ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶᠠᠨ ᠤ ᠨᠠᠮ ᠤᠨ | ᠡᠭᠦᠷ ᠬᠢᠭᠡᠳ ᠥᠪᠥᠷ ᠮᠣᠩᠭᠤᠯ ᠤᠨ ᠲᠠᠩᠰᠠ ᠡᠪᠬᠡᠮᠡᠯ ᠤᠨ ᠰᠠᠩ ᠤᠨ ᠴᠤᠭᠯᠠᠭᠤᠯᠤᠨ ᠡᠮᠬᠢᠳᠬᠡᠬᠦ ᠬᠤᠶᠠᠳᠤᠭᠠᠷ ᠭᠠᠵᠠᠷ ᠤᠨ ᠨᠠᠮ ᠤᠨ ᠡᠭᠦᠷ᠂ ᠡᠬᠢ ᠪᠠᠶᠠᠯᠢᠭ ᠤᠨ | ᠬᠠᠮᠢᠶᠠᠷᠤᠯᠲᠠ ᠶᠢᠨ ᠭᠠᠵᠠᠷ ᠤᠨ ᠨᠠᠮ ᠤᠨ ᠡᠭᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠡᠷᠡᠭᠦᠯᠵᠢᠯ ᠤᠨ ᠲᠤᠰᠠᠯᠠᠬᠤ ᠪᠠᠭᠠᠵᠢ | ᠬᠡᠷᠡᠭᠰᠡᠯ ᠤᠨ ᠲᠥᠪ ︵ᠨᠡᠶᠢᠭᠡᠮ ᠰᠡᠳᠬᠦᠯ ᠤᠨ ᠬᠤᠷᠢᠶ᠎ᠠ︶ ᠤᠨ ᠨᠠᠮ ᠤᠨ ᠡᠭᠦᠷ ᠵᠡᠷᠭᠡ 4 ᠨᠠᠮ ᠤᠨ ᠡᠭᠦᠷ ᠬᠠᠮᠲᠤᠷᠠᠨ ︽ᠨᠠᠮ ᠤᠨ ᠪᠠᠶᠢᠭᠤᠯᠤᠯᠲᠠ ᠪᠠᠷ | ᠲᠤᠬᠠᠶᠢᠯᠠᠭᠰᠠᠨ ᠠᠵᠢᠯ ᠢᠶᠠᠨ ᠠᠬᠢᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠭᠦᠨᠵᠡᠭᠡᠶ ᠤᠬᠠᠭᠤᠯᠤᠨ ᠲᠤᠭᠤᠰᠢᠯᠠᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | | ᠲᠤᠰ ᠤᠳᠠᠭᠠᠨ ᠤ ᠬᠠᠮᠲᠤᠷᠠᠭᠰᠠᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠪᠥᠷ ᠮᠣᠩᠭᠤᠯ ᠤᠨ ᠲᠠᠩᠰᠠ ᠡᠪᠬᠡᠮᠡᠯ ᠤᠨ ᠰᠠᠩ ᠤᠨ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠴᠤᠬᠯᠠᠭᠤᠯᠤᠨ ᠡᠮᠬᠢᠳᠭᠡᠬᠦ ᠬᠤᠶᠠᠳᠤᠭᠠᠷ ᠭᠠᠵᠠᠷ ᠤᠨ ᠳᠠᠷᠤᠭ᠎ᠠ ᠮᠥᠷᠡᠨ ᠨᠥᠬᠦᠷ ᠡᠷᠬᠢᠯᠡᠵᠥ᠂ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠨᠠᠮ ᠤᠨ ᠡᠭᠦᠷ ᠤᠨ ᠱᠦᠵᠢ ᠰᠣᠩᠭᠤᠳᠠᠭ ᠵᠣᠬᠢᠶᠠᠯ ᠢ ᠳᠠᠭᠠᠭᠤᠯᠤᠨ ᠰᠤᠷᠤᠯᠴᠠᠬᠤ᠂ ᠨᠠᠮ ᠤᠨ ᠭᠡᠰᠢᠭᠦᠨ | ᠺᠠᠳ᠋ᠷᠴᠤᠳ ᠪᠤᠳᠤᠯ ᠰᠠᠨᠠᠯ ᠢᠶᠠᠨ ᠰᠣᠯᠢᠯᠴᠠᠵᠤ ᠰᠤᠳᠤᠯᠤᠨ ᠰᠤᠷᠤᠯᠴᠠᠬᠤ ᠪᠠ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠵᠡᠷᠭᠡ ᠬᠡᠯᠪᠡᠷᠢ ᠪᠠᠷ ᠶᠠᠪᠤᠭᠳᠠᠭᠤᠯᠪᠠ᠃ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠤᠨ ᠳᠠᠷᠤᠭ᠎ᠠ ᠱᠢ ᠨᠢᠶᠠᠨ ᠵᠢᠶᠦ᠋ᠨ ᠨᠥᠬᠦᠷ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ︵ᠬᠤᠶᠠᠳᠤᠭᠠᠷ ᠪᠤᠳᠢ︶ | ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ︾ ᠭᠡᠬᠦ ᠲᠤᠰᠬᠠᠢ | ᠰᠡᠳᠦᠪᠲᠦ ᠵᠣᠬᠢᠶᠠᠯ ᠢ ᠳᠠᠭᠠᠭᠤᠯᠤᠨ ᠰᠤᠷᠤᠯᠴᠠᠪᠠ︔ ᠣᠷᠣᠨ ᠨᠤᠲᠤᠭ ᠤᠨ ᠦᠨᠳᠦᠰᠦᠲᠡᠨ ᠤ ᠬᠡᠯᠡ ᠪᠢᠴᠢᠭ ᠰᠡᠳᠬᠦᠯ ᠤᠨ ᠬᠤᠷᠢᠶ᠎ᠠ᠂ ᠨᠡᠶᠢᠭᠡᠮ ᠰᠡᠳᠬᠦᠯ ᠤᠨ | ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠰᠠᠩ ᠳᠤ ᠥᠩᠭᠡᠷᠡᠭᠰᠡᠨ ᠵᠢᠯ ᠤᠳ ᠤᠨ ᠰᠡᠳᠬᠦᠯ ᠤᠨ ᠨᠡᠶᠢᠯᠡᠬᠦᠯᠦᠭᠰᠡᠨ | ᠳᠡᠪᠲᠡᠷ ᠢ ᠬᠠᠨᠳᠢᠪᠯᠠᠪᠠ︔ ᠪᠥᠬᠦ ᠨᠠᠮ ᠤᠨ ᠭᠡᠰᠢᠭᠦᠨ ᠺᠠᠳ᠋ᠷᠴᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾ ᠢ ᠬᠠᠮᠲᠤ ᠪᠠᠷ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠰᠠᠩ ᠤᠨ ᠲᠡᠦᠬᠡ ᠶᠢᠨ ᠲᠠᠮᠠᠭ᠎ᠠ ᠶᠢᠨ | ᠦᠵᠡᠰᠬᠦᠯᠡᠩ᠂ ᠠᠲᠠᠷ ᠬᠠᠭᠠᠯᠪᠤᠷᠢᠯᠠᠯᠲᠠ ᠶᠢᠨ ᠶᠠᠪᠤᠳᠠᠯ ᠤᠨ ᠲᠠᠩᠰᠠ ᠡᠪᠬᠡᠮᠡᠯ ᠤᠨ ᠦᠵᠡᠰᠬᠦᠯᠡᠩ ᠢ ᠲᠣᠭᠤᠷᠢᠨ ᠦᠵᠡᠪᠡ᠃ | | ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠠᠳ᠂ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ | ᠪᠤᠯᠬᠤ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠪᠠ᠃ ᠨᠠᠮ ᠤᠨ ᠭᠡᠰᠢᠭᠦᠳ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ | ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠶᠢ ᠦᠷᠭᠦᠯᠵᠢᠯᠡᠨ ᠴᠢᠩᠭᠠᠳᠬᠠᠵᠤ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ | ᠣᠶᠢᠯᠠᠭᠠᠬᠤ᠂ ᠮᠡᠳᠡᠬᠦᠢ ᠬᠢᠬᠦᠢ ᠪᠠᠨ ᠨᠢᠭᠡᠳᠬᠡᠵᠦ᠂ ᠦᠵᠡᠯ ᠰᠠᠨᠠᠭ᠎ᠠ ᠤᠨᠤᠯ ᠪᠣᠯᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | | | | | ᠣᠷᠴᠢᠭᠤᠯᠤᠭᠴᠢ᠄ ᠣᠶᠤᠨᠴᠡᠴᠡᠭ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |