︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠢ ᠰᠡᠳᠦᠪᠲᠦ ᠲᠠᠶᠢᠯᠤᠮᠵᠢ︾᠄ ᠠᠵᠢᠯ ᠤᠨ ᠭᠤᠣᠯ ᠰᠢᠵᠢᠮ  ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯ ᠰᠡᠳᠦᠪᠲᠦ ᠬᠥᠮᠦᠵᠢᠯ ᠤᠨ ᠬᠦᠨᠵᠡᠭᠡᠶᠢᠷᠡᠨ ᠪᠤᠳᠠᠳᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠪᠠᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠤᠰᠬᠠᠢ ᠰᠡᠳᠦᠪᠲᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2023/5/17
      5 ᠳ᠋ᠤᠭᠠᠷ ᠰᠠᠷ᠎ᠠ ᠪᠣᠯ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠤᠰᠬᠠᠶ ᠰᠡᠳᠦᠪᠲᠦ ᠲᠠᠶᠢᠯᠤᠮᠵᠢ ᠶᠢ ᠬᠤᠶᠠᠷ ᠤᠳᠠᠭ᠎ᠠ ᠡᠷᠭᠢᠯᠡᠪᠡ᠃ ᠥᠪᠥᠷ ᠮᠣᠩᠭᠤᠯ ᠤᠨ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠳᠡᠳ᠋ ᠳᠠᠷᠤᠭ᠎ᠠ᠂ ᠬᠤᠶᠠᠳᠤᠭᠠᠷ ᠳᠡᠰ ᠤᠨ ᠫᠷᠦᠹᠧᠰᠰᠤᠷ ᠴᠧᠨ ᡁᠢ ᠪᠤᠯᠤᠨ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠦᠹᠧᠰᠰᠤᠷ ᠬᠤ᠋ ᠴᠢᠩ ᠡᠾᠦ᠋ᠢ ᠶᠢ ᠤᠷᠢᠵᠤ᠂ ᠲᠤᠰ ᠲᠤᠰ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠭᠦᠨᠵᠡᠭᠡᠢ ᠠᠭᠤᠯᠬᠤᠨ ᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠶ᠎ᠡ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠶ᠎ᠡ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠺᠠᠩ ᠢᠦᠶ ᠹᠸᠡᠭ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠨ ᠫᠢᠩ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ᠂ ᠦᠨᠳᠦᠰᠦᠲᠡᠨ ᠤ ᠵᠥᠪᠯᠡᠯ ᠤᠨ ᠪᠠᠶᠢᠭᠤᠯᠭ᠎ᠠ ᠵᠢᠴᠢ ᠵᠦᠪᠯᠡᠯ ᠤᠨ ᠬᠠᠷᠢᠶ᠎ᠠ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠵᠡᠢ᠃
微信图片_20230517112031.jpg     
      ᠴᠧᠨ ᡁᠢ ᠪᠤᠯᠤᠨ ᠬᠤ᠋ ᠴᠢᠩ ᠡᠾᠦ᠋ᠢ ᠬᠤᠶᠠᠷ ᠫᠷᠤᠹᠧᠰᠰᠤᠷ ᠤᠨ ᠬᠢᠭᠰᠡᠨ ᠲᠤᠰᠬᠠᠢ ᠰᠡᠳᠦᠪᠲᠦ ᠲᠠᠶᠢᠯᠤᠮᠵᠢ ᠪᠣᠯ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠡᠦᠬᠡ ᠰᠣᠶᠣᠯ ᠤᠨ ᠠᠭᠤᠯᠤᠭᠳᠠᠬᠤᠨ᠂ ᠦᠨᠳᠦᠰᠦᠨ ᠤᠨᠤᠯ ᠤᠨ ᠠᠭᠤᠯᠤᠭᠳᠠᠬᠤᠨ ᠪᠣᠯᠤᠨ ᠦᠷᠳᠡᠭ ᠤᠨ ᠤᠳᠤᠷᠢᠳᠤᠮᠵᠢ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠲᠠᠨᠢᠯᠴᠠᠭᠤᠯᠵᠤ᠂ ᠣᠳᠣᠬᠠᠨ ᠤ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠡᠭᠦᠷᠭᠡ ᠬᠠᠷᠢᠭᠤᠴᠠᠯᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠳᠤᠳᠬᠠᠬᠤ ᠲᠤᠬᠠᠢ ᠤᠨᠤᠯ ᠤᠨ ᠪᠣᠳᠣᠯᠬᠢᠯᠠᠯ ᠪᠠ ᠦᠢᠯᠡᠳᠦᠯᠭᠡ ᠶᠢᠨ ᠠᠷᠭ᠎ᠠ ᠵᠠᠮ ᠢ ᠭᠦᠨᠵᠡᠭᠡᠢ ᠵᠠᠳᠠᠯᠪᠠ᠃ ᠲᠤᠰᠬᠠᠢ ᠰᠡᠳᠦᠪᠲᠦ ᠲᠠᠶᠢᠯᠤᠮᠵᠢ ᠨᠢ ᠦᠨᠳᠦᠰᠦᠲᠡᠨ ᠤ ᠵᠥᠪᠯᠡᠯ ᠤᠨ ᠺᠠᠳ᠋ᠷ ᠠᠵᠢᠯᠳᠠᠨ ᠠᠵᠢᠯᠴᠢᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠴᠢᠭᠯᠡᠭᠦᠯᠵᠦ᠂ ᠡᠯᠪᠡᠭ ᠪᠠᠶᠠᠯᠢᠭ ᠨᠠᠷᠢᠨ ᠪᠣᠳᠠᠲᠠᠢ ᠲᠡᠦᠬᠡ ᠶᠢᠨ ᠪᠣᠳᠠᠲᠤ ᠶᠠᠪᠤᠳᠠᠯ᠂ ᠠᠮᠢᠳᠤᠯᠢᠭ ᠪᠣᠳᠠᠲᠠᠢ ᠨᠡᠶᠢᠲᠡᠯᠢᠭ ᠬᠡᠷᠡᠭ ᠤᠨ ᠵᠢᠱᠢᠶ᠎ᠡ᠂ ᠳᠥᠬᠦᠮ ᠣᠶᠢᠯᠠᠭᠠᠮᠵᠢᠲᠠᠢ ᠬᠡᠯᠡᠨ ᠤ ᠤᠷᠠᠯᠢᠭ ᠢᠶᠠᠷ ᠨᠠᠷᠢᠨ ᠲᠠᠶᠢᠯᠪᠤᠷᠢᠯᠠᠯᠳᠡ ᠬᠢᠪᠡ᠃ ᠬᠤᠶᠠᠷ ᠤᠳᠠᠭᠠᠨ ᠤ ᠲᠠᠶᠢᠯᠤᠮᠵᠢ ᠶᠢᠨ ᠭᠤᠤᠯ ᠰᠡᠳᠦᠪ ᠢᠯᠡ ᠲᠣᠳᠣ᠂ ᠯᠣᠭᠢᠭ ᠲᠤᠳᠤᠷᠬᠠᠢ᠂ ᠬᠠᠷᠠᠭᠠᠰᠤ ᠥᠷᠭᠡᠨ᠂ ᠲᠡᠦᠬᠡ ᠪᠠ ᠣᠨᠣᠯ ᠢ ᠤᠶᠠᠯᠳᠤᠭᠤᠯᠵᠦ᠂ ᠵᠢᠷᠤᠭ ᠦᠰᠦᠭ ᠢ ᠬᠤᠤᠰᠯᠠᠭᠤᠯᠤᠨ ᠨᠢᠭᠡᠳᠭᠡᠵᠦ᠂ ᠠᠭᠤᠯᠭ᠎ᠠ ᠨᠠᠷᠢᠨ ᠪᠣᠳᠠᠲᠠᠶ ᠪᠠᠶᠢᠵᠤ᠂ ᠦᠨᠳᠦᠰᠦᠲᠡᠨ ᠤ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠮᠠᠰᠢ ᠰᠠᠶᠢᠨ ᠰᠡᠩᠬᠡᠷᠡᠭᠦᠯᠦᠯ ᠪᠠ ᠲᠣᠯᠢᠯᠠᠬᠤ ᠠᠴᠢ ᠬᠤᠯᠪᠣᠭᠳᠠᠯ ᠲᠠᠢ ᠶᠤᠮ᠃
微信图片_20230517112035.jpg     
      ᠲᠠᠶᠢᠯᠤᠮᠵᠢ ᠶᠢ ᠰᠣᠨᠣᠰᠬᠤ ᠪᠠᠷ ᠳᠠᠮᠵᠢᠭᠠᠳ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠤᠯᠠᠮ ᠬᠦᠨᠵᠡᠭᠡᠢ ᠣᠶᠢᠯᠠᠭᠠᠨ ᠮᠡᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠠᠴᠢ ᠬᠤᠯᠪᠣᠭᠳᠠᠯ ᠢ ᠨᠠᠩ ᠭᠦᠨᠵᠡᠭᠡᠶ ᠲᠠᠨᠢᠵᠤ ᠤᠯᠪᠠ᠃ ᠲᠠᠷᠠᠭᠠᠴᠢ ᠶᠢᠨ ᠠᠯᠬᠤᠮ ᠳᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠡᠷᠡᠮᠡᠬᠡᠶᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠤᠯᠵᠤ᠂ ᠬᠦᠰᠡᠯᠡᠩ ᠢᠶᠠᠨ ᠪᠠᠳᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠦ᠂ ᠨᠠᠮ ᠳᠤ ᠪᠠᠨ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠢᠭᠡᠳᠦᠯᠲᠡᠶ ᠦᠵᠡᠯ ᠰᠠᠨᠠᠭ᠎ᠠ᠂ ᠡᠷᠡᠰ ᠪᠠᠲᠤ ᠵᠣᠷᠢᠭ ᠰᠠᠨᠠᠭ᠎ᠠ᠂ ᠵᠣᠬᠢᠴᠠᠩᠭᠤᠶ ᠠᠵᠢᠯᠯᠠᠭ᠎ᠠ᠂ ᠬᠦᠴᠦᠷᠬᠡᠭ ᠶᠡᠭᠡ ᠳᠠᠶᠢᠴᠢᠨ ᠬᠦᠴᠦᠨ ᠢᠶᠠᠷ ᠢᠶᠠᠨ ᠰᠤᠷᠤᠯᠴᠠᠯᠭ᠎ᠠ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠦᠨᠳᠦᠰᠦᠲᠡᠨ ᠤ ᠵᠥᠪᠯᠡᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠣᠯᠠᠨ ᠢᠶᠠᠷ ᠢᠶᠠᠨ ᠢᠯᠡᠷᠬᠡᠶᠢᠯᠡᠵᠡᠭᠡᠪᠡ᠃
微信图片_20230517112039.jpg
               ᠣᠷᠴᠢᠭᠤᠯᠤᠭᠴᠢ᠄ ᠣᠶᠤᠨᠴᠡᠴᠡᠭ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ