5 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ | ᠤᠩᠰᠢᠬᠤ ᠠᠩᠬᠢ ᠶᠢᠨ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠡᠷᠬᠢᠯᠡᠭᠴᠢ ᠶᠠᠨ ᠡᠾᠦ᠋ᠢ ᠯᠦᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠭᠰᠡᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ ᠹᠦ᠋ ᠰᠦᠸᠧ ᠭᠧᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠭᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠳᠠᠰᠤᠷᠠᠯᠳᠠ ᠦᠭᠡᠢ ᠡᠭᠦᠳᠦᠶ᠎ᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃ | ᠶᠠᠨ ᠾᠦᠢ ᠯᠦᠩ᠂ ᠡᠨᠡ ᠤᠳᠠᠭᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ | ᠰᠡᠳᠦᠪᠲᠦ ᠪᠣᠯᠪᠠᠰᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠶᠢ ᠡᠷᠬᠢᠯᠡᠭᠰᠡᠨ ᠪᠣᠯ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ | ᠠᠬᠢᠭᠤᠯᠬᠤ ᠶᠢᠨ ᠴᠢᠬᠤᠯᠠ ᠠᠷᠭ᠎ᠠ ᠮᠠᠶ᠋ᠢᠭ ᠪᠤᠯᠤᠨ᠎ᠠ᠂ ᠦᠨᠳᠦᠰᠦᠲᠡᠨ ᠤ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ | ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠦ᠂ ︽ᠳᠥᠷᠪᠡᠨ ᠤᠬᠠᠮᠰᠠᠷ︾ ᠢᠶᠠᠨ ᠨᠠᠩ ᠤᠬᠠᠮᠰᠠᠷ ᠠᠴᠠ ᠪᠠᠨ | ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ | ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ | ᠪᠠᠲᠤᠯᠠᠬᠤ ᠬᠡᠷᠡᠭᠲᠡᠶ᠃ ᠤᠨᠤᠯ ᠤᠨ ᠰᠤᠷᠤᠯᠴᠠᠯᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠣᠳᠣᠬᠠᠨ ᠤ ᠦᠨᠳᠦᠰᠦᠲᠡᠨ ᠤ | ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠵᠢᠴᠢ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠭᠦᠨᠵᠡᠭᠡᠢ | ᠤᠶᠢᠯᠠᠭᠠᠨ ᠪᠦᠬᠦ ᠲᠠᠯ᠎ᠠ ᠪᠠᠷ ᠡᠵᠡᠮᠰᠢᠵᠦ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠢ ᠥᠷᠨᠢᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ | ᠤᠯᠠᠷᠢᠭᠤᠯᠤᠨ ᠬᠤᠪᠢᠷᠠᠭᠤᠯᠬᠤ ᠶᠢ ᠴᠢᠩᠭᠠᠳᠬᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ | ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠡᠷᠡᠰ ᠠᠷᠢᠯᠭᠠᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠳᠠᠳᠠᠢ ᠲᠦᠷᠦᠭᠳᠡᠯ ᠲᠠᠢ ᠪᠦᠲᠦᠮᠵᠢᠲᠡᠢ ᠪᠠᠷ | ᠪᠠᠳᠤᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠡᠴᠡᠭᠯᠡᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠫᠷᠤᠹᠧᠰᠰᠤᠷ ᠹᠦ᠋ ᠰᠦᠸᠧ ᠭᠧᠨ᠂ ᠲᠡᠦᠬᠡ ᠪᠠ ᠪᠣᠳᠠᠲᠤ ᠠᠬᠤᠢ᠂ ᠤᠨᠤᠯ ᠪᠠ ᠦᠢᠯᠡᠳᠦᠯᠭᠡ ᠵᠡᠷᠭᠡ ᠲᠦᠷᠪᠡᠨ ᠲᠠᠯ᠎ᠠ ᠠᠴᠠ ᠭᠤᠣᠯ ᠰᠡᠳᠦᠪᠲᠦ ᠬᠥᠮᠦᠵᠢᠯ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠭᠰᠡᠨ ᠪᠥᠭᠡᠳ ᠲᠡᠦᠬᠡ ᠪᠠ ᠤᠨᠤᠯ ᠢ ᠤᠶᠠᠯᠳᠤᠭᠤᠯᠬᠤ ᠠᠷᠭ᠎ᠠ ᠪᠠᠷ᠂ ᠨᠠᠮ ᠤᠨ | ᠵᠠᠭᠤᠨ ᠵᠢᠯ ᠤᠨ ᠲᠡᠦᠬᠡ ᠪᠣᠯ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠡ ᠦᠭᠡᠢ ᠠᠬᠢᠭᠤᠯᠤᠭᠰᠠᠨ ᠲᠡᠦᠬᠡ ᠮᠥᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠦᠰᠦᠷᠦᠯᠲᠡ ᠶᠢ ᠪᠡᠶᠡᠯᠡᠭᠦᠯᠵᠦ᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠶᠢ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠪᠢᠴᠢᠭᠯᠡᠭᠰᠡᠨ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃ ᠲᠠᠶᠢᠯᠤᠮᠵᠢ ᠶᠢᠨ ᠭᠤᠤᠯ | ᠰᠡᠳᠦᠪ ᠲᠣᠪᠤᠶᠢᠮ᠎ᠠ᠂ ᠠᠭᠤᠯᠭ᠎ᠠ ᠪᠠᠶᠠᠯᠢᠭ᠂ ᠰᠡᠳᠬᠢᠮᠵᠢ ᠲᠣᠳᠣᠷᠬᠠᠶ᠂ ᠲᠡᠦᠬᠡ ᠶᠢᠨ ᠮᠠᠲ᠋ᠧᠷᠢᠶᠠᠯ ᠢᠶᠠᠷ ᠪᠠᠶᠠᠯᠢᠭ᠂ ᠯᠣᠭᠢᠭ ᠢᠶᠠᠷ ᠴᠢᠩᠭ᠎ᠠ ᠪᠤᠯᠤᠬᠰᠠᠨ ᠪᠦᠭᠡᠳ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠪᠦᠲᠦᠮᠵᠢᠲᠡᠶ ᠭᠦᠨᠵᠡᠭᠡᠶᠢᠷᠡᠭᠦᠯᠪᠡ᠃ | | ᠲᠣᠰ ᠤᠳᠠᠭᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠵᠢᠴᠢ | ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠰᠤᠷᠤᠯᠭ᠎ᠠ 5 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠠᠶᠢᠭᠤᠯᠭ᠎ᠠ ᠵᠢᠴᠢ ᠵᠦᠪᠯᠡᠯ ᠤᠨ ᠬᠠᠷᠢᠶ᠎ᠠ ᠨᠢᠭᠡᠴᠢ ᠶᠢᠨ ᠪᠥᠬᠦ ᠨᠠᠮ ᠤᠨ ᠭᠡᠰᠢᠭᠦᠨ ᠺᠠᠳ᠋ᠷ | ᠣᠷᠣᠯᠴᠠᠵᠠᠢ᠃ | | | | | | ᠣᠷᠴᠢᠭᠤᠯᠤᠭᠴᠢ᠄ ᠣᠶᠤᠨᠴᠡᠴᠡᠭ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |