ᠥᠪᠥᠷ ᠮᠣᠩᠭᠤᠯ ᠤᠨ ᠤᠯᠠᠭᠠᠨᠬᠠᠳᠠ᠄ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠤ ᠶᠢ ᠬᠠᠨᠭ᠍ᠬᠢᠨᠠᠭᠤᠯᠤᠨᠠᠮ
ᠨᠡᠶᠢᠲᠡᠯᠡᠭᠰᠡᠨ ᠴᠠᠭ᠄
2023/5/17
      ᠣᠷᠴᠢᠮ ᠤᠨ ᠵᠢᠯ᠂ ᠤᠯᠠᠭᠠᠨᠬᠠᠳᠠ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠤᠯ ᠰᠢᠵᠢᠮ ᠢ ᠴᠢᠩᠭ᠎ᠠ ᠠᠳᠬᠤᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠵᠢᠯᠤᠭᠤᠳᠤᠮᠵᠢ ᠪᠤᠯᠭᠠᠵᠤ᠂ ︽ᠲᠦᠷᠪᠡ ᠶᠢ ᠴᠢᠩᠭᠠᠳᠬᠠᠵᠤ᠂ ᠲᠦᠷᠪᠡ ᠶᠢ ᠴᠢᠬᠤᠯᠠᠴᠢᠯᠠᠬᠤ︾ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠳᠤᠳᠬᠠᠵᠤ᠂ ᠪᠦᠬᠦ ᠬᠤᠲᠠ ᠳᠠᠶᠠᠭᠠᠷ ᠲᠤ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠦᠭᠵᠢᠭᠰᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠲᠠᠰᠤᠷᠠᠯᠲᠠ ᠦᠭᠡᠢ ᠬᠦᠨᠵᠡᠭᠡᠶᠢᠷᠡᠭᠰᠡᠨ᠂ ᠦᠨᠳᠦᠰᠦᠲᠡᠨ ᠨᠦᠭᠦᠳ ᠰᠣᠶᠣᠯ ᠤᠨ ᠰᠢᠨ᠎ᠡ ᠶᠢ ᠡᠭᠦᠳᠴᠦ ᠠᠭᠤᠰᠤᠯᠴᠠᠬᠰᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠤᠯᠤᠬᠰᠠᠨ᠂ ᠦᠨᠳᠦᠰᠦᠲᠡᠨ ᠤ ᠬᠡᠷᠡᠭ ᠡᠷᠭᠢᠯᠡᠬᠦ ᠵᠠᠰᠠᠯᠲᠠ ᠶᠢᠨ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠭᠰᠡᠨ ᠶᠡᠭᠡ ᠰᠠᠶᠢᠨ ᠪᠠᠶᠢᠳᠠᠯ ᠢᠯᠡᠷᠡᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠤ ᠶᠢ ᠤᠯᠠᠮ ᠢᠶᠠᠷ ᠬᠠᠨᠭ᠍ᠭᠢᠨᠠᠭᠤᠯᠵᠦ ᠪᠠᠶᠢᠨ᠎ᠠ᠃      ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ ᠶᠢ ᠴᠢᠩᠭᠠᠳᠬᠠᠵᠤ᠂ ᠲᠣᠭᠲᠠᠴᠠ ᠪᠠᠶᠢᠭᠤᠯᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠴᠢᠬᠤᠯᠠᠴᠢᠯᠠᠵᠤ᠂ ᠦᠨᠳᠦᠰᠦᠲᠡᠨ ᠤ ᠠᠵᠢᠯ ᠤᠨ ᠤᠯᠤᠰ ᠲᠦᠷᠦ ᠶᠢᠨ ᠴᠢᠭᠯᠡᠯ ᠢ ᠭᠤᠶᠢᠪᠢᠰᠢ ᠦᠭᠡᠢ ᠪᠠᠷᠢᠮᠳᠠᠯᠠᠪᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢ ︽ᠬᠤᠶᠠᠷ ᠢ ᠲᠣᠭᠲᠠᠭᠠᠬᠰᠠᠨ︾  ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠨᠠᠮ ᠵᠠᠰᠠᠭ ᠤᠨ ᠰᠠᠯᠠᠭ᠎ᠠ ᠮᠥᠴᠢᠷ ᠤᠨ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠡᠯ᠎ᠡ ᠬᠤᠰᠢᠭᠤ ᠬᠤᠲᠠ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠬᠦᠷᠲᠡᠯ᠎ᠡ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠤᠯᠠᠭᠠᠨᠬᠠᠳᠠ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠢᠯᠡᠳᠦᠯᠭᠡ ᠶᠢᠨ ᠰᠤᠳᠤᠯᠭᠠᠨ ᠤ ᠲᠥᠪ ᠢ ᠪᠠᠶᠢᠭᠤᠯᠵᠤ᠂ ᠦᠨᠳᠦᠰᠦᠲᠡᠨ ᠤ ᠬᠦᠷᠢᠶ᠎ᠡ ᠴᠠᠷᠠᠭᠠᠨ ᠳᠠᠬᠢ ᠰᠠᠭᠤᠷᠢ ᠣᠨᠣᠯ ᠤᠨ ᠠᠰᠠᠭᠤᠳᠠᠯ ᠪᠠ ᠴᠢᠬᠤᠯᠠ ᠶᠡᠭᠡ ᠪᠣᠳᠠᠲᠤ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠪᠠ᠃ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠳᠤ ᠴᠥᠮ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠥᠪ ᠪᠠᠶᠢᠭᠤᠯᠵᠤ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠤᠰᠬᠠᠶ ᠲᠥᠷᠥᠯ ᠪᠣᠯᠭᠠᠨ ᠠᠳᠬᠤᠨ ᠠᠬᠢᠭᠤᠯᠪᠠ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ᠂ ᠦᠨᠳᠦᠰᠦᠲᠡᠨ ᠤ ᠵᠥᠪᠯᠡᠯ ᠤᠨ ᠭᠡᠰᠢᠭᠦᠨ ᠤ ᠲᠦᠷᠢᠮ ᠵᠡᠷᠭᠡ ᠬᠡᠷᠡᠭ ᠵᠥᠪᠯᠡᠬᠦ ᠲᠣᠭᠲᠠᠴᠠ ᠶᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠲᠤᠬᠢᠷᠠᠭᠤᠯᠤᠨ ᠨᠡᠶᠢᠳᠬᠡᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠤᠬᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠤᠬᠰᠠᠨ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠬᠰᠠᠨ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠨᠢᠭᠡᠨᠲᠡ ᠪᠦᠷᠢᠯᠳᠦᠬᠦᠯᠵᠦ᠂ ᠪᠦᠬᠦ ᠬᠤᠳᠠ ᠳᠠᠶᠠᠭᠠᠷ ᠢᠶᠠᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠠᠢ᠃      ᠰᠢᠨ᠎ᠡ ᠶᠢ ᠡᠭᠦᠳᠬᠦ ᠴᠢᠨᠠᠷᠲᠠᠢ ᠵᠢᠯᠤᠭᠤᠳᠤᠮᠵᠢ ᠶᠢ ᠴᠢᠩᠭᠠᠳᠬᠠᠵᠤ᠂ ᠣᠨᠴᠠᠯᠢᠭ ᠢ ᠠᠳᠬᠤᠨ ᠠᠮᠢᠵᠢᠷᠠᠯ ᠤᠨ ᠬᠦᠴᠦᠨ ᠨᠡᠮᠡᠷᠢᠯᠡᠬᠦ ᠶᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠤᠭᠤᠳᠤᠮᠵᠢ ᠪᠣᠯᠭᠠᠬᠤ ᠶᠢ ᠪᠠᠷᠢᠮᠲᠠᠯᠠᠵᠤ᠂ ︽ᠪᠤᠳᠠᠳᠠᠢ ᠲᠦᠷᠦᠭᠳᠡᠯ ᠲᠠᠢ ᠪᠦᠲᠦᠮᠵᠢᠲᠡᠢ︾ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠭᠤᠰᠤᠯᠴᠠᠭᠤᠯᠬᠤ︾ ᠪᠠ ︽ᠪᠣᠳᠠᠲᠠᠶᠢᠵᠢᠭᠤᠯᠬᠤ︾ ᠳᠡᠭᠡᠷ᠎ᠡ ᠬᠦᠴᠦ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠡᠳᠦᠪᠲᠦ ᠴᠡᠴᠡᠷᠯᠢᠭ ᠵᠡᠷᠭᠡ ᠨᠢᠭᠡ ᠪᠦᠯᠦᠭ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠡ ︽ᠦᠨᠳᠦᠰᠦᠲᠡᠨ ᠤ ᠪᠦᠯᠬᠦᠮᠳᠡᠯ +︾ ᠠᠵᠢᠯ ᠤᠨ ᠨᠡᠷᠡᠲᠦ ᠲᠡᠮᠳᠡᠭ ᠢ ᠵᠡᠷᠭᠡ ᠪᠠᠷ ᠠᠬᠢᠭᠤᠯᠵᠤ᠂ ᠤᠯᠠᠭᠠᠨᠬᠠᠳᠠ ᠶᠢᠨ ᠣᠨᠴᠠᠯᠢᠭ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠡᠭᠦᠳᠦᠨ ᠪᠠᠶᠢᠭᠤᠯᠪᠠ᠃ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠤᠯᠭᠠᠨ ᠳᠤᠪᠤᠶᠢᠯᠭᠠᠵᠤ᠂ ︽ᠭᠡᠰᠡᠷ︾ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠢ ᠶᠡᠭᠡ ᠪᠠᠷ ᠳᠡᠮᠵᠢᠨ ᠲᠡᠳᠬᠦᠵᠦ᠂ ᠳᠤᠮᠳᠠᠳᠤ ᠤᠯᠤᠰ ᠢᠶᠠᠨ ᠬᠠᠶᠢᠷᠠᠯᠠᠬᠤ ᠦᠷ᠎ᠡ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠵᠦ᠂ ︽ᠲᠠᠪᠤᠨ ᠮᠡᠳᠡᠷᠡᠭᠦᠢ︾  ᠶᠢ ᠳᠠᠰᠤᠷᠠᠯᠳᠠ ᠦᠭᠡᠢ ᠴᠢᠩᠭᠠᠳᠬᠠᠵᠤ᠂ ︽ᠲᠦᠷᠪᠡ ᠶᠢ ᠬᠠᠮᠳᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠠᠢ᠃      ᠪᠦᠬᠦᠯᠢ ᠴᠣᠭᠴᠠ ᠶᠢᠨ ᠴᠢᠨᠠᠷᠲᠠᠢ ᠪᠠᠷ ᠠᠬᠢᠭᠤᠯᠬᠤ ᠶᠢ ᠴᠢᠩᠭᠠᠳᠬᠠᠵᠤ᠂ ᠵᠠᠩᠭᠢᠯᠠᠭ᠎ᠠ ᠶᠢ ᠠᠳᠬᠤᠨ ᠰᠠᠭᠤᠷᠢ ᠲᠠᠯᠪᠢᠬᠤ ᠶᠢ ᠴᠢᠬᠤᠯᠠᠴᠢᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠡᠯ᠎ᠡ ᠬᠦᠷᠢᠶ᠎ᠡ ᠴᠠᠷᠠᠭᠠᠨ ᠳᠤ ᠨᠠᠶᠢᠳᠠᠪᠤᠷᠢᠵᠢᠭᠤᠯᠪᠠ᠃ ᠤᠯᠤᠰ ᠤᠨ ᠦᠨᠳᠦᠰᠦᠲᠡᠨ ᠤ ᠵᠥᠪᠯᠡᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠭᠤᠷᠪᠠᠨ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠤᠯᠠᠭᠠᠨᠬᠠᠳᠠ ᠬᠤᠳᠠ ᠶᠢᠨ ᠠᠵᠢᠯ ᠤᠨ ᠲᠥᠰᠦᠯ ᠢ ᠲᠣᠭᠲᠠᠭᠠᠵᠤ᠂ ᠦᠨᠳᠦᠰᠦᠲᠡᠨ ᠤ ᠠᠵᠢᠯ ᠤᠨ ᠭᠤᠣᠯᠳᠠᠯᠭ᠎ᠠ ᠶᠢ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠪᠠᠭᠤᠯᠭᠠᠵᠤ᠂ ︽ᠨᠢᠭᠡ ᠭᠡᠷ ᠪᠦᠯᠢ ᠶᠢᠨ ᠬᠢᠨ ᠮᠡᠳᠦ ᠲᠤᠳᠤᠨᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ︾ ᠪᠣᠯᠤᠨ ︽ᠬᠤᠳᠠ ᠶᠢᠨ ᠦᠨᠳᠦᠰᠦᠲᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠭᠴᠠ︾ ᠶᠢᠨ ᠠᠵᠢᠯ ᠤᠨ ᠵᠠᠭᠪᠤᠷ ᠢ ᠭᠠᠷᠭᠠᠵᠤ᠂ ︽ᠬᠤᠳᠠ ᠶᠢᠨ ᠤᠯᠠᠭᠠᠨᠮᠥ᠋ᠴᠢᠷ︾ ᠤᠨ ᠠᠵᠢᠯ ᠤᠨ ᠨᠡᠷᠡᠲᠦ ᠲᠡᠮᠳᠡᠭ ᠢ ᠡᠭᠦᠳᠴᠦ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ︽ᠡᠯᠢᠭᠡ ᠨᠢᠭᠡᠲᠡᠨ︾  ᠢ ᠪᠠᠶᠢᠭᠤᠯᠵᠤ᠂ ᠦᠨᠳᠦᠰᠦᠲᠡᠨ ᠨᠦᠭᠦᠳ ᠬᠠᠷᠢᠯᠴᠠᠨ ᠰᠢᠭᠢᠳᠬᠡᠯᠳᠦ ᠮᠠᠶ᠋ᠢᠭ ᠢᠶᠠᠷ ᠬᠥᠭᠵᠢᠬᠦ ᠶᠢ ᠠᠬᠢᠭᠤᠯᠪᠠ᠃ ᠡᠭᠦᠳᠦᠨ ᠪᠠᠶᠢᠭᠤᠯᠬᠤ ᠠᠵᠢᠯ ᠤᠨ ᠠᠭᠤᠯᠤᠭᠳᠠᠬᠤᠨ ᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ᠣᠳᠣᠬᠠᠨ ᠳᠤ ᠪᠦᠬᠦ ᠬᠤᠲᠠ ᠶᠢᠨ ᠡᠭᠦᠳᠦᠨ ᠪᠠᠶᠢᠭᠤᠯᠬᠤ ᠠᠵᠢᠯ ᠤᠨ ᠪᠦᠷᠬᠦᠴᠡ ᠶᠢᠨ ᠨᠣᠷᠮ᠎ᠠ 100% ᠳᠤ ᠬᠦᠷᠴᠡᠢ᠃ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠰᠠᠶᠢᠰᠢᠶᠠᠯ ᠬᠦᠬᠢᠬᠦᠯᠦᠯ ᠢ ᠬᠦᠷᠳᠡᠵᠡᠢ᠃      ᠠᠭᠤᠰᠤᠯᠴᠠᠬᠤ ᠴᠢᠨᠠᠷᠲᠠᠢ ᠪᠠᠷ ᠠᠷᠠᠳ ᠲᠤ ᠠᠰᠢᠭ ᠬᠦᠷᠲᠡᠭᠡᠬᠦ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠠᠳᠬᠤᠨ ᠠᠷᠠᠳ ᠤᠨ ᠵᠣᠪᠠᠨᠢᠯ ᠢ ᠠᠷᠢᠯᠭᠠᠬᠤ ᠶᠢ ᠴᠢᠬᠤᠯᠠᠴᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠠᠴᠠ ᠲᠤᠬᠳᠠᠭᠠᠬᠰᠠᠨ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠪᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠣᠯᠭᠤᠭᠰᠠᠨ ᠠᠴᠢ ᠬᠤᠯᠪᠣᠭᠳᠠᠯ ᠢ ᠪᠠᠷᠢᠮᠲᠠᠯᠠᠵᠤ᠂ ᠡᠭᠦᠳᠦᠨ ᠪᠠᠶᠢᠭᠤᠯᠬᠤ ᠠᠵᠢᠯ ᠢ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠰᠠᠶᠢᠵᠢᠷᠠᠭᠤᠯᠬᠤ᠂ ᠨᠡᠶᠢᠭᠡᠮ ᠤᠨ ᠵᠠᠰᠠᠯᠲᠠ ᠵᠡᠷᠭᠡ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠲᠠᠯ᠎ᠠ ᠳᠤ ᠠᠭᠤᠰᠤᠯᠴᠠᠭᠤᠯᠪᠠ᠃ ᠦᠨᠳᠦᠰᠦᠲᠡᠨ ᠤ ᠬᠦᠷᠢᠶ᠎ᠡ ᠴᠠᠷᠠᠭᠠᠨ ᠤ ᠬᠠᠤᠯᠢ ᠴᠠᠭᠠᠵᠠ ᠬᠠᠤᠯᠢ ᠳᠦᠷᠢᠮ ᠢ ︽ᠨᠠᠢᠮᠠᠳᠤᠭᠠᠷ ᠲᠠᠪᠤᠨ ᠵᠢᠯ︾ ᠤᠨ ᠬᠠᠤᠯᠢ ᠶᠢ ᠲᠦᠭᠡᠮᠡᠯᠵᠢᠭᠦᠯᠬᠦ ᠲᠥᠯᠥᠪᠵᠢᠭᠦᠯᠭᠡ ᠳᠤ ᠪᠦᠬᠦ ᠲᠠᠯ᠎ᠠ ᠪᠠᠷ ᠣᠷᠣᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠢ ᠪᠣᠯᠭᠠᠵᠠᠢ᠃      ᠬᠠᠯᠬᠢᠯᠡᠨ ᠤᠷᠤᠰᠬᠤ ᠠᠭᠤᠳᠠᠮ ᠲᠡᠨᠢᠭᠡᠷ ᠲᠠᠯᠠᠢ ᠲᠠᠩᠭᠢᠰ ᠢᠶᠠᠷ ᠳᠠᠷᠪᠠᠭᠤᠯ ᠬᠡᠶᠢᠰᠬᠡᠨ ᠬᠤᠯᠠ ᠠᠶᠠᠯᠠᠬᠤ ᠴᠠᠭ ᠤᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠤᠯᠠᠭᠠᠨᠬᠠᠳᠠ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠤᠯᠠᠮ ᠴᠢᠨᠠᠬᠰᠢᠳᠠ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠬᠠᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠨᠠᠨᠳᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠤᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠤᠢᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠳᠤ ᠪᠠᠬᠢ ᠪᠤᠢ ᠪᠣᠯᠭᠠᠵᠤ᠂ ᠤᠮᠤᠭ ᠵᠤᠷᠢᠭ ᠪᠠᠳᠠᠷᠠᠩᠭᠤᠢ ᠪᠠᠷ ᠡᠷᠡᠮᠡᠭᠡᠶᠢᠯᠡᠨ ᠤᠷᠤᠬᠰᠢᠯᠠᠵᠤ᠂ ᠯᠠᠪᠳᠠᠭᠤᠨ ᠰᠢᠭᠤᠷᠬᠠᠢ ᠠᠵᠢᠯᠯᠠᠵᠤ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠃          ᠣᠷᠴᠢᠭᠤᠯᠤᠭᠴᠢ᠄ ᠣᠶᠤᠨᠴᠡᠴᠡᠭ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ