ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠦᠬᠦ ᠨᠠᠮ ᠤᠨ ᠬᠡᠰᠢᠭᠦᠨ ᠢ ᠤᠨᠤᠯ ᠤᠨ | ᠰᠤᠷᠤᠯᠴᠠᠯᠭ᠎ᠠ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠵᠤ᠂ ᠤᠷᠤᠭᠰᠢᠯᠡᠨ ᠳᠠᠪᠰᠢᠬᠤ ᠬᠦᠴᠦᠨ ᠴᠢᠳᠠᠯ ᠤᠯᠬᠤ ᠶᠢ ᠵᠤᠷᠢᠭᠵᠢᠭᠤᠯᠵᠤ᠂ ᠪᠦᠬᠦ | ᠨᠠᠮ ᠤᠨ ᠭᠡᠰᠢᠭᠦᠨ ᠤ ᠣᠶᠢᠯᠠᠭᠠᠬᠤ ᠰᠡᠳᠬᠢᠬᠦᠢ ᠶᠢ ᠤᠯᠠᠮ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 26 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠤᠨ ᠨᠠᠮ ᠤᠨ ᠡᠭᠦᠷ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ | ᠤᠨ ᠰᠤᠳᠤᠯᠤᠨ ᠶᠠᠷᠢᠯᠴᠠᠯᠭ᠎ᠠ ᠵᠢᠴᠢ ᠨᠠᠮ ᠤᠨ ᠡᠭᠦᠷ ᠤᠨ ᠱᠦᠵᠢ ᠶᠢᠨ ᠨᠠᠮ ᠤᠨ ᠬᠢᠴᠢᠶᠡᠯ ᠣᠷᠣᠬᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠳᠤᠮᠳᠠ᠂ ᠬᠡᠰᠡᠭ ᠨᠠᠮ ᠤᠨ ᠭᠡᠰᠢᠭᠦᠨ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠭᠦᠨᠵᠡᠭᠡᠶ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠤᠯᠠᠨ ᠢᠶᠠᠷ ᠢᠶᠠᠨ᠂ ︽ᠦᠵᠡᠯ ᠰᠠᠨᠠᠭ᠎ᠠ ᠶᠢ | ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ ᠪᠠᠲᠤᠳᠬᠠᠬᠤ᠂ | ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ | ᠪᠣᠯᠭᠠᠨ ᠬᠤᠪᠢᠷᠠᠭᠤᠯᠬᠤ ᠶᠢ ᠪᠠᠷᠢᠮᠲᠠᠯᠠᠨ᠎ᠠ ᠭᠡᠪᠡ᠃ | ᠨᠠᠮ ᠤᠨ ᠡᠭᠦᠷ ᠤᠨ ᠱᠦᠵᠢ ︽ᠭᠦᠨᠵᠡᠭᠡᠢ ᠰᠤᠷᠤᠯᠴᠠᠨ ᠨᠠᠷᠢᠨ ᠤᠬᠠᠵᠤ ᠰᠢᠨ᠎ᠡ ᠬᠠᠭᠤᠳᠠᠰᠤ ᠶᠢ ᠪᠢᠴᠢᠭᠯᠡᠨ ᠡᠷᠴᠢ ᠵᠣᠷᠢᠭ ᠢᠶᠠᠨ ᠬᠥᠪᠴᠢᠯᠡᠨ ᠠᠯᠤᠰ | ᠢᠷᠡᠬᠡᠳᠦᠢ ᠵᠦᠭ ᠤᠷᠤᠭᠰᠢᠯᠠᠨᠠᠮ︾ ᠭᠡᠬᠦ ᠰᠡᠳᠦᠪ ᠢᠶᠠᠷ ᠪᠦᠬᠦ ᠨᠠᠮ ᠤᠨ ᠭᠡᠰᠢᠭᠦᠨ ᠳᠤ ᠨᠠᠮ ᠤᠨ ᠬᠢᠴᠢᠶᠡᠯ ᠤᠷᠤᠵᠠᠢ᠂ ᠡᠨᠡ ᠤᠳᠠᠭᠠᠨ ᠤ ᠭᠤᠣᠯ ᠰᠡᠳᠦᠪᠲᠦ | ᠬᠥᠮᠦᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠥᠷᠨᠢᠭᠦᠯᠦᠭᠰᠡᠨ ᠠᠩᠬᠠᠳᠤᠭᠠᠷ ᠤᠳᠠᠭᠠᠨ ᠤ ᠪᠦᠬᠦ ᠨᠠᠮ ᠤᠨ ᠳᠥᠪᠯᠡᠷᠡᠭᠦᠯᠦᠭᠰᠡᠨ | ᠰᠤᠷᠤᠯᠴᠠᠯᠭ᠎ᠠ ᠬᠥᠮᠦᠵᠢᠯ ᠪᠣᠯᠤᠨ᠎ᠠ᠂ ᠴᠠᠭ ᠦᠶ᠎ᠡ ᠨᠢ ᠲᠤᠶᠢᠯ ᠤᠨ ᠣᠨᠴᠠᠭᠠᠢ᠂ ᠭᠤᠣᠯ ᠰᠡᠳᠦᠪ ᠨᠢ ᠲᠤᠶᠢᠯ ᠤᠨ ᠴᠢᠬᠤᠯᠠ᠂ ᠠᠴᠢ ᠬᠤᠯᠪᠣᠭᠳᠠᠯ ᠨᠢ ᠲᠤᠶᠢᠯ ᠤᠨ | ᠶᠡᠭᠡ ᠭᠡᠳᠡᠭ ᠢ ᠭᠤᠤᠯᠳᠠᠯᠭ᠎ᠠ ᠪᠤᠯᠭᠠᠨ ᠴᠢᠬᠤᠯᠠᠴᠢᠯᠠᠪᠠ᠂ ᠲᠡᠷᠡᠴᠢᠯᠡᠨ ᠨᠠᠮᠴᠢ ᠴᠢᠨᠠᠷ ᠤᠨ ᠲᠠᠪᠲᠠᠨ ᠪᠣᠯᠪᠠᠰᠤᠷᠠᠯ ᠢ ᠴᠢᠩᠭᠠᠳᠬᠠᠬᠤ᠂ ᠤᠨᠤᠯ ᠤᠨ ᠪᠣᠯᠪᠠᠰᠤᠷᠠᠯ ᠢ | ᠴᠢᠩᠭᠠᠳᠬᠠᠬᠤ᠂ ᠤᠯᠤᠰ ᠲᠦᠷᠦ ᠶᠢᠨ ᠪᠣᠯᠪᠠᠰᠤᠷᠠᠯ ᠢ ᠴᠢᠩᠭᠠᠳᠬᠠᠬᠤ᠂ ᠶᠣᠰᠣ ᠰᠤᠷᠲᠠᠬᠤᠨ ᠤ ᠪᠣᠯᠪᠠᠰᠤᠷᠠᠯ ᠢ ᠴᠢᠩᠭᠠᠳᠬᠠᠬᠤ᠂ ᠰᠠᠬᠢᠯᠭ᠎ᠠ ᠪᠠᠲᠤ ᠶᠢᠨ ᠪᠣᠯᠪᠠᠰᠤᠷᠠᠯ | ᠢ ᠴᠢᠩᠭᠠᠳᠬᠠᠬᠤ᠂ ᠰᠤᠷᠲᠠᠯ ᠤᠨ ᠪᠣᠯᠪᠠᠰᠤᠷᠠᠯ ᠢ ᠴᠢᠩᠭᠠᠳᠬᠠᠬᠤ ᠵᠡᠷᠭᠡ ᠲᠠᠪᠤᠨ ᠲᠠᠯ᠎ᠠ ᠠᠴᠠ ᠱᠠᠭᠠᠷᠳᠠᠯᠭ᠎ᠠ ᠳᠤᠷᠠᠳᠪᠠ᠃ ᠤᠯᠠᠨ ᠢᠶᠠᠷ ᠢᠶᠠᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠬᠠᠷᠠᠯᠲᠠ ᠡᠭᠦᠷᠭᠡ | ᠳᠤ ᠠᠩᠬᠠᠷᠤᠯ ᠢᠶᠠᠨ ᠳᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠬᠠᠮᠤᠭ | ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠴᠡᠭ᠂ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠠᠮᠲᠤ ᠨᠢᠬᠡᠴᠢ︾ ᠶᠢᠨ | ᠵᠢᠱᠢᠶ᠎ᠡ ᠦᠵᠡᠭᠦᠯᠵᠦ ᠳᠠᠭᠠᠭᠤᠯᠬᠤ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ︽ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ | ᠰᠡᠳᠦᠪᠲᠦ ᠬᠥᠮᠦᠵᠢᠯ ᠤᠨ ᠬᠠᠮᠲᠤᠷᠠᠨ ᠰᠤᠷᠤᠯᠴᠠᠵᠤ ᠬᠠᠮᠲᠤ ᠪᠠᠷ ᠪᠠᠶᠢᠭᠤᠯᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠶ ᠦᠷ᠎ᠡ ᠪᠥᠳᠦᠮᠵᠢ ᠤᠯᠬᠤ ᠶᠢ ᠠᠬᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠲᠤᠮᠳᠠ ᠥᠪᠡᠷ ᠤᠨ ᠦᠢᠯᠡᠳᠦᠯ ᠢᠶᠠᠨ ᠭᠦᠶᠴᠡᠳ | ᠪᠠᠳᠠᠷᠠᠭᠤᠯᠤᠨ᠎ᠠ ᠭᠡᠵᠡᠭᠡᠪᠡ᠃ | ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ 43 ᠳ᠋ᠤᠭᠠᠷ ᠬᠤᠭᠤᠴᠠᠭᠠᠨ ᠤ ᠢᠳᠡᠷ ᠵᠠᠯᠠᠭᠤᠴᠤᠳ ᠤᠨ ᠠᠩᠭᠢ ᠶᠢᠨ ᠬᠡᠰᠡᠭ | ᠪᠠᠭᠰᠢ ᠰᠤᠷᠤᠭᠴᠢ ᠰᠤᠳᠤᠯᠤᠯ ᠬᠡᠷᠡᠭᠯᠡᠭᠡᠨ ᠤ ᠲᠥᠪ ᠲᠤ ᠬᠦᠷᠴᠦ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠪᠠ ︽ᠠᠨᠠᠷ ᠤᠨ ᠬᠡᠯᠬᠢᠶ᠎ᠡ︾ ᠦᠨᠳᠦᠰᠦᠲᠡᠨ ᠤ | ᠠᠵᠢᠯ ᠤᠨ ᠳ᠋ᠢᠭᠢᠲ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ︽ᠨᠠᠮ ᠤᠨ ᠪᠠᠶᠢᠭᠤᠯᠤᠯᠲᠠ ᠪᠠᠷ ᠤᠳᠤᠷᠢᠳᠤᠨ ᠳᠠᠭᠠᠭᠤᠯᠬᠤ ᠲᠤᠬᠠᠶᠢᠯᠠᠭᠰᠠᠨ ᠠᠵᠢᠯ ᠢ | ᠠᠭᠤᠰᠤᠯᠴᠠᠭᠤᠯᠬᠤ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ︾ ᠠᠵᠢᠯ ᠤᠨ ᠵᠠᠭᠪᠤᠷ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ | | | | ᠣᠷᠴᠢᠭᠤᠯᠤᠭᠴᠢ᠄ ᠣᠶᠤᠨᠰᠡᠴᠡᠡ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |