ᠣᠲᠤᠭ ᠬᠤᠰᠢᠭᠤ᠄ ︽ᠤᠯᠠᠭᠠᠨ ᠠᠨᠠᠷ ᠤᠬᠠᠭᠤᠯᠭ᠎ᠠ ᠬᠥᠮᠦᠵᠢᠯ ᠤᠨ ᠪᠠᠶᠠᠴᠢᠯᠡᠨ ᠤᠶᠢᠯᠠᠭᠠᠬᠤ ᠱᠤᠭᠤᠮ︾ ᠢ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠪᠦᠲᠦᠮᠵᠢᠲᠡᠶ ᠪᠠᠳᠤᠳᠬᠠᠬᠪᠠ
ᠨᠡᠶᠢᠲᠡᠯᠡᠭᠰᠡᠨ ᠴᠠᠭ᠄
2023/5/29
      ᠣᠶᠢᠷ᠎ᠠ ᠶᠢᠨ ᠵᠢᠯ ᠳᠤ᠂ ᠣᠲᠤᠭ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ  ᠪᠠᠳᠤᠳᠬᠠᠬᠤ ᠪᠠᠷ ᠭᠤᠤᠯ ᠱᠤᠭᠤᠮ ᠪᠣᠯᠭᠠᠵᠤ᠂ ︽ᠰᠣᠶᠣᠯ + ᠰᠢᠨ᠎ᠡ ᠶᠢ ᠡᠭᠦᠳᠬᠦ︾ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠰᠣᠶᠣᠯ ᠵᠢᠭᠤᠯᠴᠢᠯᠠᠯ᠂ ᠬᠤᠪᠢᠰᠬᠠᠯᠲᠤ ᠰᠤᠷᠭᠠᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠢᠯᠢᠳᠡᠭ ᠡᠬᠢ ᠪᠠᠶᠠᠯᠢᠭ ᠤᠨ ᠲᠣᠭᠤᠷᠢᠨ ᠳᠤ᠂ ᠪᠥᠬᠦ ᠬᠤᠰᠢᠭᠤ ᠶᠢ ᠬᠠᠮᠤᠷᠤᠭᠰᠠᠨ ︽ᠤᠯᠠᠭᠠᠨ ᠠᠨᠠᠷ ᠤᠬᠠᠭᠤᠯᠭ᠎ᠠ ᠬᠥᠮᠦᠵᠢᠯ ᠤᠨ ᠪᠡᠶᠡᠴᠢᠯᠡᠨ ᠣᠶᠢᠯᠠᠭᠠᠬᠤ ᠱᠤᠭᠤᠮ︾ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠠᠭᠤᠰᠤᠯᠴᠠᠯ ᠤᠨ ᠨᠥᠯᠥᠭᠡᠯᠡᠯ ᠢ ᠲᠠᠰᠤᠷᠠᠯᠲᠠ ᠥᠬᠡᠶ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠨ᠎ᠡ ᠬᠡᠪ ᠵᠠᠭᠪᠤᠷ ᠢ ᠪᠤᠢ ᠪᠣᠯᠭᠠᠪᠠ᠃      ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠣᠳᠣᠨ ᠵᠠᠮ ᠱᠤᠭᠤᠮ ᠲᠠᠢ ᠬᠤᠯᠪᠣᠭᠳᠠᠭᠤᠯᠬᠤ ᠶᠢ ᠠᠬᠢᠭᠤᠯᠪᠠ       ᠣᠲᠤᠭ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠥᠬᠦ ᠬᠤᠰᠢᠭᠤᠨ ᠤ 6 ᠰᠤᠮᠤ ᠪᠠᠯᠭᠠᠰᠤ ᠶᠢ ᠵᠢᠯᠣᠭᠤᠳᠤᠨ ᠲᠣᠰ ᠪᠡᠶ᠎ᠡ  ᠶᠢᠨ ᠡᠬᠢ ᠪᠠᠶᠠᠯᠢᠭ ᠪᠠ ᠣᠨᠴᠠᠯᠢᠭ ᠢᠶᠠᠨ ᠪᠠᠳᠠᠷᠠᠭᠤᠯᠵᠤ᠂ ᠤᠯᠠᠭᠠᠨ ᠠᠨᠠᠷ ᠭᠤᠤᠯ ᠰᠡᠳᠦᠪᠲᠦ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠣᠭᠤᠷᠢᠮ ᠪᠠᠭ᠎ᠠ ᠰᠤᠷᠭᠠᠭᠤᠯᠢ᠂ ᠲᠣᠭᠤᠷᠢᠮ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ  ᠤᠨ ᠰᠠᠭᠤᠷᠢᠨ ᠭᠠᠵᠠᠷ᠂ ᠣᠲᠤᠭ ᠤᠨ ᠮᠦᠽᠧᠶ ᠶᠢᠨ ᠴᠤᠭᠯᠠᠷᠠᠯ᠂ ᠬᠥᠬᠡ ᠬᠠᠮᠳᠤᠯᠢᠭ᠂ ᠬᠤᠰᠢᠭᠤᠨ ᠤ ᠲᠠᠰ ᠤᠨ ᠨᠢᠭᠡᠳᠦᠮᠡᠯ ᠹᠷᠣᠨᠲ ᠤᠨ ᠬᠡᠷ ᠪᠦᠯᠢ ᠵᠡᠷᠭᠡ ᠪᠠᠷ ᠭᠤᠤᠯ ᠵᠢᠭᠰᠠᠭᠠᠯ ᠤᠨ ᠭᠠᠵᠠᠷ ᠪᠣᠯᠭᠠᠵᠤ᠂ ᠬᠤᠰᠢᠭᠤᠨ ᠤ ᠳᠣᠲᠣᠷᠠᠬᠢ ᠦᠨᠳᠦᠰᠦᠲᠡᠨ ᠨᠦᠭᠦᠳ ᠤᠨ ᠤᠨᠴᠠᠯᠢᠭᠳᠤ ᠵᠢᠭᠰᠠᠭᠠᠯ ᠤᠨ ᠭᠠᠵᠠᠷ ᠤᠨ ᠰᠢᠯᠢᠳᠡᠭ ᠡᠬᠢ ᠪᠠᠶᠠᠯᠢᠭ ᠢ ᠬᠤᠯᠪᠣᠭᠳᠠᠭᠤᠯᠬᠤ ᠶᠢ ᠳᠠᠮᠵᠢᠭᠤᠯᠵᠤ᠂ ︽ᠤᠯᠠᠭᠠᠨ ᠠᠨᠠᠷ ᠤᠬᠠᠭᠤᠯᠭ᠎ᠠ ᠬᠥᠮᠦᠵᠢᠯ ᠤᠨ ᠪᠡᠶᠡᠴᠢᠯᠡᠨ ᠣᠶᠢᠯᠠᠭᠠᠬᠤ ᠱᠤᠭᠤᠮ︾ ᠢ ᠪᠠᠶᠢᠭᠤᠯᠵᠤ᠂ ᠪᠡᠶᠡᠴᠢᠯᠡᠨ ᠣᠶᠢᠯᠠᠭᠠᠬᠤ ᠱᠤᠭᠤᠮ 1᠂ ᠭᠤᠣᠯ ᠰᠡᠳᠦᠪᠲᠦ ᠬᠥᠮᠦᠵᠢᠯ ᠤᠨ ᠵᠢᠭᠰᠠᠭᠠᠯ ᠤᠨ ᠭᠠᠵᠠᠷ 6᠂ N ᠣᠨᠴᠠᠯᠢᠭ ᠲᠠᠢ ︽1 + 6 + N︾ ᠪᠠᠶᠢᠷᠢᠯᠠᠯ ᠪᠦᠬᠦᠢ ᠦᠨᠳᠦᠰᠦᠲᠡᠨ ᠤ ᠠᠵᠢᠯ ᠤᠨ ᠰᠦᠯᠵᠢᠶᠡᠨ ᠤ ᠰᠢᠰᠲ᠋ᠧᠮ ᠢ  ᠪᠠᠶᠢᠭᠤᠯᠪᠠ᠃      ᠰᠣᠶᠣᠯ ᠤᠨ ᠡᠯᠧᠮᠧᠨ᠋ᠲ ᠢ ᠭᠦᠨ ᠠᠭᠤᠳᠠᠯᠵᠤ ᠦᠨᠳᠦᠰᠦᠲᠡᠨ ᠤ ᠰᠠᠭᠤᠷᠢ ᠶᠢ ᠪᠠᠬᠢᠵᠢᠬᠦᠯᠪᠡ        ᠪᠥᠬᠦ ᠬᠤᠰᠢᠭᠤᠨ ᠤ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠤᠨ ᠠᠭᠤᠯᠬᠤᠨ ᠲᠠᠢ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠡᠯ᠎ᠡ ᠰᠠᠭᠤᠷᠢᠨ ᠭᠠᠵᠠᠷ ᠤᠨ ᠦᠨᠳᠦᠰᠦᠲᠡᠨ ᠤ ᠪᠦᠯᠬᠦᠮᠳᠡᠯ ᠤᠨ ᠲᠡᠦᠬᠡ ᠰᠣᠶᠣᠯ ᠢ ᠠᠭᠤᠳᠠᠯᠤᠨ ᠰᠤᠳᠤᠯᠬᠤ ᠶᠢ ᠬᠦᠴᠦᠯᠡᠨ ᠴᠢᠩᠭᠠᠳᠬᠠᠪᠠ᠃ ᠲᠣᠭᠤᠷᠢᠮ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠵᠡᠷᠭᠡ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠳᠠᠮᠵᠢᠭᠤᠯᠵᠤ ᠦᠨᠳᠦᠰᠦᠲᠡᠨ ᠨᠦᠭᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠠᠶᠢᠰᠤᠨ ᠲᠠᠢ ᠡᠷᠡᠯᠬᠡᠭᠯᠡᠨ ᠲᠡᠮᠡᠴᠡᠭᠰᠡᠨ ᠲᠡᠮᠡᠴᠡᠯ ᠤᠨ ᠵᠣᠷᠢᠭ ᠢ ᠢᠯᠡᠷᠡᠭᠦᠯᠪᠡ︔ ᠬᠥᠬᠡ ᠬᠠᠮᠲᠤᠯᠢᠭ ᠢᠶᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠰᠠᠶᠢᠨ ᠰᠠᠶᠢᠬᠠᠨ ᠰᠢᠨ᠎ᠡ ᠠᠮᠢᠳᠤᠷᠠᠯ ᠢᠶᠠᠨ ᠳᠠᠭᠤᠯᠠᠭᠰᠠᠨ ᠰᠢᠨ᠎ᠡ ᠠᠷᠭ᠎ᠠ ᠬᠡᠯᠪᠡᠷᠢ ᠶᠢ ᠢᠯᠡᠷᠡᠬᠦᠯᠪᠡ︔ ᠣᠲᠤᠭ ᠬᠤᠰᠢᠭᠤᠨ ᠤ ᠮᠦᠽᠧᠶ ᠪᠠᠷ ᠳᠠᠮᠵᠢᠭᠤᠯᠤᠨ ᠤᠳᠤᠭ ᠬᠤᠰᠢᠭᠤᠨ ᠤ ᠥᠨᠢ ᠤᠳᠠᠭᠠᠨ ᠲᠡᠦᠬᠡ ᠰᠣᠶᠣᠯ ᠤᠨ ᠡᠬᠢ ᠪᠠᠶᠠᠯᠢᠭ ᠢ ᠳᠠᠬᠢᠨ ᠢᠯᠡᠷᠡᠭᠦᠯᠪᠡ︔ ︽ᠲᠠᠪᠤᠨ ᠨᠢᠭᠡ︾ ᠶᠢᠨ ᠠᠵᠢᠯᠯᠠᠭ᠎ᠠ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠶᠢᠷ᠎ᠠ ᠰᠡᠳᠬᠢᠯᠭᠡ ᠶᠢ  ᠨᠢᠬᠳᠠᠷᠠᠭᠤᠯᠪᠠ᠃      ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠵᠤ ᠦᠨᠳᠦᠰᠦᠲᠡᠨ ᠤ ᠦᠯᠢᠭᠡᠷ ᠢ ᠰᠠᠶᠢᠲᠤᠷ ᠶᠠᠷᠢᠪᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠠᠶᠢᠭᠤᠯᠵᠤ᠂ 7 ᠤᠬᠠᠭᠤᠯᠤᠨ ᠲᠠᠶᠢᠯᠪᠤᠷᠢᠯᠠᠬᠤ ᠳᠤᠭᠤᠶᠢᠯᠠᠩ ᠢ ᠠᠰᠢᠭᠯᠠᠨ ᠨᠠᠮ ᠤᠨ ᠦᠨᠳᠦᠰᠦᠲᠡᠨ ᠤ ᠴᠢᠭᠯᠡᠯᠲᠡ ᠲᠦᠷᠦ ᠶᠢᠨ ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠬᠠᠪᠰᠤᠷᠤᠨ ᠵᠢᠯᠣᠭᠤᠳᠣᠯᠭ᠎ᠠ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠲᠦᠷᠦ ᠶᠢᠨ ᠪᠤᠳᠤᠯᠭ᠎ᠠ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠵᠡᠷᠭᠡ ᠭᠤᠣᠯ ᠰᠡᠳᠦᠪ ᠤᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃ ᠦᠨᠳᠦᠰᠦᠲᠡᠨ ᠤ ᠪᠦᠯᠬᠦᠮᠳᠡᠯ ᠤᠨ ᠲᠤᠬᠠᠶ ᠠᠭᠤᠯᠭ᠎ᠠ ᠶᠢ ᠰᠠᠶᠢᠲᠤᠷ ᠶᠠᠷᠢᠬᠤ ᠪᠠᠷ ᠳᠠᠮᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠰᠠᠬᠢᠨ ᠪᠡᠷᠡᠯᠡᠵᠦ ᠬᠠᠷᠢᠯᠴᠠᠨ ᠲᠦᠰᠢᠯᠴᠡᠬᠦ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠮᠡᠲᠦ ᠳᠣᠲᠣᠨᠣ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃ ᠣᠳᠣᠬᠠᠨ ᠳᠤ᠂ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠨᠡᠶᠢᠲᠡ 47 ᠲᠠᠯᠠᠪᠤᠷ ᠥᠷᠨᠢᠭᠦᠯᠵᠦ᠂ 24000 ᠬᠥᠮᠦᠨ ᠤᠳᠠᠭ᠎ᠠ ᠳᠤ ᠬᠦᠷᠴᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠲᠦᠮᠵᠢᠲᠡᠶ ᠠᠬᠢᠭᠤᠯᠪᠠ᠃      ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠪᠠ      ᠨᠠᠮ ᠵᠠᠰᠠᠭ ᠤᠨ ᠪᠠᠶᠢᠭᠤᠯᠭ᠎ᠠ᠂ ᠳᠤᠮᠳᠠᠳᠤ ᠪᠠᠭ᠎ᠠ ᠰᠤᠷᠭᠠᠭᠤᠯᠢ᠂ ᠳᠡᠭᠡᠳᠦ ᠰᠤᠷᠭᠠᠭᠤᠯᠢ᠂ ᠤᠯᠤᠰ ᠤᠨ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠢ ᠬᠠᠮᠲᠤᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠨᠠᠷᠢᠨ ᠨᠢᠮᠪᠠᠶ ᠪᠠᠶᠢᠭᠤᠯᠬᠤ ᠪᠠ ᠴᠢᠷᠮᠠᠶᠢᠨ ᠡᠭᠦᠳᠴᠦ᠂ ᠭᠡᠰᠢᠭᠦᠨ ᠨᠢᠭᠡᠴᠢ ᠶᠢᠨ ᠳᠠᠪᠠᠭᠤᠯᠢᠭ ᠣᠨᠴᠠᠯᠢᠭ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠤᠨ ᠵᠢᠱᠢᠶ᠎ᠡ ᠦᠵᠡᠭᠦᠯᠬᠦ ᠴᠤᠩᠬᠤᠪᠴᠢ ᠶᠢ ᠴᠢᠷᠮᠠᠶᠢᠨ ᠪᠠᠶᠢᠭᠤᠯᠪᠠ᠃ ᠡᠭᠦᠨ ᠤ ᠬᠠᠮᠲᠤ᠂ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠲᠤ ᠪᠠᠨ ᠲᠦᠰᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠲᠡᠷᠢᠭᠦᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠪᠠ ᠦᠶᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ᠂ ᠠᠳᠠᠯ ᠦᠶᠯᠡᠰ ᠴᠣᠭᠴᠠᠯᠠᠭᠰᠠᠳ᠂ ᠪᠠᠶᠢᠭᠤᠯᠭ᠎ᠠ ᠨᠢᠭᠡᠴᠢ ᠬᠠᠮᠳᠤᠷᠠᠨ‌‍ᠰᠤᠷᠪᠤᠯᠵᠢᠯᠠᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠣᠳᠣᠬᠠᠨ ᠳᠤ᠂ ᠪᠥᠬᠦ ᠬᠤᠰᠢᠭᠤᠨ ᠳᠤ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ  ᠨᠢᠭᠡᠴᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ  ᠨᠢᠭᠡᠴᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠲᠡᠯᠢᠭ  ᠵᠢᠱᠢᠶᠠᠴᠢ 3 ᠪᠣᠶ᠃                ᠣᠷᠴᠢᠭᠤᠯᠤᠭᠴᠢ᠄ ᠴᠣᠭᠵᠢᠯᠮ᠎ᠠ          ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ          ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠣᠲᠤᠭ ᠬᠤᠰᠢᠭᠤᠨ ᠤ ᠨᠢᠭᠡᠳᠦᠮᠡᠯ ᠹᠷᠣᠨᠲ ᠤᠨ ᠭᠡᠯᠳᠡᠰ