      ᠬᠤᠷᠠᠯ ᠳᠡᠭᠡᠷ᠎ᠡ᠂ ᠰᠢᠨᠵᠢᠶᠠᠩ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠯᠢᠦ ᠸᠧᠨ ᠰᠢ ᠴᠥᠭᠡᠨ ᠲᠣᠭᠠᠲᠤ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠵᠢᠴᠢ ᠣᠯᠤᠭᠰᠠᠨ ᠦᠷ᠎ᠡ ᠪᠦᠲᠦᠮᠵᠢ ᠶᠢ ᠲᠣᠳᠣᠷᠬᠠᠶᠢᠯᠠᠨ ᠥᠭᠦᠯᠡᠪᠡ᠃ ᠲᠡᠷᠡ᠂ ᠡᠨᠡ ᠵᠢᠯ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠨᠠᠮ ᠤᠨ ᠲᠥᠪ ᠬᠤᠷᠢᠶ᠎ᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳ᠋ᠢᠬᠢᠲᠴᠢᠯᠠᠨ ᠤᠯᠠᠷᠢᠭᠤᠯᠬᠤ ᠠᠵᠢᠯ ᠪᠣᠯ ᠣᠲᠣ ᠦᠶ᠎ᠡ ᠶᠢᠨ ᠨᠢᠭᠡ ᠵᠦᠢᠯ ᠤᠨ ᠮᠡᠳᠡᠭᠡ ᠵᠠᠩᠭᠢ ᠶᠢᠨ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠮᠥᠨ᠂ ᠲᠡᠷᠡ ᠨᠢ ᠣᠳᠣᠬᠠᠨ ᠤ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠪᠠᠷ ᠪᠠᠷᠠᠬᠤ ᠥᠬᠡᠶ᠂ ᠪᠠᠰᠠ ᠬᠤᠶᠢᠰᠢᠳᠠ ᠶᠢᠨ ᠠᠷᠠᠳ ᠤᠨ ᠰᠣᠶᠣᠯ ᠤᠨ ᠥᠪ ᠢ ᠠᠪᠤᠷᠠᠨ ᠬᠠᠮᠠᠭᠠᠯᠠᠬᠤ ᠠᠵᠢᠯ ᠤᠨ ᠬᠥᠭᠵᠢᠯᠲᠡ ᠶᠢᠨ ᠬᠠᠨᠳᠤᠰᠢ ᠪᠣᠯᠤᠨ᠎ᠠ᠃ 2020 ᠣᠨ ᠳᠤ ᠰᠢᠨᠵᠢᠶᠠᠩ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠰᠤᠳᠤᠯᠬᠤ ᠲᠠᠰᠤᠭ ᠤᠨ ᠬᠢᠨ ︽ᠵᠠᠩᠭᠠᠷ︾ ᠠᠷᠠᠳ ᠤᠨ ᠠᠮᠠᠨ ᠵᠣᠬᠢᠶᠠᠯ ᠤᠨ ᠠᠩᠬᠠᠨ ᠤ ᠳᠠᠭᠤ ᠰᠢᠩᠭᠡᠭᠡᠯᠲᠡ ᠶᠢᠨ ᠰᠣᠷᠢᠨᠵᠢᠨ ᠲᠠᠶᠢᠫ ᠢ ᠳ᠋ᠢᠬᠢᠲᠴᠢᠯᠠᠬᠦ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠲᠣᠰ ᠠᠵᠢᠯ ᠤᠨ ᠲᠤᠬᠠᠶ ᠣᠯᠠᠨ ᠤᠳᠠᠭ᠎ᠠ ᠪᠤᠳᠤᠯ ᠰᠠᠨᠠᠯ ᠢᠶᠠᠨ ᠰᠣᠯᠢᠯᠴᠠᠭᠰᠠᠨ ᠪᠥᠭᠡᠳ ᠭᠤᠷᠪᠠ ᠤᠳᠠᠭ᠎ᠠ ᠱᠠᠲᠤ ᠬᠤᠪᠢᠶᠠᠨ ᠰᠢᠯᠭᠠᠨ ᠠᠪᠬᠤ ᠠᠵᠢᠯ ᠥᠷᠨᠢᠭᠦᠯᠤᠭᠡᠳ ᠢᠯᠡᠳᠲᠡ ᠦᠷ᠎ᠡ ᠪᠦᠲᠦᠮᠵᠢ ᠤᠯᠪᠠ᠃ ᠲᠤᠤᠯᠢᠰ ︽ᠵᠠᠩᠭᠠᠷ︾ ᠢ ᠬᠠᠮᠠᠭᠠᠯᠠᠬᠤ ᠠᠵᠢᠯ ᠢᠶᠠᠷ ᠠᠪᠴᠤ ᠬᠡᠯᠡᠪᠡᠯ᠂ ᠲᠤᠰ ᠤᠳᠠᠭ᠎ᠠ ᠶᠢᠨ ᠠᠪᠤᠷᠠᠯᠳᠠ ᠶᠢᠨ ᠴᠢᠨᠠᠷᠲᠠᠢ ᠪᠠᠷ ᠤᠯᠠᠷᠢᠭᠤᠯᠤᠨ ᠬᠤᠪᠢᠷᠠᠭᠤᠯᠤᠭᠰᠠᠨ 578 ᠰᠣᠷᠢᠨᠵᠢᠨ ᠲᠠᠶᠢᠫ ᠪᠣᠯ ᠰᠢᠨᠵᠢᠶᠠᠩ ᠤᠨ ᠠᠷᠠᠳ ᠤᠨ ᠤᠳᠬ᠎ᠠ ᠤᠷᠠᠯᠢᠭ ᠤᠨ ᠠᠵᠢᠯᠲᠠᠳ ᠠᠷᠠᠳ ᠤᠨ ᠤᠳᠬ᠎ᠠ ᠤᠷᠠᠯᠢᠭ ᠤᠨ ᠠᠵᠢᠯ ᠳᠠᠬᠢ ᠬᠢᠵᠠᠭᠠᠯᠠᠰᠢ ᠦᠭᠡᠢ ᠬᠠᠯᠠᠭᠤᠨ ᠰᠡᠳᠬᠢᠯᠭᠡ ᠶᠢ ᠡᠪᠦᠷᠯᠡᠵᠦ᠂ ᠳᠡᠭᠡᠷ᠎ᠡ ᠵᠠᠭᠤᠨ ᠤ ᠨᠠᠶᠠᠭᠠᠳ ᠣᠨ ᠳᠤ ᠰᠢᠨᠵᠢᠶᠠᠩ ᠤᠨ ᠮᠣᠩᠭᠤᠯ ᠦᠨᠳᠦᠰᠦᠲᠡᠨ ᠲᠥᠪᠯᠡᠷᠡᠨ ᠰᠠᠭᠤᠷᠢᠰᠢᠵᠦ ᠪᠠᠶᠢᠭ᠎ᠠ 24 ᠲᠤᠰᠬᠠᠢ ᠣᠷᠣᠨ ᠵᠧᠦ ᠰᠢᠶᠠᠨ ᠬᠤᠲᠠᠨ ᠳᠤ ᠭᠦᠨᠵᠡᠭᠡᠶᠢᠷᠡᠨ ᠴᠤᠬᠯᠠᠭᠤᠯᠤᠨ ᠣᠯᠤᠭᠰᠠᠨ ᠮᠠᠲ᠋ᠧᠷᠢᠶᠠᠯ ᠪᠤᠯᠬᠤ ᠶᠤᠮ᠂ ᠡᠳᠡᠭᠡᠷ ᠲᠠᠭᠤᠨ ᠳᠠᠪᠲᠠᠮᠵᠢ ᠶᠢᠨ ᠮᠠᠲ᠋ᠧᠷᠢᠶᠠᠯ ᠨᠢ ᠨᠢᠭᠡᠨᠲᠡ ᠴᠤᠷ ᠤᠨ ᠭᠠᠭᠴᠠ ᠮᠠᠲ᠋ᠧᠷᠢᠶᠠᠯ ᠪᠣᠯᠣᠭᠰᠠᠨ ᠪᠦᠭᠡᠳ ᠰᠤᠳᠤᠯᠭᠠᠨ ᠤ ᠠᠵᠢᠯ ᠥᠷᠨᠢᠭᠦᠯᠬᠦ ᠶᠢᠨ ᠰᠠᠭᠤᠷᠢ ᠪᠣᠯᠵᠤ᠂ ᠤᠳᠤ ᠦᠶ᠎ᠡ ᠶᠢᠨ ︽ᠵᠠᠩᠭᠠᠷ︾ ᠤᠨ ᠲᠤᠤᠯᠢᠰ ᠢ ᠤᠯᠠᠮᠵᠢᠯᠠᠨ ᠰᠤᠷᠤᠯᠴᠠᠬᠤ ︽ᠬᠢᠴᠢᠶᠡᠯ ᠤᠨ ᠪᠢᠴᠢᠭ︾ ᠪᠣᠯᠣᠭᠰᠠᠨ ᠶᠤᠮ᠂ ᠲᠡᠭᠦᠨ ᠤ ᠮᠠᠲ᠋ᠧᠷᠢᠶᠠᠯ ᠤᠨ ᠦᠨ᠎ᠡ ᠦᠷᠳᠡᠭ ᠪᠣᠯᠤᠨ ᠡᠷᠳᠡᠮ ᠰᠢᠨᠵᠢᠯᠡᠭᠡᠨ ᠤ ᠦᠨ᠎ᠡ ᠦᠷᠳᠡᠭ ᠨᠢ ᠨᠡᠩ ᠢᠯᠡᠭᠦᠦ ᠡᠷᠬᠢᠮ ᠨᠠᠨᠳᠢᠨ ᠶᠤᠮ ᠭᠡᠵᠦ ᠵᠢᠭᠠᠵᠤ ᠭᠠᠷᠭᠠᠪᠠ᠃
W020230423608835225175.jpg   
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠭᠡᠵᠦ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠴᠡᠪᠡᠷ ᠬᠤᠷᠠᠯ ᠡᠷᠭᠢᠯᠡᠵᠦ ᠪᠠᠶᠢᠭ᠎ᠠ ᠨᠢ
W020230423608846347838.jpg
W020230423608860424077.jpg   
      ᠬᠡᠮᠡᠷᠯᠢᠭ ᠲᠤᠭ ᠬᠦᠷᠭᠡᠵᠦ 578 ᠰᠢᠩᠭᠡᠭᠡᠯᠲᠡ ᠶᠢᠨ ᠰᠣᠷᠢᠨᠵᠢᠨ ᠲᠠᠶᠢᠫ ᠢ ᠪᠤᠴᠠᠭᠠᠵᠦ ᠪᠠᠶᠢᠭ᠎ᠠ ᠨᠢ     ᠰᠢᠨᠵᠢᠶᠠᠩ ᠪᠣᠯᠤᠨ ᠥᠪᠥᠷ ᠮᠣᠩᠭᠤᠯ ᠨᠢ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠲᠠᠯ᠎ᠠ ᠪᠠᠷ ᠮᠠᠰᠢ ᠤᠯᠠᠨ ᠠᠮᠵᠢᠯᠲᠠ ᠣᠯᠵᠠᠢ᠂ ᠡᠨᠡ ᠤᠳᠠᠭ᠎ᠠ ᠶᠢᠨ ᠠᠮᠵᠢᠯᠲᠠ ᠲᠠᠢ ᠬᠠᠮᠲᠤᠷᠠᠯᠴᠠᠭ᠎ᠠ ᠨᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠮᠠᠰᠢ ᠰᠠᠶᠢᠨ ᠦᠢᠯᠡᠳᠦᠯ ᠦᠵᠡᠭᠦᠯᠬᠦ ᠶᠤᠮ᠃
W020230423608875199680.jpg
    ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠰᠡᠭᠦᠳᠡᠷ
W020230423608889310232.jpg
    ᠠᠩᠬᠠᠨ ᠤ ᠳᠠᠭᠤ ᠰᠢᠩᠭᠡᠭᠡᠯᠲᠡ ᠶᠢᠨ ᠰᠣᠷᠢᠨᠵᠢᠨ ᠲᠠᠶᠢᠫ         ᠣᠷᠴᠢᠭᠤᠯᠤᠭᠴᠢ᠄ ᠣᠶᠤᠨᠴᠡᠴᠡᠭ         ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ         ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠥᠪᠥᠷ ᠮᠣᠩᠭᠤᠯ ᠤᠨ ᠵᠢᠷᠤᠭᠲᠤ ᠰᠣᠨᠢᠨ