3 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ | ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠰᠦᠨ ᠱᠤᠤ ᠴᠧᠩ ᠱᠦᠵᠢ ᠶᠢᠨ ᠪᠦᠬᠦ ᠣᠷᠣᠨ ᠤ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠲᠤᠬᠠᠢ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠤᠯᠤᠰ ᠤᠨ ᠦᠨᠳᠦᠰᠦᠲᠡᠨ | ᠤ ᠵᠥᠪᠯᠡᠯ ᠤᠨ ᠡᠷᠬᠢᠯᠡᠭᠴᠢ ᠫᠠᠨ ᠶᠤᠸᠠᠢ ᠶᠢᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠡᠷᠭᠡ ᠶᠢ ᠨᠠᠷᠢᠨ | ᠬᠢᠨᠠᠮᠠᠭᠠᠢ ᠰᠤᠷᠤᠯᠴᠠᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠬᠤᠷᠠᠯ ᠢ ᠡᠷᠬᠢᠯᠡᠭᠰᠡᠨ ᠪᠥᠭᠡᠳ | ᠠᠵᠢᠯ ᠤᠨ ᠪᠠᠶᠢᠷᠢᠯᠠᠭᠤᠯᠤᠯᠲᠠ ᠬᠢᠪᠡ᠃ | | ᠬᠤᠷᠠᠯ ᠠᠴᠠ᠂ ︽ᠨᠢᠭᠡᠳᠦᠭᠡᠷ ᠵᠥᠪᠯᠡᠬᠦ ᠰᠡᠳᠦᠪ︾ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠲᠠᠭᠠᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ | ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠠᠮ ᠤᠨ ᠡᠭᠦᠷ ᠤᠨ ᠰᠤᠷᠤᠯᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠰᠠᠨᠠᠭ᠎ᠠ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠫᠠᠠ ᠶᠤᠸᠠᠶ ᠡᠷᠬᠢᠯᠡᠭᠴᠢ ᠶᠢᠨ ᠪᠠᠶᠢᠴᠠᠭᠠᠨ | ᠰᠤᠳᠤᠯᠤᠯᠲᠠ ᠶᠢᠨ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠡᠯ᠎ᠡ ᠲᠥᠷᠥᠯ ᠤᠨ ᠠᠵᠢᠯ ᠢ ᠪᠣᠳᠠᠲᠠᠶ ᠨᠠᠷᠢᠯᠢᠭ ᠠᠳᠬᠤᠵᠤ᠂ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠡᠨ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ | ᠤᠯᠤᠰ ᠤᠨ ᠦᠨᠳᠦᠰᠦᠲᠡᠨ ᠤ ᠵᠥᠪᠯᠡᠯ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠳᠠᠯᠭ᠎ᠠ | ᠪᠠᠨ ᠲᠤᠪᠤᠶᠢᠯᠭᠠᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠡᠯ᠎ᠡ ᠲᠥᠷᠥᠯ ᠤᠨ ᠠᠵᠢᠯ ᠢᠶᠠᠨ ᠴᠢᠨᠠᠷ ᠰᠠᠶᠢᠲᠠᠶ ᠥᠷᠨᠢᠭᠦᠯᠬᠦ ᠶᠢ ᠠᠬᠢᠭᠤᠯᠬᠤ ᠬᠡᠷᠡᠭᠲᠡᠶ᠃ ︽ᠥᠪᠥᠷ | ᠮᠣᠩᠭᠤᠯ ᠤᠨ ᠦᠨᠳᠦᠰᠦᠲᠡᠨ ᠤ ᠠᠵᠢᠯ︾ ᠰᠡᠳᠬᠦᠯ ᠤᠨ ᠬᠡᠪᠯᠡᠯ ᠡᠬᠢᠯᠡᠬᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠶᠢᠨ ᠬᠠᠮᠲᠤ ᠦᠨᠳᠦᠰᠦᠲᠡᠨ ᠤ ᠠᠵᠢᠯ ᠤᠨ | ᠮᠡᠳᠡᠭᠡ ᠵᠠᠩᠭᠢ᠂ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠬᠡ ᠳᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠲᠡᠨ ᠤ ᠠᠵᠢᠯ ᠤᠨ ᠤᠬᠠᠭᠤᠯᠭ᠎ᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ ᠬᠡᠵᠦ ᠵᠢᠭᠠᠪᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠦᠪᠯᠡᠯ ᠤᠨ ᠡᠯ᠎ᠡ ᠬᠠᠷᠢᠶ᠎ᠠ ᠨᠢᠭᠡᠴᠢ ᠶᠢᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | | | | | | ᠣᠷᠴᠢᠭᠤᠯᠤᠭᠴᠢ᠄ ᠣᠶᠤᠨᠰᠡᠴᠡᠨ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |