ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠭᠡᠰᠢᠭᠦᠨ ᠺᠠᠳ᠋ᠷᠴᠤᠳ ᠬᠠᠮᠲᠤ ᠪᠠᠷ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠰᠢᠨ᠎ᠠ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠶ᠎ᠠ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠤᠶ᠎ᠠ︾ ᠭᠡᠬᠦ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2023/5/19
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ 5  ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠥᠬᠦ ᠪᠦᠷᠢᠯᠳᠦᠬᠦᠨ ᠪᠣᠯᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠬᠡᠰᠢᠭᠦᠨ ᠺᠠᠳ᠋ᠷᠴᠤᠳ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠰᠢᠨ᠎ᠠ ᠠᠶᠠᠨ ᠵᠠᠮ ᠳᠤ ᠡᠷᠡᠮᠡᠬᠡᠶᠢᠯᠡᠨ ᠤᠷᠤᠭᠰᠢᠯᠠᠶ᠎ᠠ — ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠤᠶ᠎ᠠ︾ ᠭᠡᠬᠦ ᠭᠤᠤᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ᠃ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ᠂ ᠳᠡᠳ᠋ ᠳᠤᠭᠤᠶᠢᠯᠠᠩ ᠤᠨ ᠳᠠᠷᠤᠭ᠎ᠠ ᠮᠠ ᠴᠧᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠠᠵᠢᠯᠯᠠᠭ᠎ᠠ ᠳᠤ ᠣᠷᠣᠯᠴᠠᠵᠠᠢ᠃
W020230517342574743380.jpg     
       ᠭᠤᠣᠯ ᠰᠡᠳᠦᠪᠲᠦ ᠦᠵᠡᠭᠦᠯᠭᠡ ᠨᠢ ︽ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ︾᠂ ︽ᠠᠭᠤᠤ ᠶᠡᠭᠡ ᠲᠤᠭ ᠢ ᠥᠨᠳᠥᠷᠮᠠᠨᠳᠤᠭᠤᠯᠤᠶ᠎ᠠ︾᠂ ︽ᠰᠢᠨ᠎ᠡ ᠬᠠᠭᠤᠳᠠᠰᠤ ᠶᠢ ᠪᠢᠴᠢᠭᠯᠡᠶ᠎ᠡ︾ ᠵᠡᠷᠭᠡ 3 ᠬᠡᠰᠡᠭ ᠢᠶᠠᠷ ᠪᠦᠷᠢᠯᠳᠦᠵᠦ᠂ 200 ᠭᠠᠷᠤᠢ ᠵᠢᠷᠤᠭ ᠬᠦᠰᠦᠨᠦᠭᠲᠦ᠂ 46 ᠬᠤᠪᠢ ︵ᠢᠵᠢ︶ ᠦᠵᠡᠭᠦᠯᠭᠡ ᠶᠢᠨ ᠵᠠᠭᠪᠤᠷ᠂ 8 ᠸᠢᠳᠢᠣ᠋ ᠵᠢᠴᠢ ᠬᠡᠰᠡᠭ ᠲᠠᠯ᠎ᠠ ᠶᠢᠨ ᠦᠵᠡᠭᠳᠡᠯ ᠵᠡᠷᠭᠡ ᠶᠢ ᠠᠰᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠤᠰᠤᠳᠴᠢ ᠪᠥᠭᠡᠳ ᠠᠮᠢᠳᠤᠯᠢᠭ ᠢᠶᠠᠷ ᠲᠠᠶᠢᠯᠪᠤᠷᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠴᠢ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠵᠢᠴᠢ ᠥᠪᠥᠷ ᠮᠣᠩᠭᠤᠯ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠪᠣᠯᠤᠨ ᠪᠣᠳᠠᠲᠤ ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠢᠯᠡᠷᠡᠭᠦᠯᠪᠡ᠃
W020230517342574751860.jpg     
      ᠲᠤᠰ ᠤᠳᠠᠭᠠᠨ ᠤ ᠦᠵᠡᠭᠦᠯᠭᠡ ᠨᠢ ᠡᠯᠪᠡᠭ ᠪᠠᠶᠠᠯᠢᠭ ᠸᠢᠳᠢᠣ᠋᠂ ᠭᠡᠷᠡᠯ ᠵᠢᠷᠤᠭ᠂ ᠲᠤᠭ᠎ᠠ ᠪᠠᠷᠢᠮᠲᠠ ᠪᠠᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠡᠳᠬᠢᠯ ᠵᠢᠷᠦᠬᠡ ᠪᠠᠨ ᠨᠠᠮ ᠳᠤ ᠪᠠᠨ ᠵᠤᠷᠢᠭᠤᠯᠬᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠠᠮᠢᠳᠤᠯᠢᠭ ᠦᠢᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ  ᠪᠠᠷ᠂ ᠠᠮᠢᠳᠤᠯᠢᠭ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠡᠴᠡᠭᠯᠡᠨ ᠬᠥᠭᠵᠢᠭᠰᠡᠨ  ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠲᠣᠭᠤᠷᠢᠨ ᠦᠵᠡᠭᠴᠢᠳ ᠲᠤ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ ᠥᠭᠪᠡ᠃ ᠣᠯᠠᠨ ᠢᠶᠠᠷ  ᠢᠶᠠᠨ ᠦᠵᠡᠬᠦᠯᠭᠡ ᠶᠢᠨ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂ ᠨᠢᠮᠪᠠᠢ ᠦᠵᠡᠵᠦ ᠬᠠᠷᠢᠯᠴᠠᠨ ᠦᠵᠡᠯ ᠰᠠᠨᠠᠭ᠎ᠠ ᠪᠠᠨ ᠰᠣᠯᠢᠯᠴᠠᠪᠠ᠃ ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠦᠵᠡᠭᠦᠯᠭᠡ ᠶᠢ ᠲᠣᠭᠤᠷᠢᠨ ᠦᠵᠡᠭᠰᠡᠨ ᠪᠦᠬᠦ ᠨᠠᠮ ᠤᠨ ᠭᠡᠰᠢᠭᠦᠨ ᠲᠠᠩᠭᠠᠷᠢᠭᠯᠠᠬᠤ ᠶᠡᠭᠡ ᠲᠢᠩᠬᠢᠮ ᠳᠤ ᠣᠷᠣᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠬᠠᠮᠲᠤ ᠪᠠᠷ ᠲᠠᠬᠢᠨ ᠤᠩᠰᠢᠵᠦ ᠳᠠᠩᠭᠠᠷᠢᠭᠯᠠᠪᠠ᠃ ᠲᠠᠩᠭᠠᠷᠢᠭᠯᠠᠬᠤ ᠪᠠᠷ ᠳᠠᠮᠵᠢᠭᠤᠯᠤᠨ᠂ ᠲᠤᠬᠠᠢ ᠶᠢᠨ ᠲᠠᠯᠠᠪᠠᠢ ᠳᠤ ᠪᠠᠶᠢᠭᠰᠠᠨ ᠨᠥᠬᠦᠳ ᠨᠢᠭᠡᠪᠦᠷᠢ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠬᠦᠮᠦᠵᠢᠯ ᠤᠨ ᠬᠦᠷᠳᠡᠭᠡᠯ ᠢ ᠬᠦᠷᠲᠡᠭᠡᠪᠡ᠃
W020230517342574762544.jpg     
       ᠣᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠠᠵᠢᠯ ᠬᠢᠵᠦ ᠦᠢᠯᠡᠰ ᠪᠤᠰᠬᠠᠬᠤ ᠳᠤ ᠪᠠᠨ ᠮᠣᠩᠭᠤᠯ ᠮᠣᠷᠢ ᠰᠢᠭ᠋ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ ᠲᠠᠢ᠂ ᠵᠣᠷᠢᠯᠭ᠎ᠠ ᠳᠤ ᠪᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠲᠡᠮᠡᠴᠡᠯ  ᠤᠨ ᠵᠣᠷᠢᠭ ᠰᠠᠨᠠᠭ᠎ᠠ ᠲᠠᠢ ᠪᠠᠶᠢᠬᠤ ᠶᠢ  ᠬᠦᠰᠡᠨ ᠨᠠᠶᠢᠳᠠᠪᠠ᠃ ᠦᠨᠳᠦᠰᠦᠲᠡᠨ ᠤ ᠠᠵᠢᠯ ᠤᠨ ᠺᠠᠳ᠋ᠷ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠢ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ  ᠪᠠᠷᠢᠮᠳᠠᠯᠠᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠱᠠᠭᠠᠷᠳᠠᠯᠭ᠎ᠠ ᠶᠢ ᠰᠤᠷᠤᠯᠴᠠᠵᠤ ᠲᠤᠭᠤᠰᠢᠯᠠᠭᠤᠯᠬᠤ ᠲᠠᠢ ᠪᠠᠷᠢᠮᠵᠢᠶᠠᠯᠠᠨ ᠬᠠᠷᠭᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠦᠨᠳᠦᠰᠦᠲᠡᠨ ᠤ ᠵᠥᠪᠯᠡᠯ ᠤᠨ ᠰᠢᠨ᠎ᠡ ᠬᠤᠪᠢ ᠨᠡᠮᠡᠷᠢ ᠪᠠᠨ  ᠭᠠᠷᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ  ᠦᠷᠭᠡᠳᠭᠡᠨ᠎ᠠ ᠭᠡᠵᠦ ᠢᠯᠡᠳᠭᠡᠵᠡᠭᠡᠪᠡ᠃      ᠵᠢᠯᠣᠭᠤᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠦᠬᠦ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠪᠠ᠃               ᠣᠷᠴᠢᠭᠤᠯᠤᠭᠴᠢ᠄ ᠴᠣᠭᠵᠢᠯᠮ᠎ᠠ         ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ         ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ