ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠭᠤᠣᠯ ᠰᠡᠳᠦᠪᠲᠦ ᠭᠥᠮᠥᠵᠢᠯ ᠤᠨ ᠲᠤᠰᠬᠠᠢ ᠰᠡᠳᠦᠪᠲᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2023/5/12
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠥᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠦᠭᠡ᠂ 5 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠤᠯ ᠤᠨ ᠭᠠᠵᠠᠷ ᠤᠨ ᠳᠡᠳ᠋ ᠡᠷᠬᠢᠯᠡᠭᠴᠢ᠂ ᠬᠤᠶᠠᠳᠤᠭᠠᠷ ᠳᠡᠰ ᠤᠨ ᠫᠷᠤᠹᠧᠰᠰᠤᠷ ᠯᠢ ᠬᠤᠩ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠤᠶ᠎ᠠ︾ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃
微信图片_20230512141512.png     
      ᠯᠢ ᠬᠤᠩ᠂ ᠶᠡᠭᠡ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠵᠣᠭᠰᠣᠯᠲᠠ ᠶᠢ ᠪᠠᠲᠤᠯᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠤᠨ ᠠᠵᠢᠯ ᠤᠨ ᠪᠠᠶᠢᠷᠢᠯᠠᠭᠤᠯᠤᠯᠲᠠ ᠶᠢ ᠪᠦᠷᠢᠨᠰᠢᠭᠦᠯᠬᠦ ᠬᠤᠶᠠᠷ ᠲᠠᠯ᠎ᠠ ᠠᠴᠠ ᠭᠠᠷᠳᠠᠵᠤ᠂ ᠣᠨᠣᠯ ᠤᠨ ᠲᠠᠯ᠎ᠠ ᠪᠠᠷ ᠶᠡᠭᠡ ᠨᠠᠮ ᠳᠤ ᠯᠠ ᠪᠠᠶᠢᠳᠠᠭ 6 ᠠᠰᠠᠭᠤᠳᠠᠯ ᠢ ᠣᠨᠣᠯ ᠤᠨ ᠲᠠᠯ᠎ᠠ ᠠᠴᠠ ᠵᠠᠳᠠᠯᠵᠤ᠂ ︽ᠵᠢᠷᠭᠤᠭ᠎ᠠ ᠶᠢ ᠪᠠᠷᠢᠮᠲᠠᠯᠠᠬᠤ︾᠂ ︽ᠬᠤᠶᠠᠷ ᠡᠭᠦᠷᠢᠳᠡ ᠵᠠᠮ ᠳᠤ ᠪᠠᠨ ᠪᠠᠶᠢᠬᠤ︾ ᠶᠢ ᠪᠠᠷᠢᠮᠲᠠᠯᠠᠬᠤ᠂ ᠨᠠᠮ ᠤᠨ ᠥᠪᠡᠷ ᠪᠡᠶ᠎ᠡ ᠶᠢᠨ ᠦᠭᠡᠷᠡᠴᠢᠯᠡᠯᠲᠡ ᠪᠠᠷ ᠨᠡᠶᠢᠭᠡᠮ ᠤᠨ ᠦᠭᠡᠷᠡᠴᠢᠯᠡᠯᠲᠡ ᠶᠢ ᠳᠠᠶᠢᠴᠢᠯᠠᠬᠤ ᠵᠡᠷᠭᠡ ᠴᠢᠬᠤᠯᠠ ᠠᠭᠤᠯᠭ᠎ᠠ ᠶᠢ ᠭᠦᠨᠵᠡᠭᠡᠢ ᠲᠠᠶᠢᠯᠪᠤᠷᠢᠯᠠᠪᠠ᠃ ᠦᠢᠯᠡᠳᠦᠯᠭᠡ ᠶᠢᠨ ᠲᠠᠯ᠎ᠠ ᠪᠠᠷ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠬᠤ ᠶᠢ ᠴᠤᠴᠠᠯᠲᠠ ᠦᠭᠡᠢ ᠪᠠᠷᠢᠮᠲᠠᠯᠠᠵᠤ᠂ ᠳᠡᠭᠡᠳᠦ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠦᠲᠦᠭᠡᠨ ᠪᠠᠶᠢᠭᠤᠯᠬᠤ ᠵᠡᠷᠭᠡ ᠴᠢᠬᠤᠯᠠ ᠡᠭᠦᠷᠭᠡ ᠶᠢᠨ ᠠᠷᠭ᠎ᠠ ᠬᠡᠯᠪᠡᠷᠢ ᠠᠷᠭ᠎ᠠ ᠠᠪᠴᠠᠯ ᠢ ᠲᠠᠶᠢᠯᠪᠤᠷᠢᠯᠠᠪᠠ᠃ ᠡᠨᠡ ᠨᠢ ᠦᠨᠳᠦᠰᠦᠲᠡᠨ ᠤ ᠵᠥᠪᠯᠡᠯ ᠤᠨ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠰᠤᠷᠤᠯᠴᠠᠨ ᠲᠤᠭᠤᠰᠢᠯᠠᠭᠤᠯᠬᠤ᠂ ᠪᠦᠬᠦ ᠲᠠᠯ᠎ᠠ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠭᠡᠭ ᠤᠯᠤᠰ ᠢ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ︽ᠭᠤᠷᠪᠠᠨ ᠡᠷᠬᠡᠪᠰᠢ︾᠂ ︽ᠬᠤᠶᠠᠷ ᠡᠭᠦᠷᠢᠳᠡ ᠵᠠᠮ ᠳᠤ ᠪᠠᠨ ᠪᠠᠶᠢᠬᠤ︾ ᠶᠢ ᠡᠭᠦᠷᠢᠳᠡ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠦᠭᠵᠢᠭᠦᠯᠬᠦ ᠳᠤ ᠴᠢᠬᠤᠯᠠ ᠶᠡᠭᠡ ᠵᠢᠭᠠᠨ ᠵᠢᠯᠣᠭᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃
微信图片_20230512141517.png     
      ᠳᠠᠷᠠᠭᠠᠠᠴᠢ ᠶᠢᠨ ᠠᠯᠬᠤᠮ ᠳᠤ᠂ ᠦᠨᠳᠦᠰᠦᠲᠡᠨ ᠤ ᠵᠦᠪᠯᠡᠯ ᠲᠥᠪᠯᠡᠷᠡᠭᠦᠯᠦᠭᠰᠡᠨ ᠥᠪᠡᠷᠲᠡᠭᠡᠨ ᠰᠤᠷᠬᠤ ᠰᠤᠷᠤᠯᠴᠠᠯᠭ᠎ᠠ᠂ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠶᠠᠷᠢᠯᠴᠠᠨ ᠰᠤᠳᠤᠯᠵᠤ ᠰᠣᠯᠢᠯᠴᠠᠬᠤ᠂ ᠨᠠᠮ ᠤᠨ ᠡᠭᠦᠷ ᠤᠨ ᠰᠤᠳᠤᠯᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠭᠤᠣᠯ ᠰᠡᠳᠦᠪᠲᠦ ᠬᠦᠮᠦᠵᠢᠯ ᠢ ᠭᠦᠨᠵᠡᠭᠡᠶᠢᠷᠡᠭᠦᠯᠦᠨ ᠪᠤᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠪᠠ᠃ ᠨᠣᠮ ᠤᠩᠰᠢᠬᠤ ᠠᠩᠬᠢ᠂ ᠲᠤᠰᠬᠠᠢ ᠮᠡᠷᠭᠡᠵᠢᠯᠲᠡᠨ ᠤ ᠲᠠᠶᠢᠯᠤᠮᠵᠢ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ᠂ ᠭᠤᠣᠯ ᠰᠡᠳᠦᠪᠲᠦ ᠨᠠᠮ ᠤᠨ ᠡᠳᠦᠷ ᠢ ᠡᠷᠬᠢᠯᠡᠬᠦ ᠪᠠᠷ ᠳᠠᠮᠵᠢᠭᠤᠯᠵᠤ᠂ ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠵᠤ᠂ ᠰᠤᠷᠤᠯᠴᠠᠬᠤ ᠠᠷᠭ᠎ᠠ ᠬᠡᠯᠪᠡᠷᠢ ᠶᠢ ᠦᠷᠭᠡᠳᠬᠡᠪᠡ᠃ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠤᠨ ᠰᠤᠷᠤᠯᠴᠠᠯᠭ᠎ᠠ ᠶᠢᠨ ᠳᠠᠭᠠᠭᠤᠯᠤᠨ ᠰᠤᠷᠤᠯᠴᠠᠬᠤ ᠳᠠᠶᠢᠴᠢᠯᠠᠨ ᠰᠤᠷᠤᠯᠴᠠᠬᠤ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠵᠤ᠂ ᠬᠠᠷᠢᠯᠴᠠᠨ ᠰᠣᠯᠢᠯᠴᠠᠬᠤ ᠪᠠᠷ ᠰᠤᠷᠤᠯᠴᠠᠯᠭ᠎ᠠ ᠶᠢ ᠠᠬᠢᠭᠤᠯᠵᠤ᠂ ᠦᠨᠳᠦᠰᠦᠲᠡᠨ ᠤ ᠵᠦᠪᠯᠡᠯ ᠤᠨ ᠺᠠᠳ᠋ᠷᠴᠤᠳ ᠤᠨ ᠦᠵᠡᠯ ᠲᠠᠨᠢᠯᠲᠠ ᠪᠠ ᠠᠰᠠᠭᠤᠳᠠᠯ ᠢ ᠰᠤᠳᠤᠯᠬᠤ ᠲᠠᠯ᠎ᠠ ᠪᠠᠷ ᠰᠢᠨ᠎ᠡ ᠳᠠᠪᠰᠢᠯᠲᠠ ᠲᠠᠢ᠂ ᠤᠯᠤᠰ ᠲᠦᠷᠦ ᠶᠢᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠳᠡᠭᠡᠷ᠎ᠡ ᠰᠢᠨ᠎ᠡ ᠳᠡᠭᠡᠭᠰᠢᠯᠡᠯᠲᠡ ᠲᠠᠢ ᠪᠠᠶᠢᠬᠤ ᠶᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠭᠤᠣᠯ ᠠᠵᠢᠯ ᠤᠨ ᠡᠭᠦᠷᠭᠡ ᠶᠢᠨ ᠲᠤᠭᠤᠷᠢᠨ ᠳᠤ᠂ ᠵᠣᠷᠢᠭᠲᠠᠢ ᠡᠭᠦᠷᠭᠡᠯᠡᠨ ᠬᠠᠷᠢᠭᠤᠴᠠᠵᠤ᠂ ᠦᠨᠡᠨ ᠬᠦ ᠠᠳᠬᠤᠨ ᠪᠣᠳᠠᠲᠠᠢ ᠬᠢᠵᠦ᠂ ᠪᠣᠳᠠᠲᠤ ᠪᠥᠲᠥᠮᠵᠢ ᠶᠢ ᠴᠢᠬᠤᠯᠠᠴᠢᠯᠠᠵᠤ᠂ ᠰᠢᠨ᠎ᠡ ᠪᠠᠶᠢᠳᠠᠯ ᠰᠢᠨ᠎ᠡ ᠦᠢᠯᠡᠳᠬᠦᠢ ᠪᠠᠷ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠦᠮᠦᠵᠢᠯ ᠢᠶᠠᠷ ᠲᠣᠬᠢᠶᠠᠯᠳᠤᠭᠤᠯᠵᠤ᠂ ᠣᠨᠣᠯ ᠪᠠ ᠪᠣᠳᠠᠲᠠᠢ ᠶᠢ ᠤᠶᠠᠯᠳᠤᠭᠤᠯᠬᠤ ᠶᠢ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠠᠵᠢᠭᠯᠠᠨ ᠪᠠᠶᠢᠴᠠᠭᠠᠬᠤ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠰᠤᠳᠤᠯᠬᠤ᠂ ᠦᠨᠳᠦᠰᠦᠲᠡᠨ ᠤ ᠠᠵᠢᠯ ᠤᠨ ᠰᠢᠨ᠎ᠡ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢᠨ ᠬᠢᠷᠢ ᠳᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠦᠪᠡᠷ ᠤᠨ ᠪᠡᠶ᠎ᠡ ᠶᠢᠨ ᠦᠭᠡᠷᠡᠴᠢᠯᠡᠯᠲᠡ ᠡᠭᠦᠷᠢᠳᠡ ᠵᠠᠮ ᠳᠤ ᠪᠠᠨ ᠪᠠᠶᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠦᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠡᠷᠡᠰ ᠴᠢᠩᠭ᠎ᠠ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠪᠡ᠃         ᠣᠷᠴᠢᠭᠤᠯᠤᠭᠴᠢ᠄ ᠴᠢᠨᠳᠠᠮᠤᠨᠢ         ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ         ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ