ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠤᠯ ᠰᠡᠳᠦᠪᠲᠦ ᠬᠥᠮᠦᠵᠢᠯ ᠪᠠ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ ᠬᠡᠷᠡᠭᠵᠢᠭᠦᠯᠬᠦ ᠲᠥᠰᠦᠯ ᠤᠨ ᠲᠣᠬᠢᠷᠠᠭᠤᠯᠤᠯᠲᠠ ᠶᠤᠰᠤᠭᠠᠷ᠂ 5 ᠳ᠋ᠤᠭᠠᠷ ᠰᠠᠷ᠎ᠠ ᠶᠢᠨ | 8 ᠤ ᠡᠳᠦᠷ ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ | ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠨᠡᠷ ᠤᠯᠠᠭᠠᠨᠴᠠᠪ ᠬᠤᠲᠠ ᠶᠢᠨ ᠳᠥᠷᠪᠡᠳ | ᠬᠤᠰᠢᠭᠤᠨ ᠤ ᠬᠡᠰᠡᠭ ᠬᠢᠯᠢ ᠶᠢᠨ ᠰᠤᠮᠤᠨ ᠳᠤ ᠭᠦᠨᠵᠡᠭᠡᠶᠢᠷᠡᠵᠦ᠂ ᠬᠠᠮᠢᠶ᠎ᠠ ᠪᠦᠬᠦᠢ ᠨᠢᠭᠡᠴᠢ᠂ ᠲᠠᠯᠠᠪᠠᠢ ᠣᠷᠳᠣᠨ ᠳᠤ ᠬᠢᠯᠢ ᠬᠢᠵᠠᠭᠠᠷ ᠣᠷᠣᠨ ᠤ ᠬᠥᠮᠦᠨ | ᠠᠮᠠ ︽ᠬᠤᠭᠤᠰᠣᠷᠠᠵᠦ ᠪᠠᠶᠢᠬᠤ︾ ᠠᠰᠠᠭᠤᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ | ᠪᠠ ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠪᠢᠶᠠᠷᠢ | ᠤᠷᠤᠯᠳᠤᠭᠠᠨ ᠤ ᠲᠠᠯᠠᠪᠠᠢ ᠶᠢᠨ ᠪᠡᠯᠡᠳᠬᠡᠯ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠮᠠ ᠴᠧᠨ ᠨᠡᠷ ᠬᠠᠮᠲᠤ ᠪᠠᠶᠢᠴᠠᠭᠠᠨ ᠰᠤᠳᠤᠯᠤᠯᠳᠡ | ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠯᠠᠭᠠᠨᠴᠠᠪ ᠬᠤᠳᠠ ᠪᠣᠯᠤᠨ ᠳᠥᠷᠪᠡᠳ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠵᠡᠷᠭᠡ ᠠᠵᠢᠯ ᠢ ᠭᠦᠢᠴᠡᠳ | ᠨᠣᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠦ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ | ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠪᠤᠯᠤᠨ ᠬᠦᠴᠦ ᠪᠠᠨ | ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠱᠢᠶ᠎ᠡ ᠦᠵᠡᠭᠦᠯᠤᠨ ᠡᠭᠦᠳᠦᠨ ᠪᠠᠶᠢᠭᠤᠯᠬᠤ ᠲᠠᠯ᠎ᠠ ᠪᠠᠷ | ᠡᠮᠦᠨ᠎ᠡ ᠨᠢ ᠶᠠᠪᠤᠬᠤ ᠪᠠᠷ ᠴᠢᠷᠮᠠᠶᠢᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠢᠯᠠᠩᠭᠤᠶ᠎ᠠ ᠬᠢᠯᠢ ᠬᠢᠵᠠᠭᠠᠷ ᠣᠷᠣᠨ ᠤ ᠬᠥᠮᠦᠨ ᠠᠮᠠ ︽ᠬᠤᠭᠤᠰᠤᠷᠠᠵᠤ | ᠪᠠᠶᠢᠬᠤ︾ ᠠᠰᠠᠭᠤᠳᠠᠯ ᠳᠤ ᠴᠢᠭᠯᠡᠭᠦᠯᠵᠦ᠂ ᠪᠣᠳᠠᠲᠠᠶ ᠲᠠᠢ ᠤᠶᠠᠯᠳᠤᠭᠤᠯᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠰᠤᠳᠤᠯᠤᠨ | ᠳᠤᠷᠠᠳᠴᠤ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠭᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠭ | ᠬᠤᠭᠤᠴᠠᠭ᠎ᠠ᠂ ᠵᠠᠮ ᠱᠤᠭᠤᠮ᠂ ᠡᠭᠦᠷᠭᠡ ᠶᠢᠨ ᠪᠢᠴᠢᠭ ᠢ ᠲᠤᠳᠤᠷᠬᠠᠢ ᠲᠤᠬᠳᠠᠭᠠᠵᠤ᠂ ᠠᠮᠤᠷ ᠲᠦᠪᠰᠢᠨ ᠤᠷᠤᠭᠰᠢᠲᠠᠶ ᠬᠤᠭᠤᠴᠠᠭ᠎ᠠ ᠶᠣᠰᠣᠭᠠᠷ ᠡᠷᠭᠢᠯᠡᠬᠦ ᠶᠢ ᠦᠨᠡᠨ | ᠬᠦ ᠪᠠᠲᠤᠯᠠᠬᠤ ᠬᠡᠷᠡᠭᠲᠡᠶ ᠭᠡᠵᠦ ᠵᠢᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ | ᠬᠢᠨ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢ ᠭᠦᠢᠴᠡᠳ ᠨᠤᠲᠠᠯᠠᠪᠠ᠃ ᠲᠡᠳᠡ᠂ ᠪᠠᠶᠢᠴᠠᠭᠠᠨ ᠰᠤᠳᠤᠯᠤᠯᠲᠠ ᠬᠢᠬᠦ ᠪᠣᠯ ᠮᠠᠨ ᠤ ᠨᠠᠮ ᠤᠨ ᠰᠢᠯᠢᠳᠡᠭ | ᠤᠯᠠᠮᠵᠢᠯᠠᠯ ᠮᠥᠨ᠂ ᠪᠠᠰᠠ ᠴᠤ ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ | ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ ᠮᠡᠳᠡᠭᠳᠡᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠡᠶ᠎ᠡ ᠪᠠᠷ ᠢᠶᠠᠨ ᠪᠣᠳᠠᠲᠠᠶ ᠠᠵᠢᠯᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ | ᠠᠰᠠᠭᠤᠳᠠᠯ ᠳᠤ ᠴᠢᠭᠯᠡᠭᠦᠯᠵᠦ᠂ ᠬᠦᠴᠢᠷᠳᠡᠯ ᠢ ᠰᠦᠷᠦᠨ ᠤᠷᠤᠭᠰᠢᠯᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠲᠦᠮᠡᠨ ᠠᠴᠠ ᠠᠰᠠᠭᠤᠵᠤ᠂ ᠠᠷᠭ᠎ᠠ ᠪᠣᠳᠣᠯᠭ᠎ᠠ ᠶᠢ | ᠠᠷᠠᠳ ᠲᠦᠮᠡᠨ ᠠᠴᠠ ᠠᠰᠠᠭᠤᠵᠤ᠂ ᠪᠠᠶᠢᠴᠠᠭᠠᠨ ᠰᠤᠳᠤᠯᠤᠯᠲᠠ ᠪᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ | ᠵᠢᠭᠠᠪᠠ᠃ | | | | | | ᠣᠷᠴᠢᠭᠤᠯᠤᠭᠴᠢ᠄ ᠣᠶᠤᠨᠴᠡᠴᠡᠭ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |