ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠦᠵᠡᠭᠦᠯᠭᠡ ᠶᠢᠨ ᠬᠤᠷᠠᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠳᠤ ᠬᠤᠷᠠᠯᠳᠤᠪᠠ
ᠨᠡᠶᠢᠲᠡᠯᠡᠭᠰᠡᠨ ᠴᠠᠭ᠄
2023/5/19
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠦᠨᠵᠡᠭᠡᠶᠢᠷᠡᠨ ᠪᠤᠳᠠᠳᠠᠶᠢᠵᠢᠬᠤ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠪᠤᠢ ᠪᠣᠯᠭᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠦᠵᠡᠭᠦᠯᠭᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠠᠩ ᠠᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠡᠯ᠎ᠡ ᠨᠢᠭᠡᠴᠢ ᠶᠢᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠳᠦ ᠳᠡᠳ᠋ ᠱᠦᠵᠢ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
W020230518295564731903.jpg
      ᠬᠤᠷᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠦᠨᠳᠦᠰᠦᠲᠡᠨ ᠤ ᠠᠵᠢᠯ ᠤᠨ ᠮᠡᠳᠡᠭᠡ ᠵᠠᠩᠬᠢᠴᠢᠯᠠᠯᠳᠠ ᠶᠢᠨ ᠦᠵᠡᠭᠦᠯᠭᠡ ᠶᠢᠨ ᠲᠢᠩᠬᠢᠮ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠭᠰᠠᠭᠠᠯ ᠤᠨ ᠭᠠᠵᠠᠷ ᠢ ᠲᠤᠬᠠᠶ ᠶᠢᠨ ᠭᠠᠵᠠᠷ ᠲᠤ ᠲᠣᠭᠤᠷᠢᠨ ᠦᠵᠡᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠠᠮᠲᠤ ᠪᠠᠷ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠣᠷᠣᠨ ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠤᠨ ᠬᠢᠨ ᠲᠣᠰ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ ᠪᠠᠷ ᠵᠢᠯᠣᠭᠤᠳᠣᠯᠭ᠎ᠠ ᠪᠣᠯᠭᠠᠵᠤ᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠪᠠᠷ ᠲᠤᠯᠭᠠᠭᠤᠷᠢᠯᠠᠯ ᠪᠤᠯᠭᠠᠵᠤ᠂ ᠵᠢᠷᠤᠮᠵᠢᠭᠰᠠᠨ ᠬᠠᠮᠢᠶᠠᠷᠤᠯᠲᠠ᠂ ᠴᠢᠬᠡᠴᠢ ᠵᠠᠰᠠᠭ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠳᠡᠭᠡᠭᠰᠢᠯᠡᠯᠲᠡ᠂ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠵᠤ᠂ ᠬᠡᠰᠡᠭ ᠨᠢᠭᠡᠴᠢ ᠶᠢᠨ ᠬᠤᠷᠠᠯ ᠳᠤ ᠣᠷᠣᠯᠴᠠᠭᠰᠠᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠭᠰᠠᠨ ᠪᠦᠭᠡᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠰᠠᠬᠢᠯᠭ᠎ᠠ ᠪᠠᠲᠤ ᠶᠢ ᠵᠥᠷᠢᠴᠡᠭᠰᠡᠨ ᠬᠤᠯᠪᠣᠭᠳᠠᠯ ᠪᠥᠬᠦᠶ ᠬᠡᠷᠡᠭ ᠤᠨ ᠪᠠᠶᠢᠳᠠᠯ ᠢ ᠵᠠᠷᠯᠠᠨ ᠮᠡᠳᠡᠭᠳᠡᠪᠡ᠃
W020230518295564735914.jpg
      ᠬᠤᠷᠠᠯ ᠠᠴᠠ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ ᠨᠢᠭᠡᠳᠦᠮᠡᠯ ᠹᠷᠣᠨᠲ ᠤᠨ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠠᠭ ᠢᠮᠠᠭᠲᠠ ᠵᠣᠭᠰᠣᠯ ᠦᠭᠡᠢ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠪᠣᠳᠠᠲᠤ ᠲᠤᠯᠭᠠᠮ ᠲᠥᠷᠥᠭᠳᠡᠯ ᠢᠶᠠᠨ ᠴᠢᠨᠠᠭᠰᠢᠳᠠ ᠴᠢᠩᠭᠠᠳᠬᠠᠵᠤ᠂ ᠨᠢᠭᠡᠳᠦᠮᠡᠯ ᠹᠷᠣᠨᠲ ᠤᠨ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠭᠦᠨᠵᠡᠭᠡᠢ ᠤᠢᠢᠯᠠᠭᠠᠨ ᠡᠵᠡᠮᠰᠢᠵᠦ᠂ ᠳᠠᠯᠳᠠ ᠠᠶᠤᠯ ᠲᠦᠭᠰᠢᠭᠦᠷᠢ ᠬᠡᠮ ᠰᠣᠭᠤᠭ ᠢ ᠰᠡᠷᠭᠡᠭ ᠢᠶᠠᠷ ᠨᠡᠪᠲᠡ ᠠᠵᠢᠭᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡᠳᠦᠮᠡᠯ ᠹᠷᠣᠨᠲ ᠤᠨ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠥᠬᠦᠷᠡᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠨᠢᠭᠡᠳᠦᠮᠡᠯ ᠹᠷᠣᠨᠲ ᠤᠨ ᠰᠢᠰᠲ᠋ᠧᠮ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠤ᠂ ᠭᠤᠤᠯ ᠰᠡᠳᠦᠪᠲᠦ ᠬᠥᠮᠦᠵᠢᠯ ᠤᠨ ᠬᠠᠷᠠᠯᠲᠠ ᠡᠭᠦᠷᠭᠡ ᠶᠢ ᠲᠣᠭᠲᠠᠭᠠᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠬᠦᠨᠵᠡᠭᠡᠶᠢᠷᠡᠬᠦᠯᠵᠦ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠢᠭᠡᠳᠦᠮᠡᠯ ᠹᠷᠣᠨᠲ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠬᠦᠯᠬᠦ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠱᠠᠭᠠᠷᠳᠠᠵᠠᠢ᠃            ᠣᠷᠴᠢᠭᠤᠯᠤᠭᠴᠢ᠄ ᠣᠶᠤᠨᠴᠡᠴᠡᠭ            ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ            ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ