︽ᠪᠦᠯᠬᠦᠮᠳᠡᠨ ᠤᠷᠤᠭᠰᠢᠯᠠᠭᠰᠠᠨ ᠰᠢᠨ᠎ᠡ ᠴᠠᠭ ᠦᠶ᠎ᠡ ︱ ᠪᠦᠬᠦ ᠤᠯᠤᠰ ᠤᠨ ᠠᠷᠪᠠᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠳᠤ ᠫᠠᠶᠢᠰᠠ ᠣᠯᠭᠤᠬᠤ ᠠᠵᠢᠯᠯᠠᠭ᠎ᠠ︾ ᠶᠢᠨ ᠣᠨᠴᠠᠭᠠᠢ ᠨᠡᠪᠲᠡᠷᠡᠭᠦᠯᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2023/5/16
      5 ᠳ᠋ᠤᠭᠠᠷ ᠰᠠᠷ᠎ᠠ ᠶᠢᠨ 3 ᠤ ᠡᠳᠦᠷ᠂ ᠤᠯᠤᠰ ᠤᠨ ᠦᠨᠳᠦᠰᠦᠲᠡᠨ ᠤ ᠵᠥᠪᠯᠡᠯ ᠪᠣᠯᠣᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠬᠠᠮᠲᠤᠷᠠᠨ ᠰᠢᠩᠭᠡᠭᠡᠨ ᠦᠢᠯᠡᠳᠦᠭᠰᠡᠨ ︽ᠪᠦᠯᠬᠦᠮᠳᠡᠨ ᠤᠷᠤᠭᠰᠢᠯᠠᠭᠰᠠᠨ ᠰᠢᠨ᠎ᠡ ᠴᠠᠭ ᠦᠶ᠎ᠡ ︱ ᠪᠥᠬᠦ ᠤᠯᠤᠰ ᠤᠨ ᠠᠷᠪᠠᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠳᠤ ᠫᠠᠶᠢᠰᠠ ᠣᠯᠭᠤᠬᠤ ᠠᠵᠢᠯᠯᠠᠭ᠎ᠠ︾ ᠶᠢᠨ ᠣᠨᠴᠠᠭᠠᠶ  ᠨᠡᠪᠲᠡᠷᠡᠭᠦᠯᠭᠡ ᠶᠢ ᠲᠥᠪ ᠲᠧᠯᠸᠢᠰ ᠤᠨ ᠶᠡᠷᠦᠩᠬᠡᠶᠢᠯᠡᠭᠰᠡᠨ ᠰᠤᠪᠠᠭ ᠢᠶᠠᠷ ᠨᠡᠪᠲᠡᠷᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰ ᠤᠳᠠᠭᠠᠨ ᠤ ᠣᠨᠴᠠᠭᠠᠶ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠬᠦ ᠶᠢ ᠪᠦᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠴᠢᠬᠤᠯᠠ ᠠᠭᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢ ᠥᠷᠨᠢᠭᠦᠯᠬᠦ ᠪᠣᠳᠠᠲᠠᠢ ᠦᠢᠯᠡᠳᠦᠯᠭᠡ ᠪᠣᠯᠭᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠵᠤ ᠲᠧᠯᠸᠢᠰ᠂ ᠭᠠᠷ ᠤᠲᠠᠰᠤ ᠵᠡᠷᠭᠡ ᠬᠡᠯᠪᠡᠷᠢ ᠪᠠᠷ ᠨᠡᠪᠲᠡᠷᠡᠭᠦᠯᠭᠡ ᠢ ᠬᠦᠯᠢᠶᠡᠨ ᠠᠪᠤᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠪᠦᠯᠬᠦᠮᠳᠡᠨ ᠤᠷᠤᠭᠰᠢᠯᠠᠭᠰᠠᠨ ᠰᠡᠳᠬᠢᠯ ᠬᠥᠳᠡᠯᠭᠡᠮ᠎ᠡ ᠦᠯᠢᠭᠡᠷ ᠢ ᠭᠦᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠭᠤᠤ ᠶᠡᠭᠡ ᠠᠮᠵᠢᠯᠲᠠ ᠶᠢ ᠬᠠᠮᠲᠤ ᠪᠠᠷ  ᠭᠡᠷᠡᠴᠢᠯᠡᠪᠡ᠃
W020230504646753359781.png     
      ᠣᠯᠠᠨ ᠢᠶᠠᠷ ᠢᠶᠠᠨ᠂ ᠨᠡᠪᠲᠡᠷᠡᠭᠦᠯᠭᠡ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠦᠯᠢᠭᠡᠷ ᠤᠳ ᠢᠶᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠᠷᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠬᠤ ᠠᠮᠢᠳᠤᠯᠢᠭ ᠵᠢᠷᠤᠭ ᠢ ᠬᠠᠷᠠᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠢᠲᠡᠭᠡᠯ ᠵᠣᠷᠢᠭ ᠣᠮᠤᠭ ᠪᠠᠭ᠋ᠠᠳᠤᠯᠲᠤ ᠰᠡᠳᠬᠢᠯᠭᠡ ᠪᠣᠯᠣᠨ ᠨᠢᠭᠲᠠᠷᠠᠯ ᠤᠨ ᠲᠥᠪᠯᠡᠷᠡᠩᠭᠦᠢ ᠬᠦᠴᠦᠨ ᠢ ᠲᠤᠶᠢᠯ ᠤᠨ ᠶᠡᠭᠡ ᠪᠠᠷ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠨᠢ ᠯᠠᠪᠲᠠᠢ ᠶᠤᠮ ᠭᠡᠵᠦ  ᠰᠠᠨᠠᠯ ᠨᠢᠭᠡᠲᠡᠢ  ᠦᠵᠡᠵᠡᠭᠡᠪᠡ᠃      ᠤᠯᠠᠨ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠨᠡᠩ ᠴᠢᠩ ᠰᠡᠳᠬᠢᠯ ᠠᠴᠠ ᠪᠠᠨ ᠨᠠᠮ ᠳᠤ ᠪᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ  ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠭᠡᠪᠡ᠃
W020230504646753377940.png     
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠶᠦᠨ ᠭᠦᠸᠧ ᠱᠧᠩ᠄ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠬᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠭᠦᠢᠴᠡᠳ ᠣᠨᠣᠪᠴᠢᠲᠠᠢ ᠪᠦᠬᠦ ᠲᠠᠯ᠎ᠠ  ᠪᠠᠷ ᠡᠵᠡᠮᠰᠢᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ  ᠰᠢᠵᠢᠮ ᠢ ᠴᠢᠩᠭ᠎ᠠ ᠠᠳᠬᠤᠵᠤ᠂ ︽ᠭᠤᠷᠪᠠᠨ ᠵᠦᠢᠯ ᠤᠨ ᠲᠥᠯᠥᠪᠯᠡᠭᠡ︾ ᠶᠢ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠰᠠᠶᠢᠲᠤᠷ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠳᠠᠭᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠰ ᠳᠡᠪᠰᠢᠭᠰᠡᠨ ᠬᠡᠪ ᠵᠠᠭᠪᠤᠷ ᠢ ᠪᠥᠬᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠨᠠᠩ ᠴᠢᠩ ᠰᠡᠳᠬᠢᠯ ᠠᠴᠠ ᠪᠠᠨ ᠨᠠᠮ ᠳᠤ ᠪᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ ᠭᠡᠪᠡ᠃      ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠦᠨᠳᠦᠰᠦᠲᠡᠨ ᠤ ᠵᠥᠪᠡᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠮᠠ ᠵᠢᠢ ᠴᠧᠩ᠄ ᠬᠢᠩᠭᠠᠨ ᠠᠶᠢᠮᠠᠭ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠬᠤᠶᠠᠷ ᠤᠳᠠᠭ᠎ᠠ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠠᠵᠢᠯ ᠤᠨ ᠠᠷᠭ᠎ᠠ ᠵᠠᠮ ᠢ ᠲᠠᠰᠤᠷᠠᠯᠳᠡ ᠦᠭᠡᠢ ᠰᠦᠪᠡᠭᠴᠢᠯᠡᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠲᠤᠷᠰᠢᠯᠭ᠎ᠠ ᠬᠤᠷᠠᠮᠳᠤᠭᠤᠯᠵᠤ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ  ᠠᠬᠢᠭᠤᠯᠤᠨ᠎ᠠ ᠭᠡᠪᠡ᠃      ᠠᠯᠠᠱᠠ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠵᠥᠪᠯᠡᠯ ᠤᠨ ᠡᠷᠬᠢᠯᠡᠭᠴᠢ ᠯᠢ ᠹᠠ ᠴᠢᠤᠸᠠᠨ᠄ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠵᠤ᠂ ᠠᠯᠠᠱᠠ ᠠᠶᠢᠮᠠᠭ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠢ ᠠᠮᠵᠢᠯᠲᠠ ᠲᠠᠢ ᠡᠭᠦᠳᠦᠨ ᠪᠠᠶᠢᠭᠤᠯᠪᠠ᠂ ᠪᠢᠳᠡ ᠡᠨᠡ ᠬᠦ ᠡᠷᠬᠢᠮ ᠳᠡᠭᠡᠳᠦ ᠢᠷᠠᠭᠤ ᠠᠯᠳᠠᠷ ᠢ ᠬᠤᠪᠢ ᠲᠠᠬᠢᠨ ᠨᠠᠨᠳᠢᠩᠨᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠦᠯᠢᠬᠡᠷ ᠳᠠᠭᠤᠷᠢᠶᠠᠯ ᠤᠨ ᠬᠦᠴᠦᠨ ᠢᠶᠠᠷ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠲᠠᠶᠢᠴᠢᠯᠠᠨ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠠᠮᠲᠤ ᠪᠠᠷ ᠲᠠᠷᠢᠵᠤ᠂ ᠦᠨᠳᠦᠰᠦᠲᠡᠨ ᠤ ᠪᠦᠯᠬᠦᠮᠳᠡᠯ ᠬᠥᠭᠵᠢᠯᠲᠡ ᠶᠢᠨ ᠦᠷ᠎ᠡ ᠪᠦᠲᠦᠭᠡᠯ ᠢ  ᠬᠠᠮᠲᠤ ᠪᠠᠷ ᠡᠳ᠋ᠯᠡᠨ᠎ᠡ ᠭᠡᠪᠡ᠃      ᠬᠥᠬᠡᠬᠤᠲᠠ ᠶᠢᠨ ᠬᠤᠲᠣᠩ ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠢ ᠢ ᡁᠢ᠄ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠠᠵᠢᠯᠲᠠᠨ ᠪᠣᠯᠤᠭᠰᠠᠨ ᠤ ᠬᠤᠪᠢ  ᠳᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ  ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠬᠠᠷᠢᠯᠴᠠᠨ ᠰᠢᠭᠢᠳᠬᠡᠯᠲᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠣᠨ ᠨᠡᠶᠢᠭᠡᠮ ᠲᠣᠭᠤᠷᠢᠭ  ᠤᠨ ᠣᠷᠴᠢᠨ ᠲᠣᠭᠤᠷᠢᠨ ᠢ ᠪᠠᠶᠢᠭᠤᠯᠬᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠠᠯ᠎ᠠ ᠪᠠᠷ ᠨᠡᠩ ᠶᠡᠭᠡ ᠴᠢᠷᠮᠠᠶᠢᠯᠭ᠎ᠠ  ᠭᠠᠷᠭᠠᠨ᠎ᠠ ᠭᠡᠪᠡ᠃      ᠬᠥᠯᠥᠨ ᠪᠤᠶᠢᠷ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠠᠷᠤᠭ᠎ᠠ ᠯᠢ ᠭᠦᠸᠧ ᠴᠢᠶᠠᠩ᠄ ᠨᠡᠪᠲᠡᠷᠡᠭᠦᠯᠭᠡ ᠶᠢ ᠦᠵᠡᠭᠰᠡᠨ ᠤ ᠳᠠᠷᠠᠭ᠎ᠠ᠂ ᠨᠠᠳᠠ ᠳᠤ  ᠮᠠᠰᠢ ᠶᠡᠭᠡ ᠲᠥᠷᠥᠭᠳᠡᠯ ᠲᠠᠢ ᠪᠠᠶᠢᠨ᠎ᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ ᠪᠣᠯᠤᠭᠰᠠᠨ ᠤ ᠬᠤᠪᠢ ᠳᠤ᠂ ᠪᠢᠳᠡᠨ ᠤ ᠬᠠᠷᠢᠭᠤᠴᠠᠯᠭ᠎ᠠ ᠨᠡᠩ ᠶᠡᠭᠡ ᠪᠣᠯᠵᠠᠢ᠂ ᠪᠢᠳᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠠᠵᠢᠯ ᠪᠣᠯᠣᠨ ᠭᠤᠣᠯ ᠲᠤᠬᠠᠶᠢᠯᠠᠭᠰᠠᠨ ᠠᠵᠢᠯ ᠢ ᠵᠡᠷᠭᠡᠪᠡᠷ ᠠᠬᠢᠭᠤᠯᠬᠤ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃      ᠬᠢᠩᠭᠠᠨ ᠠᠶᠢᠮᠠᠭ ᠤᠨ ᠤᠯᠠᠭᠠᠨᠬᠤᠲᠠ ᠶᠢᠨ ᠦᠨᠳᠦᠰᠦᠲᠡᠨ ᠤ ᠵᠥᠪᠯᠡᠯ ᠤᠨ ᠡᠷᠬᠢᠯᠡᠭᠴᠢ ᠱᠢ ᠲᠠᠢ ᠫᠢᠩ᠄ ᠲᠤᠰᠬᠠᠢ ᠰᠡᠳᠦᠪᠲᠦ  ᠨᠡᠪᠲᠡᠷᠡᠭᠦᠯᠭᠡ ᠶᠢ ᠦᠵᠡᠭᠰᠡᠨ ᠤ ᠳᠠᠷᠠᠭ᠎ᠠ᠂ ᠤᠷᠮᠠᠰᠢᠨ  ᠵᠣᠷᠢᠭᠵᠢᠭᠰᠠᠨ ᠢᠶᠠᠷ ᠪᠠᠷᠠᠬᠤ ᠦᠭᠡᠢ ᠨᠡᠩ ᠴᠤ ᠬᠠᠷᠢᠭᠤᠴᠠᠯᠭ᠎ᠠ ᠬᠦᠨᠳᠦ ᠪᠣᠯᠤᠭᠰᠠᠨ ᠲᠥᠷᠥᠭᠳᠡᠯ ᠲᠠᠢ᠃ ᠪᠢᠳᠠ ᠦᠷᠭᠦᠯᠵᠢᠯᠡᠨ ᠬᠤᠪᠢᠰᠬᠠᠯ ᠤᠨ ᠤᠳᠤᠮᠰᠢᠯ ᠢᠶᠠᠨ ᠦᠷᠭᠦᠯᠵᠢᠯᠡᠭᠦᠯᠵᠦ᠂ ᠰᠢᠯᠢᠳᠡᠭ ᠤᠯᠠᠮᠵᠢᠯᠠᠯ ᠢᠶᠠᠨ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃      ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤᠨ ᠤ ᠮᠠ ᠠᠨ ᠱᠠᠨ ᠲᠣᠰᠬᠤᠨ ᠤ ᠠᠷᠠᠳ ᠵᠠᠩ ᠭᠦᠸᠧ ᠯᠢ᠄ ᠮᠠᠨ ᠤ ᠲᠣᠰᠬᠤᠨ ᠤ ᠠᠷᠠᠳ ᠲᠦᠮᠡᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠤᠨ ᠬᠥᠭᠵᠢᠯᠲᠡ ᠶᠢᠨ ᠰᠠᠶᠢᠨ ᠴᠠᠭ ᠤᠨ ᠪᠠᠶᠢᠳᠠᠯ ᠢ ᠨᠠᠨᠳᠢᠩᠨᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ ᠂ ᠴᠢᠷᠮᠠᠶᠢᠨ ᠠᠵᠢᠯᠯᠠᠵᠤ᠂ ᠠᠮᠢᠳᠤᠷᠠᠯ ᠢᠶᠠᠨ ᠤᠯᠠᠮ ᠠᠴᠠ ᠤᠯᠠᠮ ᠰᠠᠶᠢᠨ ᠪᠣᠯᠭᠠᠨ᠎ᠠ ᠭᠡᠪᠡ᠃      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠤᠷᠵᠠᠩ ᠨᠠᠭᠤᠷ ᠪᠠᠯᠭᠠᠰᠤᠨ ᠤ ᠳᠡᠳ᠋ ᠳᠠᠷᠤᠭ᠎ᠠ ᠾᠧ ᠷᠦᠢ᠄ ᠰᠢᠶᠠᠩ ᠪᠠᠯᠭᠠᠰᠤᠨ ᠤ ᠺᠠᠳ᠋ᠷ ᠪᠣᠯᠤᠭᠰᠠᠨ ᠤ ᠬᠤᠪᠢ ᠳᠤ᠂ ᠬᠤᠶᠢᠰᠢᠳᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ + ᠦᠨᠳᠦᠰᠦᠲᠡᠨ ᠤ ᠪᠦᠯᠬᠦᠮᠳᠡᠯ︾ ᠤᠨ ᠵᠠᠭᠪᠤᠷ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠡ ᠦᠭᠡᠢ ᠥᠷᠭᠡᠳᠬᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠤᠬᠠᠢ ᠶᠢᠨ ᠭᠠᠵᠠᠷ  ᠲᠤ ᠪᠠᠨ ᠠᠵᠢᠯ ᠣᠯᠬᠤ ᠶᠢ ᠰᠢᠢᠳᠪᠦᠷᠢᠯᠡᠵᠦ᠂ ᠣᠷᠣᠯᠭ᠎ᠠ ᠶᠢ ᠨᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠠᠬ᠎ᠠ ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ  ᠢᠶᠠᠨ ᠬᠠᠮᠲᠤ ᠪᠠᠷ ᠪᠠᠶᠢᠭᠤᠯᠬᠤ᠂ ᠵᠣᠯ ᠵᠢᠷᠭᠠᠯᠲᠤ  ᠡᠳᠦᠷ ᠬᠤᠨᠤᠭ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠭᠡᠪᠡ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠰᠢᠦᠢ ᠰᠢᠩ ᠵᠢᠶᠧ᠄ ᠨᠡᠪᠲᠡᠷᠡᠭᠦᠯᠭᠡ ᠶᠢ ᠦᠵᠡᠭᠰᠡᠨ ᠤ ᠲᠠᠷᠠᠭ᠎ᠠ᠂ ᠪᠢ ᠰᠡᠳᠬᠢᠯ ᠳᠣᠭᠳᠣᠯᠤᠨ ᠤᠷᠮᠠᠰᠢᠯ᠎ᠠ᠂ ᠪᠢᠳᠡ ᠦᠷᠭᠦᠯᠵᠢᠯᠡᠨ ᠡᠨᠡ ᠬᠦ ᠴᠢᠭᠯᠡᠯ ᠢᠶᠠᠷ ᠣᠮᠤᠭ ᠲᠡᠭᠦᠯᠳᠡᠷ ᠵᠣᠷᠢᠭ ᠲᠠᠢ ᠪᠠᠷ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠪᠡ᠃      ᠮᠠᠨᠵᠤᠤᠷ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠦᠨᠳᠦᠰᠦᠲᠡᠨ ᠤ ᠵᠥᠪᠯᠡᠯ ᠤᠨ ᠡᠷᠬᠢᠯᠡᠭᠴᠢ ᠸᠠᠩ ᠰᠢᠨ᠄ ᠲᠤᠰᠬᠠᠢ ᠰᠡᠳᠦᠪᠲᠦ ᠨᠡᠪᠲᠡᠷᠡᠭᠦᠯᠭᠡ ᠶᠢ ᠰᠣᠨᠢᠷᠬᠠᠭᠠᠳ ᠲᠤᠶᠢᠯ ᠢᠶᠠᠷ ᠵᠣᠷᠢᠭᠵᠢᠨ ᠰᠡᠳᠬᠢᠯ ᠬᠥᠳᠡᠯᠵᠦ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠬᠤ ᠶᠢ ᠭᠦᠨ ᠣᠶᠢᠯᠠᠭᠠᠪᠠ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠡᠨᠡ ᠬᠦ ᠭᠤᠣᠯ ᠰᠢᠵᠢᠮ  ᠲᠠᠢ ᠨᠢᠭᠲᠠ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠶᠡᠭᠡ ᠬᠤᠪᠢᠷᠠᠯᠲᠠ ᠶᠢ ᠬᠠᠷᠠᠭᠤᠯᠵᠤ᠂ ᠨᠡᠩ ᠤᠯᠠᠨ ᠪᠣᠳᠠᠲᠤ ᠠᠰᠢᠭ ᠬᠦᠷᠲᠡᠭᠡᠵᠦ᠂ ᠨᠡᠩ ᠵᠣᠯ ᠵᠢᠷᠭᠠᠯ ᠢ ᠲᠥᠷᠥᠭᠳᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠮᠡᠲᠦ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠬᠦ ᠪᠠᠷ  ᠴᠢᠷᠮᠠᠶᠢᠨ᠎ᠠ ᠭᠡᠪᠡ᠃      ᠬᠥᠬᠡᠬᠤᠲᠠ᠂ ᠠᠯᠠᠱᠠ ᠠᠶᠢᠮᠠᠭ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠤᠯᠠᠭᠠᠨᠬᠤᠲᠠ᠂ ᠬᠢᠶ᠎ᠠ ᠪᠠᠭᠰᠢ ᠲᠣᠭᠤᠷᠢᠭ᠂ ᠤᠷᠠᠳ ᠤᠨ ᠬᠤᠶᠢᠲᠤ ᠬᠤᠰᠢᠭᠤ᠂ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ ᠰᠤᠮᠤ᠂ ᠬᠠᠷᠠᠴᠢᠨ ᠬᠤᠰᠢᠭᠤᠨ ᠤ ᠮᠠ ᠠᠨ ᠱᠠᠨ ᠲᠣᠰᠬᠤᠨ᠂ ᠬᠥᠨᠳᠡᠯᠡᠨ ᠲᠣᠭᠤᠷᠢᠭ ᠤᠨ ᠠᠷᠠᠳ ᠨᠢᠭᠡᠳᠦᠭᠡᠷ ᠨᠡᠶᠢᠭᠡᠮ ᠲᠣᠭᠤᠷᠢᠭ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠢ ᠥᠷᠲᠡᠭᠡᠨ ᠤ ᠪᠤᠭᠤᠲᠤ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠨᠢ ᠪᠦᠬᠦ ᠤᠯᠤᠰ ᠤᠨ ᠠᠷᠪᠠᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ ᠪᠠᠷ  ᠨᠡᠷᠡᠶᠢᠳᠦᠭᠳᠡᠪᠡ᠃ ᠲᠣᠰ ᠤᠳᠠᠭᠠᠨ ᠤ ᠫᠠᠶᠢᠰᠠ ᠣᠯᠭᠤᠬᠤ ᠠᠵᠢᠯᠯᠠᠭ᠎ᠠ ᠶᠢᠨ ᠨᠡᠪᠲᠡᠷᠡᠭᠦᠯᠭᠡ ᠳᠤ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠨᠢᠮ᠎ᠠ ᠨᠠᠰᠤᠲᠠᠨ ᠤ ᠬᠢᠯᠢ ᠬᠢᠵᠠᠭᠠᠷ ᠢᠶᠠᠨ ᠬᠠᠮᠠᠭᠠᠯᠠᠭᠰᠠᠨ ᠦᠶᠯᠡ ᠶᠠᠪᠤᠳᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠬᠢᠩᠭᠠᠨ ᠠᠶᠢᠮᠠᠭ ᠤᠨ ᠤᠯᠠᠭᠠᠨᠬᠤᠲᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠲᠥᠯᠥᠭᠡᠯᠡᠭᠴᠢ ᠶᠢᠨ ᠬᠤᠪᠢ ᠪᠠᠷ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠫᠠᠶᠢᠰᠠ ᠣᠯᠭᠤᠬᠤ ᠶᠢ ᠭᠥᠯᠢᠶᠡᠨ ᠠᠪᠤᠭᠰᠠᠨ ᠪᠠᠶᠢᠨ᠎ᠠ᠃          ᠣᠷᠴᠢᠭᠤᠯᠤᠭᠴᠢ᠄ ᠡᠷᠳᠡᠨᠢᠰᠤᠪᠤᠳ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠠᠯᠪᠠᠨ ᠭᠡᠷ᠂ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ