ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠪᠣᠯᠤᠨ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠡᠪᠯᠡᠯ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ | ᠰᠢᠵᠢᠮ ᠢ ᠴᠢᠩᠭ᠎ᠠ ᠠᠳᠬᠤᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠬᠠᠮᠲᠤᠷᠠᠨ | ᠥᠷᠨᠢᠭᠦᠯᠤᠭ᠍ᠰᠡᠨ ᠪᠠᠶᠢᠨ᠎ᠠ᠃ | | ᠰᠤᠷᠤᠯᠴᠠᠨ ᠤᠬᠠᠭᠤᠯᠬᠤ ᠠᠵᠢᠯᠯᠠᠭ᠎ᠠ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ | ᠬᠡᠷᠡᠭᠵᠢᠭᠦᠯᠬᠦ ᠠᠷᠭ᠎ᠠ︾ ᠶᠢ ᠲᠤᠭᠤᠷᠪᠢᠬᠤ ᠲᠤᠰᠬᠠᠶ ᠠᠩᠭᠢ ᠶᠢᠨ ᠳᠤᠭᠤᠶᠢᠯᠠᠩ ᠤᠨ ᠳᠠᠷᠤᠭ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ | ᠰᠢᠤᠢ ᠶᠢᠨ ᠢ ᠤᠷᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠤᠬᠠᠢ ᠲᠤᠰᠬᠠᠢ ᠲᠠᠶᠢᠯᠤᠮᠵᠢ ᠬᠢᠯᠭᠡᠪᠡ᠃ ᠰᠢᠤᠢ ᠶᠢᠨ ᠫᠷᠤᠹᠧᠰᠰᠤᠷ ᠠᠬᠤᠢ | ᠪᠠᠶᠢᠳᠠᠯ᠂ ᠠᠭᠤᠯᠭ᠎ᠠ ᠵᠢᠴᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠬᠤᠯᠠ ᠦᠢᠯᠡᠳᠦᠯ ᠵᠡᠷᠭᠡ ᠶᠢᠨ ᠲᠤᠬᠠᠢ ᠪᠦᠬᠦ ᠲᠠᠯ᠎ᠠ ᠪᠠᠷ᠂ | ᠤᠯᠠᠨ ᠬᠠᠷᠠᠭᠠᠰᠤ ᠠᠴᠠ᠂ ᠭᠦᠨ ᠳᠠᠪᠬᠤᠷᠭ᠎ᠠ ᠪᠦᠬᠦᠢ ᠨᠠᠷᠢᠨ ᠲᠠᠶᠢᠯᠤᠮᠵᠢ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ ᠤᠯᠠᠨ ᠢᠶᠠᠷ ᠢᠶᠠᠨ | ᠪᠦᠬᠦ ᠲᠠᠯ᠎ᠠ ᠪᠠᠷ ᠤᠶᠢᠯᠠᠭᠠᠵᠤ᠂ ᠤᠨᠤᠪᠴᠢᠳᠠᠢ ᠡᠵᠡᠮᠰᠢᠵᠦ᠂ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ᠃ | ᠲᠠᠶᠢᠯᠤᠮᠵᠢ ᠶᠢ ᠰᠤᠨᠤᠰᠬᠤ ᠪᠠᠷ ᠲᠠᠮᠵᠢᠭᠠᠳ᠂ ᠤᠯᠠᠨ ᠢᠶᠠᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠦ᠂ ᠴᠥᠭᠡᠨ ᠲᠣᠭᠠᠲᠤ ᠦᠨᠳᠦᠰᠦᠲᠡᠨ ᠤ | ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ ᠶᠢ ᠬᠦᠨᠳᠦᠳᠬᠡᠨ ᠪᠠᠲᠤᠯᠠᠬᠤ ᠪᠣᠯ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ᠂ ᠤᠯᠤᠰ ᠤᠨ ᠠᠮᠤᠷ ᠲᠦᠪᠰᠢᠨ ᠪᠠ ᠨᠢᠭᠡᠳᠦᠯ ᠢ ᠬᠠᠮᠠᠭᠠᠯᠠᠬᠤ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ ᠪᠤᠯᠬᠤ ᠪᠦᠭᠡᠳ | ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠳᠤᠳᠬᠠᠬᠤ ᠠᠷᠭ᠎ᠠ ᠬᠡᠮᠵᠢᠶ᠎ᠡ ᠪᠤᠯᠤᠨ᠎ᠠ ᠭᠡᠳᠡᠭ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠨᠡᠨ ᠬᠦ ᠰᠡᠳᠬᠢᠯ ᠳᠤ ᠪᠠᠨ ᠰᠢᠩᠭᠡᠭᠡᠵᠦ᠂ ᠦᠢᠯᠡ ᠠᠵᠢᠯᠯᠠᠭ᠎ᠠ ᠪᠠᠷ ᠢᠶᠠᠨ ᠬᠦᠢᠴᠡᠳᠭᠡᠵᠦ᠂ ᠭᠤᠶᠢᠪᠢᠰᠢ ᠦᠭᠡᠢ ᠪᠠᠷ ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ ᠭᠡᠵᠦ ᠢᠯᠡᠳᠬᠡᠵᠡᠭᠡᠪᠡ᠃ | ᠰᠤᠷᠤᠯᠴᠠᠨ ᠤᠬᠠᠭᠤᠯᠬᠤ ᠠᠵᠢᠯᠯᠠᠭ᠎ᠠ ᠶᠢᠨ ᠲᠤᠮᠳᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠤᠭᠴᠢᠳ ᠲᠤ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠨ | ᠦᠭᠴᠡᠢ᠃ | | | | | | ᠣᠷᠴᠢᠭᠤᠯᠤᠭᠴᠢ᠄ ᠣᠶᠤᠨᠴᠡᠴᠡᠭ | ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ | ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ | |