ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠢᠨ ︽ᠤᠮᠠᠷᠠᠲᠤ ᠬᠢᠯᠢ ᠶᠢᠨ ᠰᠦᠯᠵᠢᠶᠡᠨ ᠳᠡᠭᠡᠷᠡᠬᠢ ᠶᠠᠷᠢᠶᠠᠨ ᠤ ᠲᠠᠪᠴᠠᠩ︾ ᠤᠨ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/5/19
      5 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠪᠠᠶᠢᠭᠤᠯᠭ᠎ᠠ ᠵᠢᠴᠢ ᠵᠦᠪᠯᠡᠯ ᠤᠨ ᠬᠠᠷᠢᠶ᠎ᠠ ᠨᠢᠭᠡᠴᠢ ᠶᠢᠨ ᠺᠠᠳ᠋ᠷᠴᠤᠳ ᠢ ᠵᠤᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠡᠷᠭᠢᠯᠡᠭᠰᠡᠨ ︽ᠤᠮᠠᠷᠠᠲᠤ ᠬᠢᠯᠢ ᠶᠢᠨ ᠰᠦᠯᠵᠢᠶᠡᠨ ᠳᠡᠭᠡᠷᠡᠬᠢ ᠶᠠᠷᠢᠶᠠᠨ ᠤ ᠲᠠᠪᠴᠠᠩ︾ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠨᠢᠭᠡᠳᠦᠯᠲᠡᠢ ᠣᠷᠣᠯᠴᠠᠭᠤᠯᠪᠠ᠃
W020230517339424819017.jpg
      ᠰᠢᠭᠤᠳ ᠨᠡᠪᠲᠡᠷᠡᠭᠦᠯᠭᠡ ᠶᠢᠨ ᠬᠢᠴᠢᠶᠡᠯ ᠳᠡᠭᠡᠷ᠎ᠡ᠂ ᠲᠥᠪ ᠤᠨ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠺᠠᠳ᠋ᠷ ᠤᠨ ᠰᠤᠳᠤᠯᠤᠯ ᠤᠨ ᠲᠥᠪ ᠤᠨ ᠡᠷᠬᠢᠯᠡᠭᠴᠢ᠂ ᠫᠷᠤᠹᠧᠰᠰᠤᠷ ᠯᠢᠦ ᠪᠦᠦ ᠮᠢᠩ ︽ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ — ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠪᠦᠷᠢᠯᠳᠦᠯ᠂ ᠠᠭᠤᠯᠤᠭᠳᠠᠬᠤᠨ᠂ ᠲᠡᠦᠬᠡᠨ ᠪᠠᠶᠢᠷᠢ ᠰᠠᠭᠤᠷᠢ᠂ ᠦᠢᠯᠡᠳᠦᠯᠭᠡ ᠶᠢᠨ ᠱᠠᠭᠠᠷᠳᠠᠯᠭ᠎ᠠ ᠪᠣᠯᠤᠨ ᠰᠤᠷᠤᠯᠴᠠᠬᠤ ᠠᠷᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ︽ᠠᠷᠪᠠᠨ ᠬᠤᠶᠠᠷ ᠡᠷᠬᠡᠪᠰᠢ︾ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠭᠤᠣᠯ ᠶᠣᠰᠣ ᠤᠴᠢᠷ ᠵᠡᠷᠭᠡ ᠠᠭᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠵᠠᠢ᠃      ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ᠂ ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠤᠨ ᠭᠤᠤᠯᠳᠠᠯᠭ᠎ᠠ ᠨᠢ ᠲᠣᠪᠤᠶᠢᠮ᠎ᠠ᠂ ᠠᠭᠤᠯᠭ᠎ᠠ ᠨᠢ ᠨᠠᠷᠢᠨ ᠪᠣᠳᠠᠲᠠᠶ᠂ ᠵᠠᠳᠠᠯᠤᠯᠲᠠ ᠨᠢ ᠲᠤᠭᠤᠰᠢᠳᠠᠢ᠂ ᠡᠨᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠳᠡᠢ ᠦᠵᠡᠵᠡᠭᠡᠪᠡ᠃         ᠣᠷᠴᠢᠭᠤᠯᠤᠭᠴᠢ᠄ ᠣᠶᠣᠨᠴᠡᠴᠡᠭ         ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ         ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠠᠵᠢᠯᠲᠠᠨ ᠤ ᠶᠠᠪᠤᠳᠠᠯ ᠤᠨ ᠭᠠᠵᠠᠷ