︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ︾᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/5/29
      5 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠶ ᠥᠭᠦᠯᠡᠯᠲᠡ ᠶᠢᠨ ᠲᠡᠭᠦᠪᠦᠷᠢ︾᠂ ︽ᠰᠢ  ᠶᠢᠨ ᠫᠢᠩ ᠤᠨ ᠵᠣᠬᠢᠶᠠᠯ ᠪᠦᠳᠦᠭᠡᠯ ᠤᠨ ᠲᠡᠭᠦᠪᠦᠷᠢ︾ ᠶᠢᠨ ᠬᠤᠶᠠᠳᠤᠭᠠᠷ ᠪᠣᠲᠢ ᠶᠢᠨ ᠬᠠᠮᠢᠶ᠎ᠠ ᠪᠥᠬᠦᠶ ᠵᠣᠬᠢᠶᠠᠯ ᠢ ᠲᠥᠪᠯᠡᠷᠡᠭᠦᠯᠦᠨ ᠰᠤᠷᠤᠯᠴᠠᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠤᠰᠬᠠᠶ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠵᠦ᠂ ᠦᠨᠳᠦᠰᠦᠲᠡᠨ ᠤ ᠠᠵᠢᠯ ᠤᠨ ᠬᠠᠮᠢᠶ᠎ᠠ ᠪᠥᠬᠦᠶ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠬᠠᠮᠳᠤ ᠳᠤ ᠨᠢ ᠰᠤᠷᠤᠯᠴᠠᠪᠠ᠃      ᠬᠤᠷᠠᠯ ᠠᠴᠠ᠂ ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠠᠵᠢᠯᠯᠠᠭ᠎ᠠ ᠪᠣᠯ ᠪᠦᠬᠦ ᠨᠠᠮ ᠤᠨ ᠦᠵᠡᠯ ᠰᠠᠨᠠᠭ᠎ᠠ ᠵᠣᠷᠢᠭ ᠰᠠᠨᠠᠭ᠎ᠠ ᠶᠢ ᠨᠢᠭᠡᠳᠬᠡᠬᠦ᠂ ᠨᠠᠮ ᠤᠨ ᠬᠦᠴᠦᠷᠬᠡᠭ ᠶᠡᠭᠡ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠢᠮᠠᠭᠲᠠ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠦᠬᠦ ᠨᠠᠮ ᠤᠨ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠪᠠᠷ ᠨᠡᠶᠢᠭᠡᠮ ᠤᠨ ᠬᠤᠪᠢᠰᠬᠠᠯ ᠢ ᠬᠦᠲᠦᠯᠦᠨ ᠳᠠᠭᠠᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠪᠦᠬᠦ ᠨᠠᠮ ᠤᠨ ᠭᠡᠰᠢᠭᠦᠨ ᠺᠠᠳ᠋ᠷ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠭᠤᠤᠯ ᠰᠡᠳᠦᠪᠲᠦ ᠬᠥᠮᠦᠵᠢᠯ ᠤᠨ ᠡᠯ᠎ᠡ ᠲᠥᠷᠥᠯ ᠤᠨ ᠠᠵᠢᠯ ᠤᠨ ᠱᠠᠭᠠᠷᠳᠠᠯᠭ᠎ᠠ ᠶᠢ ᠰᠠᠶᠢᠲᠤᠷ ᠲᠤᠭᠤᠰᠢᠯᠠᠭᠤᠯᠵᠤ᠂ ᠭᠤᠤᠯᠳᠠᠯᠭ᠎ᠠ  ᠶᠢᠨ ᠲᠣᠭᠤᠷᠢᠨ ᠳᠤ ᠶᠡᠭᠡ ᠲᠠᠯ᠎ᠠ ᠳᠤ ᠦᠶᠯᠡᠴᠢᠯᠡᠬᠦ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠨᠡᠪᠲᠡᠷᠡᠯᠴᠡᠭᠦᠯᠵᠦ᠂ ᠨᠢᠭᠡ ᠴᠤᠬᠴᠠᠵᠢᠭᠤᠯᠤᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠲᠥᠷᠥᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠨᠠᠮ ᠤᠨ ᠭᠡᠰᠢᠬᠦᠳ ᠺᠠᠳ᠋ᠷᠴᠤᠳ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ  ᠬᠤᠪᠢᠷᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠳᠤᠳᠬᠠᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠡᠴᠡᠭᠯᠡᠯ ᠬᠥᠭᠵᠢᠯ ᠢ ᠪᠦᠬᠦ ᠲᠠᠯ᠎ᠠ ᠪᠠᠷ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠭᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠤᠳᠤᠯᠤᠯ ᠬᠡᠷᠡᠭᠯᠡᠭᠡᠨ ᠤ ᠲᠥᠪ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠪᠠᠶᠢᠴᠠᠭᠠᠨ ᠰᠤᠳᠤᠯᠤᠯᠲᠠ ᠬᠢᠬᠦ ᠳᠤ ᠪᠠᠨ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠢᠯᠤᠭᠤᠳᠤᠭᠤᠯᠵᠦ᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠪᠠᠷ ᠰᠡᠳᠬᠢᠨ ᠪᠣᠳᠣᠵᠤ᠂ ᠰᠢᠨ᠎ᠡ ᠪᠠᠶᠢᠳᠠᠯ ᠢ ᠲᠠᠰᠤᠷᠠᠯᠲᠠ ᠥᠬᠡᠶ ᠰᠤᠳᠤᠯᠤᠨ ᠰᠢᠨ᠎ᠡ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠲᠤᠷᠰᠢᠯᠭ᠎ᠠ ᠶᠢ ᠳ᠋ᠦᠩᠨᠡᠨ ᠰᠢᠨ᠎ᠡ ᠵᠢᠮ᠎ᠡ ᠶᠣᠰᠣ ᠶᠢ ᠰᠦᠪᠡᠭᠴᠢᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ᠬᠠᠮᠤᠭ  ᠤᠨ ᠬᠦᠴᠦᠷᠬᠡᠭ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠴᠡᠭ︾᠂ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠠᠶᠢᠳᠠ︾ ᠶᠢᠨ ᠵᠢᠱᠢᠶᠡᠴᠢ ᠳᠠᠭᠠᠭᠤᠯᠤᠭᠴᠢ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ︽ᠠᠨᠠᠷ ᠤᠨ ᠬᠡᠯᠬᠢᠶ᠎ᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠬᠥᠭ ᠠᠶᠠᠰ ᠢ ᠬᠠᠩᠭᠢᠨᠠᠭᠤᠯᠬᠤ︾ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠣᠨᠴᠠᠯᠢᠭ ᠪᠥᠬᠦᠶ  ᠨᠡᠶᠢᠳᠡᠯᠢᠭ ᠬᠡᠷᠡᠭ ᠤᠨ ᠵᠢᠱᠢᠶ᠎ᠡ ᠶᠢᠨ ᠨᠥᠯᠥᠭᠡᠯᠡᠬᠦ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠳᠤᠮᠳᠠ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠣᠯᠵᠣ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠰᠤᠳᠤᠯᠤᠯ ᠬᠡᠷᠡᠭᠯᠡᠭᠡᠨ ᠤ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠮᠦᠨᠡᠬᠢ ᠬᠤᠭᠤᠴᠠᠭᠠᠨ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠪᠢ ᠬᠥᠮᠦᠨ ᠤ ᠭᠡᠷ ᠲᠤ ᠬᠦᠷᠴᠦ᠂ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠱᠠᠩᠳᠠ ᠭᠠᠴᠠᠭᠠᠨ ᠤ ︽ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ︾ ᠡᠷᠳᠡᠨᠢᠳᠠᠯᠠᠢ ᠶᠢᠨ ᠬᠡᠷ ᠲᠤ ᠬᠦᠷᠴᠦ᠂ ᠲᠡᠳᠡᠨ ᠤ ᠬᠢᠯᠢ ᠬᠢᠵᠠᠭᠠᠷ ᠪᠣᠶᠢᠳᠠ ᠪᠥᠭᠯᠡᠭᠦᠦ ᠭᠠᠵᠠᠷ ᠣᠷᠣᠨ ᠳᠤ ᠪᠠᠶᠢᠷᠢᠰᠢᠵᠤ᠂ ᠵᠠᠮ ᠬᠠᠷᠢᠯᠴᠠᠭ᠎ᠠ ᠲᠦᠬᠦᠮ ᠦᠭᠡᠢ ᠵᠡᠷᠭᠡ ᠠᠴᠠ ᠪᠣᠯᠵᠤ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠲᠡᠷᠢᠭᠦᠨ ᠤ ᠪᠠᠶᠠᠵᠢᠯ ᠤᠨ ᠲᠤᠷᠰᠢᠯᠭ᠎ᠠ ᠶᠢ ᠤᠬᠠᠭᠤᠯᠬᠤ ᠳᠤ ᠮᠠᠰᠢ ᠳᠥᠭᠦᠮ ᠦᠭᠡᠢ ᠪᠠᠶᠢᠬᠤ ᠪᠣᠳᠠᠲᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠬᠠᠪᠰᠤᠷᠬᠤ ᠪᠠᠷ ᠲᠣᠭᠲᠠᠵᠤ᠂ ︽ᠠᠨᠠᠷ ᠤᠨ ᠬᠡᠯᠬᠢᠶ᠎ᠡ — ᠲᠦᠷᠦ ᠶᠢᠨ ᠪᠤᠳᠤᠯᠭ᠎ᠠ ᠬᠦᠷᠭᠡᠬᠦ᠂ ᠮᠡᠷᠭᠡᠵᠢᠯ ᠬᠦᠷᠭᠡᠬᠦ᠂ ᠦᠶᠯᠡᠴᠢᠯᠡᠭᠡ ᠬᠦᠷᠭᠡᠬᠦ︾ ᠠᠵᠢᠯᠯᠠᠭ᠎ᠠ ᠲᠠᠢ ᠤᠶᠠᠯᠳᠤᠭᠤᠯᠵᠦ᠂ ᠡᠷᠳᠡᠨᠢᠳᠠᠯᠠᠢ ᠶᠢᠨ ᠬᠡᠷ ᠲᠤ ︽ᠰᠢᠭᠤᠳ ᠨᠡᠪᠲᠡᠷᠡᠭᠦᠯᠭᠡ ᠶᠢᠨ ᠲᠠᠰᠤᠭ︾ ᠪᠠᠶᠢᠭᠤᠯᠬᠤ ᠠᠵᠢᠯ  ᠤᠨ ᠲᠣᠬᠢᠷᠠᠭᠤᠯᠤᠯᠲᠠ ᠬᠢᠪᠠ᠃             ᠣᠷᠴᠢᠭᠤᠯᠤᠭᠴᠢ᠄ ᠴᠣᠭᠵᠢᠯᠮ᠎ᠠ           ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ           ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ