ᠤᠯᠠᠭᠠᠨᠬᠠᠳᠠ ᠬᠤᠲᠠ ᠶᠢᠨ ᠦᠨᠳᠦᠰᠦᠲᠡᠨ ᠤ ᠵᠥᠪᠯᠡᠯ ᠪᠥᠬᠦ ᠬᠤᠲᠠ ᠶᠢᠨ ᠦᠨᠳᠦᠰᠦᠳᠡᠨ ᠤ ᠵᠥᠪᠯᠡᠯ ᠤᠨ ᠰᠢᠰᠲ᠋ᠧᠮ ᠤᠨ ᠠᠯᠪᠠᠨ ᠪᠢᠴᠢᠭ ᠤᠨ ᠵᠣᠬᠢᠶᠠᠨ ᠪᠢᠴᠢᠯᠭᠡ ᠵᠢᠴᠢ ᠮᠡᠳᠡᠭᠡ ᠵᠠᠩᠭᠢ ᠶᠢᠨ ᠤᠬᠠᠭᠤᠯᠭ᠎ᠠ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/4/4
      3 ᠳ᠋ᠤᠭᠠᠷ ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠪᠥᠬᠦ ᠬᠤᠲᠠ ᠶᠢᠨ ᠦᠨᠳᠦᠰᠦᠳᠡᠨ ᠤ ᠵᠥᠪᠯᠡᠯ ᠤᠨ ᠰᠢᠰᠲ᠋ᠧᠮ ᠤᠨ ᠠᠯᠪᠠᠨ ᠪᠢᠴᠢᠭ ᠤᠨ ᠵᠣᠬᠢᠶᠠᠨ ᠪᠢᠴᠢᠯᠭᠡ ᠵᠢᠴᠢ ᠮᠡᠳᠡᠭᠡ ᠵᠠᠩᠭᠢ ᠶᠢᠨ ᠤᠬᠠᠭᠤᠯᠭ᠎ᠠ ᠶᠢᠨ ᠪᠣᠯᠪᠠᠰᠤᠷᠠᠯ ᠤᠨ ᠠᠩᠭᠢ ᠡᠷᠭᠢᠯᠡᠪᠡ᠃ ᠪᠣᠯᠪᠠᠰᠤᠷᠠᠯ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠠᠭᠠᠨᠬᠠᠳᠠ  ᠶᠢᠨ ᠡᠳᠦᠷ ᠤᠨ ᠰᠣᠨᠢᠨ ᠤ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ ᠠᠵᠢᠯᠲᠠᠨ ᠢ ᠤᠷᠢᠵᠤ᠂ ᠲᠤᠰᠬᠠᠶ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠠᠯᠪᠠᠨ ᠪᠢᠴᠢᠭ ᠵᠤᠬᠢᠶᠡᠨ ᠪᠢᠴᠢᠬᠦ᠂ ᠠᠯᠪᠠᠨ ᠪᠢᠴᠢᠭ ᠰᠢᠶᠳᠪᠦᠷᠢᠯᠡᠬᠦ᠂ ᠶᠡᠷᠦᠩᠬᠡᠶᠢᠯᠡᠭᠰᠡᠨ ᠡᠬᠡ ᠪᠢᠴᠢᠭ ᠲᠤᠭᠤᠷᠪᠢᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠡᠮᠬᠢᠳᠬᠡᠨ ᠨᠠᠶᠢᠷᠠᠭᠤᠯᠬᠤ᠂ ᠰᠢᠨ᠎ᠡ ᠵᠠᠭᠤᠴᠢᠯᠠᠭᠤᠷ ᠤᠨ ᠴᠠᠭ ᠦᠶ᠎ᠡ ᠶᠢᠨ ᠮᠡᠳᠡᠭᠡ ᠵᠠᠩᠭᠢ ᠳᠠᠮᠵᠢᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠠ ᠲᠠᠢ ᠤᠶᠠᠯᠳᠤᠭᠤᠯᠤᠨ ᠲᠤᠰᠬᠠᠶ ᠰᠡᠳᠦᠪᠲᠦ ᠲᠠᠶᠢᠯᠤᠮᠵᠢ ᠪᠠ ᠬᠠᠪᠰᠤᠷᠤᠨ ᠵᠢᠯᠣᠭᠤᠳᠣᠯᠭ᠎ᠠ ᠬᠢᠵᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠦᠨᠳᠦᠰᠦᠲᠡᠨ ᠤ ᠵᠥᠪᠯᠡᠯ ᠤᠨ ᠮᠡᠳᠡᠭᠡ ᠵᠠᠩᠭᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ᠂ ᠮᠡᠳᠡᠭᠡ ᠵᠠᠩᠭᠢ ᠶᠢᠨ ᠤᠬᠠᠭᠤᠯᠭ᠎ᠠ ᠶᠢ ᠬᠠᠷᠢᠭᠤᠴᠠᠵᠤ ᠪᠠᠶᠢᠭ᠎ᠠ ᠠᠵᠢᠯᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠴᠡᠭ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯᠲᠠᠨ ᠨᠡᠶᠢᠲᠡ 60 ᠬᠥᠮᠦᠨ ᠪᠣᠯᠪᠠᠰᠤᠷᠠᠯ ᠳᠤ ᠣᠷᠣᠯᠴᠠᠵᠠᠶ᠃       ᠪᠤᠯᠪᠠᠰᠤᠷᠠᠯ ᠳᠡᠭᠡᠷ᠎ᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠯᠪᠠᠨ ᠪᠢᠴᠢᠭ ᠤᠨ ᠵᠤᠬᠢᠶᠡᠨ ᠪᠢᠴᠢᠯᠭᠡ ᠪᠠ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠦᠨᠳᠦᠰᠦᠲᠡᠨ ᠤ ᠠᠵᠢᠯ ᠤᠨ ᠴᠠᠷᠠᠭ᠎ᠠ ᠬᠦᠷᠢᠶᠡᠨ ᠳᠠᠬᠢ ᠬᠠᠯᠠᠮᠰᠢᠯ ᠠᠰᠠᠭᠤᠳᠠᠯ᠂ ᠭᠤᠤᠯᠳᠠᠯᠭ᠎ᠠ ᠲᠠᠢ ᠠᠰᠠᠭᠤᠳᠠᠯ᠂ ᠬᠦᠴᠢᠷ ᠠᠰᠠᠭᠤᠳᠠᠯ ᠳᠤ ᠰᠠᠭᠤᠷᠢᠯᠠᠨ ᠮᠡᠳᠡᠭᠡ ᠵᠠᠩᠭᠢ ᠪᠢᠴᠢᠬᠦ ᠴᠢᠳᠠᠪᠤᠷᠢ ᠪᠠᠨ ᠳᠡᠭᠡᠭᠰᠢᠯᠡᠭᠦᠯᠬᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠪᠣᠯᠭᠠᠨ ᠨᠠᠷᠢᠯᠢᠭ ᠪᠤᠳᠠᠳᠠᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠮᠡᠳᠡᠭᠡ ᠵᠠᠩᠭᠢ ᠶᠢᠨ ᠠᠵᠢᠯ ᠤᠨ ᠨᠠᠮ ᠵᠠᠰᠠᠭ ᠤᠨ ᠠᠵᠢᠯ ᠤᠨ ᠶᠡᠭᠡ ᠲᠠᠯ᠎ᠠ ᠳᠤ ᠦᠶᠯᠡᠴᠢᠯᠡᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠬᠡᠷᠡᠭᠲᠡᠶ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠦᠨᠳᠦᠰᠦᠲᠡᠨ ᠤ ᠠᠵᠢᠯ ᠤᠨ ᠲᠤᠬᠠᠢ ᠳᠤᠷᠠᠳᠤᠭᠰᠠᠨ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠦ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠲᠠᠢ ᠨᠢᠭᠲᠠ ᠤᠶᠠᠯᠳᠤᠭᠤᠯᠵᠤ᠂ ᠪᠦᠬᠦ ᠬᠤᠲᠠ ᠶᠢᠨ ᠦᠨᠳᠦᠰᠦᠲᠡᠨ ᠤ ᠠᠵᠢᠯ ᠤᠨ ᠠᠮᠵᠢᠯᠲᠠ ᠪᠦᠲᠦᠮᠵᠢ᠂ ᠭᠢᠯᠠᠰ ᠴᠡᠭ ᠣᠨᠴᠠᠯᠢᠭᠲᠤ ᠮᠡᠳᠡᠭᠡ ᠵᠠᠩᠭᠢ ᠪᠠ ᠤᠬᠠᠭᠤᠯᠭ᠎ᠠ ᠶᠢᠨ ᠡᠬᠡ ᠪᠢᠴᠢᠭ ᠢ ᠭᠦᠨᠵᠡᠭᠡᠢ ᠠᠭᠤᠳᠠᠯᠤᠨ ᠡᠮᠬᠢᠳᠬᠡᠨ ᠪᠢᠴᠢᠵᠦ᠂ ᠮᠡᠳᠡᠭᠡ ᠵᠠᠩᠭᠢ ᠶᠢᠨ ᠤᠬᠠᠭᠤᠯᠭ᠎ᠠ ᠶᠢ ᠨᠠᠩ ᠡᠷᠴᠢᠮ ᠲᠠᠢ᠂ ᠭᠦᠨᠴᠡ ᠲᠠᠢ ᠪᠣᠯᠭᠠᠵᠤ᠂ ᠠᠵᠢᠯ ᠢᠶᠠᠨ ᠨᠠᠩ ᠶᠡᠭᠡ ᠰᠢᠨ᠎ᠡ ᠰᠢᠪᠲᠤᠯᠤᠯᠲᠠ ᠲᠠᠢ ᠪᠣᠯᠭᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠬᠡᠵᠦ ᠱᠠᠭᠠᠷᠳᠠᠪᠠ᠃           ᠣᠷᠴᠢᠭᠤᠯᠤᠭᠴᠢ᠄ ᠣᠶᠤᠨᠰᠡᠴᠡᠨ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ